ᠮᠠᠨ ᠤ ᠬᠤᠲᠠ ᠣᠯᠠᠨ ᠵᠦᠢᠯ ᠤᠨ ᠠᠷᠭ᠎ᠠ ᠬᠡᠮᠵᠢᠶ᠎ᠡ ᠠᠪᠴᠤ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠰᠢᠨ᠎ᠡ ᠰᠢᠪᠲᠤᠯᠤᠯᠲᠠ ᠶᠢ ᠠᠬᠢᠭᠤᠯᠵᠤ ᠪᠠᠶᠢᠨ᠎ᠠ
ᠨᠡᠶᠢᠲᠡᠯᠡᠭᠰᠡᠨ ᠴᠠᠭ᠄
2023/9/11
      ︵ᠰᠤᠷᠪᠤᠯᠵᠢᠯᠠᠭᠴᠢ ᠶᠦᠨ ᠶᠠᠨ ᠹᠠᠩ︶ ᠡᠨᠡ ᠵᠢᠯ ᠤᠨ ᠲᠤᠷᠰᠢ᠂ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠣᠰᠣᠭᠠᠷ᠂ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠴᠢᠨᠠᠷ ᠰᠠᠶᠢᠲᠠᠢ ᠬᠥᠭᠵᠢᠯᠲᠡ ᠶᠢᠨ ᠡᠨᠡ ᠬᠦ ᠲᠡᠷᠢᠭᠦᠨ ᠴᠢᠬᠤᠯᠠ ᠡᠭᠦᠷᠭᠡ ᠶᠢᠨ ᠲᠣᠭᠤᠷᠢᠨ ᠳᠤ᠂ ︽ᠣᠷᠣᠨ ᠤ ᠲᠥᠪ ᠢ ᠬᠦᠴᠦᠷᠬᠡᠭᠵᠢᠭᠦᠯᠬᠦ︾ ︽ᠳᠣᠲᠣᠭᠠᠳᠤ ᠬᠡᠷᠡᠭᠴᠡᠭᠡ ᠶᠢ ᠥᠷᠭᠡᠳᠬᠡᠬᠦ︾ ︽ᠴᠢᠳᠠᠪᠤᠷᠢ ᠶᠢᠨ ᠲᠠᠰ ᠢ ᠳᠡᠭᠡᠭᠰᠢᠯᠡᠭᠦᠯᠬᠦ︾ ᠳᠤ ᠠᠩᠬᠠᠷᠤᠯ ᠢᠶᠠᠨ ᠲᠥᠪᠯᠡᠷᠡᠭᠦᠯᠵᠦ᠂ ᠠᠵᠤ ᠦᠢᠯᠡᠰ ᠢ ᠬᠥᠭᠵᠢᠭᠦᠯᠬᠦ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ᠂ ᠰᠠᠭᠤᠷᠢ ᠲᠥᠬᠦᠭᠡᠷᠦᠮᠵᠢ ᠵᠡᠷᠭᠡ ᠭᠤᠷᠪᠠᠨ ᠶᠡᠭᠡ ᠬᠦᠷᠢᠶᠡᠨ ᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ ᠂ ᠬᠢᠨᠠᠨ ᠵᠥᠪᠰᠢᠶᠡᠷᠡᠬᠦ ᠳᠠᠷᠠᠭᠠᠯᠠᠯ ᠤᠨ ᠰᠢᠨ᠎ᠡ ᠶᠢ ᠡᠭᠦᠳᠬᠦ᠂ ᠨᠠᠷᠢᠯᠢᠭ ᠲᠣᠬᠢᠷᠠᠭᠤᠯᠤᠨ ᠬᠠᠮᠢᠶᠠᠷᠬᠤ᠂ ᠦᠢᠯᠡᠴᠢᠯᠡᠭᠡᠨ ᠤ ᠪᠠᠲᠤᠯᠠᠭ᠎ᠠ ᠶᠢ ᠲᠡᠭᠦᠯᠳᠡᠷᠵᠢᠭᠦᠯᠬᠦ ᠪᠠᠷ ᠳᠠᠮᠵᠢᠭᠤᠯᠤᠨ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠨᠠᠶᠢᠳᠠᠪᠤᠷᠢᠵᠢᠭᠤᠯᠤᠯᠲᠠ ᠶᠢ ᠲᠦᠷᠭᠡᠳᠬᠡᠪᠡ᠃      ᠬᠢᠨᠠᠨ ᠵᠥᠪᠰᠢᠶᠡᠷᠡᠬᠦ ᠳᠠᠷᠠᠭᠠᠯᠠᠯ ᠤᠨ ᠲᠠᠯ᠎ᠠ ᠪᠠᠷ ︽ᠰᠢᠨ᠎ᠡ ᠠᠷᠭ᠎ᠠ ᠨᠡᠮᠡᠪᠡ︾᠃ ︽ᠲᠠᠪᠤ ᠶᠢ ᠲᠤᠶᠢᠯᠪᠤᠷᠢᠲᠠᠢ ᠪᠠᠶᠢᠴᠠᠭᠠᠬᠤ︾ ᠠᠵᠢᠯᠯᠠᠭ᠎ᠠ ᠶᠢᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠶᠢᠷᠡᠭᠦᠯᠦᠨ ᠠᠬᠢᠭᠤᠯᠬᠤ ᠶᠢᠨ ᠲᠥᠯᠥᠭᠡ᠂ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠠᠴᠠ ᠲᠠᠪᠤᠨ ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠲᠠᠢ ᠬᠠᠮᠲᠤᠷᠠᠨ ︽ᠭᠤᠣᠯᠳᠠᠯᠭ᠎ᠠ ᠲᠠᠢ ᠲᠥᠷᠥᠯ ᠵᠦᠢᠯ ᠢ ᠲᠦᠷᠭᠡᠨ ᠬᠢᠨᠠᠵᠤ ᠲᠦᠷᠭᠡᠨ ᠭᠦᠢᠴᠡᠳᠬᠡᠬᠦ ᠬᠤᠷᠢᠨ ᠵᠦᠢᠯ ᠤᠨ ᠠᠷᠭ᠎ᠠ ᠬᠡᠮᠵᠢᠶ᠎ᠡ︾ ᠶᠢ ᠲᠣᠭᠲᠠᠭᠠᠨ ᠨᠡᠶᠢᠲᠡᠯᠡᠵᠦ᠂ ᠴᠤᠪᠤᠷᠠᠯ ᠢ ᠴᠣᠮᠬᠠᠳᠬᠠᠬᠤ᠂ ᠳᠤᠲᠠᠭᠤ ᠶᠢ ᠪᠠᠭᠲᠠᠭᠠᠵᠤ ᠭᠦᠢᠴᠡᠳᠬᠡᠬᠦ᠂ ᠠᠮᠠᠯᠠᠯᠲᠠ ᠶᠢᠨ ᠳᠦᠷᠢᠮ ᠢᠶᠠᠷ ᠬᠢᠨᠠᠨ ᠵᠥᠪᠰᠢᠶᠡᠷᠡᠬᠦ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠭᠠᠷ ᠭᠦᠢᠴᠡᠳᠬᠡᠯ ᠢ ᠨᠠᠩ ᠳᠥᠭᠦᠮ ᠳᠥᠲᠡ ᠠᠰᠢᠭᠯᠠᠮᠵᠢ ᠲᠠᠢ ᠪᠣᠯᠭᠠᠵᠤ᠂ ᠲᠥᠷᠥᠯ ᠵᠦᠢᠯ ᠤᠨ ᠭᠠᠷ ᠭᠦᠢᠴᠡᠳᠬᠡᠯ ᠢ ᠭᠦᠢᠴᠡᠳᠬᠡᠵᠦ ᠳᠠᠭᠤᠰᠬᠠᠭᠰᠠᠨ ᠨᠣᠷᠮ᠎ᠠ᠂ ᠠᠵᠢᠯ ᠡᠬᠢᠯᠡᠭᠦᠯᠦᠭᠰᠡᠨ ᠪᠠ ᠰᠡᠷᠭᠦᠭᠡᠭᠰᠡᠨ ᠨᠣᠷᠮ᠎ᠠ ᠶᠢ ᠴᠥᠮ ᠥᠩᠭᠡᠷᠡᠭᠰᠡᠨ ᠵᠢᠯ ᠤᠨ ᠠᠳᠠᠯᠢ ᠬᠤᠭᠤᠴᠠᠭᠠᠨ ᠤ ᠬᠢᠷᠢ ᠲᠦᠪᠰᠢᠨ ᠠᠴᠠ ᠥᠨᠳᠥᠷ ᠪᠣᠯᠭᠠᠵᠠᠢ᠃ ᠣᠳᠣᠬᠠᠨ ᠳᠤ᠂ ᠮᠠᠨ ᠤ ᠬᠤᠲᠠ ᠶᠢᠨ ᠬᠡᠷᠡᠭᠵᠢᠭᠦᠯᠵᠦ ᠪᠠᠶᠢᠭ᠎ᠠ ᠴᠢᠬᠤᠯᠠ ᠶᠡᠭᠡ ᠲᠥᠷᠥᠯ ᠵᠦᠢᠯ ᠤᠨ ᠭᠠᠷᠳᠠᠮ ᠢ ᠭᠦᠢᠴᠡᠳᠬᠡᠵᠦ ᠳᠠᠭᠤᠰᠬᠠᠭᠰᠠᠨ ᠨᠣᠷᠮ᠎ᠠ 100% ᠬᠦᠷᠴᠦ᠂ ᠪᠥᠬᠦ ᠬᠤᠲᠠ ᠳᠤ ᠪᠠᠷᠢᠯᠭ᠎ᠠ ᠡᠬᠢᠯᠡᠭᠦᠯᠦᠨ ᠪᠦᠲᠦᠭᠡᠨ ᠪᠠᠶᠢᠭᠤᠯᠵᠤ ᠪᠠᠶᠢᠭ᠎ᠠ ᠭᠤᠣᠯᠳᠠᠯᠭ᠎ᠠ  ᠲᠠᠢ ᠲᠥᠷᠥᠯ ᠵᠦᠢᠯ 1065 ᠪᠤᠢ᠃      ᠲᠣᠬᠢᠷᠠᠭᠤᠯᠬᠤ ᠬᠠᠮᠢᠶᠠᠷᠤᠯᠲᠠ ᠳᠤ ︽ᠲᠠᠪᠴᠠᠩ ᠨᠡᠮᠡᠪᠡ︾᠃ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠭᠤᠣᠯᠳᠠᠯᠭ᠎ᠠ ᠲᠠᠢ ᠲᠥᠷᠥᠯ ᠵᠦᠢᠯ ᠤᠨ ᠣᠶᠤᠨᠴᠢ ᠲᠣᠬᠢᠷᠠᠭᠤᠯᠤᠯᠲᠠ ᠶᠢᠨ ᠬᠠᠮᠢᠶᠠᠷᠤᠯᠲᠠ ᠶᠢᠨ ᠲᠠᠪᠴᠠᠩ ᠢ ᠰᠢᠨᠡᠴᠢᠯᠡᠯᠲᠡ ᠲᠠᠢ ᠪᠦᠲᠦᠭᠡᠨ ᠪᠠᠶᠢᠭᠤᠯᠵᠤ᠂ ᠭᠠᠷᠳᠠᠮ ᠭᠦᠢᠴᠡᠳᠬᠡᠬᠦ᠂ ᠠᠵᠢᠯ ᠢᠶᠠᠨ ᠡᠬᠢᠯᠡᠭᠦᠯᠬᠦ᠂ ᠠᠵᠢᠯ ᠢᠶᠠᠨ ᠰᠡᠷᠭᠦᠭᠡᠬᠦ᠂ ᠪᠡᠯᠡ ᠣᠷᠣᠭᠤᠯᠤᠯᠲᠠ ᠶᠢ ᠪᠡᠶᠡᠯᠡᠭᠦᠯᠬᠦ᠂ ᠬᠥᠮᠥᠷᠭᠡ ᠳᠤ ᠣᠷᠣᠭᠤᠯᠵᠤ ᠪᠦᠷᠢᠳᠬᠡᠯ ᠳᠤ ᠣᠷᠣᠭᠤᠯᠬᠤ ᠵᠡᠷᠭᠡ ᠣᠯᠠᠨ ᠲᠠᠯ᠎ᠠ ᠠᠴᠠ ᠴᠢᠩᠭ᠎ᠠ ᠠᠩᠬᠠᠷᠴᠤ᠂ ᠲᠥᠷᠥᠯ ᠵᠦᠢᠯ ᠤᠨ ᠪᠥᠬᠦ ᠠᠮᠢ ᠨᠠᠰᠤᠨ ᠤ ᠦᠶᠡᠯᠡᠯ ᠤᠨ ᠬᠤᠭᠤᠴᠠᠭᠠᠨ ᠤ ᠬᠠᠮᠢᠶᠠᠷᠤᠯᠲᠠ ᠶᠢ ᠬᠡᠷᠡᠭᠵᠢᠭᠦᠯᠦᠨ᠂ ᠠᠦ᠋ᠲ᠋ᠣ᠋ ᠲᠣᠬᠢᠷᠠᠭᠤᠯᠤᠯᠲᠠ᠂ ᠪᠡᠯᠡ ᠣᠷᠣᠭᠤᠯᠤᠯᠲᠠ ᠶᠢᠨ ᠵᠠᠳᠠᠯᠤᠯᠲᠠ᠂ ᠬᠠᠷᠠᠭᠠᠨ ᠳᠠᠪᠲᠠᠮᠵᠢ ᠪᠠᠷ ᠬᠢᠨᠠᠨ ᠡᠵᠡᠮᠳᠡᠬᠦ᠂ ᠠᠦ᠋ᠲ᠋ᠣ᠋ ᠨᠡᠷ᠎ᠡ ᠵᠢᠭᠰᠠᠭᠠᠬᠤ ᠵᠡᠷᠭᠡ ᠴᠢᠳᠠᠮᠵᠢ ᠪᠠᠷ ᠳᠠᠮᠵᠢᠭᠤᠯᠤᠨ᠂ ᠲᠥᠷᠥᠯ ᠵᠦᠢᠯ ᠤᠨ ᠠᠬᠢᠴᠠ ᠶᠢ ᠦᠵᠡᠭᠳᠡᠬᠦ ᠪᠣᠯᠭᠠᠬᠤ᠂ ᠰᠤᠳᠤᠯᠤᠨ ᠮᠠᠭᠠᠳᠯᠠᠬᠤ ᠶᠢ ᠨᠠᠷᠢᠯᠢᠭ ᠣᠨᠣᠴᠠᠲᠠᠢ ᠪᠣᠯᠭᠠᠬᠤ᠂ ᠲᠣᠬᠢᠷᠠᠭᠤᠯᠤᠯᠲᠠ ᠶᠢ ᠣᠶᠤᠨᠴᠢᠯᠠᠬᠤ᠂ ︽ᠲᠣᠬᠢᠷᠠᠭᠤᠯᠤᠯᠲᠠ ᠪᠠᠷ ᠠᠬᠢᠭᠤᠯᠬᠤ︾ ᠶᠢ ᠪᠡᠶᠡᠯᠡᠭᠦᠯᠵᠦ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠬᠤᠷᠳᠤᠴᠠ ᠶᠢ ᠲᠠᠬᠢᠨᠳᠠ ᠲᠦᠷᠭᠡᠳᠬᠡᠪᠡ᠃ ᠣᠳᠣᠬᠠᠨ ᠳᠤ᠂ ᠠᠵᠢᠯ ᠡᠬᠢᠯᠡᠭᠦᠯᠦᠭᠰᠡᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠪᠡᠯᠡ ᠣᠷᠣᠭᠤᠯᠤᠯᠲᠠ ᠶᠢᠨ ᠠᠬᠢᠴᠠ ᠨᠢᠭᠡᠨᠲᠡ 75.2% ᠬᠦᠷᠴᠦ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠨᠢ ᠮᠠᠨ ᠤ ᠬᠤᠲᠠ ᠶᠢᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠲᠦᠷᠭᠡᠨ ᠢᠶᠠᠷ ᠨᠡᠮᠡᠭᠳᠡᠬᠦ ᠶᠢᠨ ︽ᠲᠣᠭᠲᠠᠪᠤᠷᠢᠵᠢᠭᠤᠯᠤᠭᠴᠢ︾ ᠪᠠ ︽ᠰᠠᠭᠤᠷᠢ ᠴᠢᠯᠠᠭᠤ︾ ᠪᠣᠯᠤᠭᠰᠠᠨ ᠪᠠᠶᠢᠨ᠎ᠠ᠃      ᠲᠥᠷᠥᠯ ᠵᠦᠢᠯ ᠤᠨ ᠠᠬᠢᠭᠤᠯᠤᠯᠲᠠ ᠳᠤ ︽ᠪᠠᠲᠤᠯᠠᠭ᠎ᠠ ᠨᠡᠮᠡᠪᠡ︾᠃ ᠤᠯᠤᠰ ᠤᠨ ᠭᠤᠣᠯᠳᠠᠯᠭ᠎ᠠ ᠲᠠᠢ ᠳᠡᠮᠵᠢᠬᠦ ᠬᠦᠷᠢᠶ᠎ᠡ ᠴᠠᠷᠠᠭ᠎ᠠ ᠳᠤ ᠴᠢᠭᠯᠡᠭᠦᠯᠦᠨ᠂ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠲᠥᠪ ᠤᠨ ᠲᠥᠰᠥᠪ ᠤᠨ ᠳᠣᠲᠣᠷᠠᠬᠢ ᠪᠡᠯᠡ ᠮᠥᠩᠭᠦ᠂ ᠥᠪᠡᠷᠲᠡᠭᠡᠨ ᠵᠠᠰᠠᠬᠤ ᠣᠷᠣᠨ ᠤ ᠲᠥᠰᠥᠪ ᠤᠨ ᠳᠣᠲᠣᠷᠠᠬᠢ ᠪᠡᠯᠡ ᠮᠥᠩᠭᠦ᠂ ᠣᠷᠣᠨ ᠨᠤᠲᠤᠭ ᠤᠨ ᠵᠠᠰᠠᠭ ᠤᠨ ᠣᠷᠳᠣᠨ ᠤ ᠲᠤᠰᠬᠠᠢ ᠵᠦᠢᠯ ᠤᠨ ᠥᠷᠢ ᠥᠭᠴᠡᠭᠡ ᠶᠢ ᠴᠢᠷᠮᠠᠶᠢᠨ ᠨᠠᠶᠢᠳᠠᠪᠤᠷᠢᠵᠢᠭᠤᠯᠬᠤ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠪᠡᠯᠡ ᠮᠥᠩᠭᠦ ᠶᠢᠨ ᠲᠥᠷᠥᠯ ᠵᠦᠢᠯ ᠢ ᠭᠤᠶᠤᠴᠢᠯᠠᠨ ᠮᠡᠳᠡᠭᠦᠯᠬᠦ ᠡᠷᠴᠢᠮ ᠢᠶᠠᠨ ᠴᠢᠩᠭᠠᠷᠠᠭᠤᠯᠤᠨ᠂ ᠤᠴᠢᠷ ᠶᠠᠪᠤᠳᠠᠯ ᠤᠨ ᠳᠤᠮᠳᠠᠬᠢ ᠪᠠ ᠤᠴᠢᠷ ᠶᠠᠪᠤᠳᠠᠯ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠶᠢ ᠰᠠᠶᠢᠲᠤᠷ ᠬᠢᠵᠦ᠂ ᠪᠡᠯᠡ ᠮᠥᠩᠭᠦ ᠶᠢᠨ ᠬᠡᠷᠡᠭᠯᠡᠯᠲᠡ ᠶᠢᠨ ᠦᠷ᠎ᠡ ᠠᠰᠢᠭ ᠢ ᠭᠦᠢᠴᠡᠳ ᠪᠠᠳᠠᠷᠠᠭᠤᠯᠤᠨ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠳᠤ ᠪᠠᠲᠤᠯᠠᠭ᠎ᠠ ᠨᠡᠮᠡᠪᠡ᠃ ᠣᠳᠣᠬᠠᠨ ᠳᠤ᠂ ᠲᠥᠪ ᠤᠨ ᠲᠥᠰᠥᠪ ᠤᠨ ᠳᠣᠲᠣᠷᠠᠬᠢ ᠪᠡᠯᠡ ᠮᠥᠩᠭᠦ ᠶᠢ ᠨᠡᠶᠢᠳᠡ 6.5 ᠳ᠋ᠦᠩᠰᠢᠭᠤᠷ ᠲᠥᠭᠦᠷᠢᠭ ᠪᠠᠭᠤᠯᠭᠠᠵᠤ᠂ 52 ᠲᠥᠷᠥᠯ ᠵᠦᠢᠯ ᠢ ᠳᠡᠮᠵᠢᠪᠡ︔ ᠥᠪᠡᠷᠲᠡᠭᠡᠨ ᠵᠠᠰᠠᠬᠤ ᠣᠷᠣᠨ ᠤ ᠲᠥᠰᠥᠪ ᠤᠨ ᠳᠣᠲᠣᠷᠠᠬᠢ ᠪᠡᠯᠡ ᠮᠥᠩᠭᠦ ᠶᠢ 1.2 ᠳ᠋ᠦᠩᠰᠢᠭᠤᠷ ᠲᠥᠭᠦᠷᠢᠭ ᠪᠠᠭᠤᠯᠭᠠᠵᠤ᠂ 8 ᠲᠥᠷᠥᠯ ᠵᠦᠢᠯ ᠢ ᠳᠡᠮᠵᠢᠪᠡ︔ ᠣᠷᠣᠨ ᠨᠤᠲᠤᠭ ᠤᠨ ᠵᠠᠰᠠᠭ ᠤᠨ ᠣᠷᠳᠣᠨ ᠤ ᠲᠤᠰᠬᠠᠢ ᠵᠦᠢᠯ ᠤᠨ ᠵᠢᠭᠡᠯᠡᠯᠭᠡ ᠶᠢᠨ ᠵᠣᠭᠤᠰ ᠢ 22.59 ᠳ᠋ᠦᠩᠰᠢᠭᠤᠷ ᠲᠥᠭᠦᠷᠢᠭ ᠲᠠᠷᠬᠠᠭᠠᠵᠤ᠂ 29 ᠲᠥᠷᠥᠯ ᠵᠦᠢᠯ ᠢ ᠲᠡᠮᠵᠢᠪᠡ᠃
 
ᠢᠷᠡᠯᠲᠡ᠄ ᠬᠤᠲᠤᠩ ᠠᠷᠠᠳ ᠤᠨ ᠲᠣᠭᠤᠷᠢᠭ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号