︵ᠰᠤᠷᠪᠤᠯᠵᠢᠯᠠᠭᠴᠢ ᠶᠦᠨ ᠶᠠᠨ ᠹᠠᠩ︶ ᠣᠶᠢᠷ᠎ᠠ ᠶᠢᠨ ᠵᠢᠯ ᠤᠨ ᠲᠤᠷᠰᠢ᠂ ᠮᠠᠨ ᠤ ᠬᠤᠲᠠ ᠰᠤᠷᠭᠠᠨ | ᠬᠥᠮᠦᠵᠢᠯ ᠢ ᠤᠷᠢᠳᠠᠪᠠᠷ ᠬᠥᠭᠵᠢᠭᠦᠯᠬᠦ ᠶᠢ ᠴᠠᠭ ᠢᠮᠠᠭᠲᠠ ᠪᠠᠷᠢᠮᠲᠠᠯᠠᠵᠤ᠂ ᠰᠤᠷᠭᠠᠨ ᠬᠥᠮᠦᠵᠢᠯ ᠤᠨ ᠡᠬᠢ | ᠪᠠᠶᠠᠯᠢᠭ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠦᠨ᠂ ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ | ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠵᠡᠷᠭᠡ ᠶᠢᠨ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ | ᠪᠠᠶᠢᠭᠤᠯᠤᠯᠲᠠ ᠶᠢᠨ ᠠᠬᠢᠴᠠ ᠶᠢ ᠦᠷᠭᠦᠯᠵᠢᠯᠡᠨ ᠠᠬᠢᠭᠤᠯᠪᠠ᠃ | ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠠᠴᠠ ᠣᠶᠢᠯᠠᠭᠠᠭᠰᠠᠨ ᠢᠶᠠᠷ᠂ ᠡᠨᠡ ᠵᠢᠯ᠂ | ᠮᠠᠨ ᠤ ᠬᠤᠲᠠ 62 ᠰᠤᠷᠭᠠᠨ ᠬᠥᠮᠦᠵᠢᠯ ᠤᠨ ᠲᠥᠷᠥᠯ ᠵᠦᠢᠯ ᠢ ᠪᠥᠬᠦ ᠲᠠᠯ᠎ᠠ ᠪᠠᠷ ᠲᠦᠯᠬᠢᠨ ᠠᠬᠢᠭᠤᠯᠵᠤ᠂ | ᠶᠡᠷᠦᠩᠬᠡᠢ ᠪᠡᠯᠡ ᠣᠷᠣᠭᠤᠯᠤᠯᠲᠠ ᠨᠢ 161.23 ᠳ᠋ᠦᠩᠰᠢᠭᠤᠷ ᠲᠥᠭᠦᠷᠢᠭ ᠬᠦᠷᠴᠦ᠂ ᠵᠢᠯ ᠤᠨ ᠲᠦᠯᠦᠪᠯᠡᠭᠰᠡᠨ | ᠪᠡᠯᠡ ᠣᠷᠣᠭᠤᠯᠤᠯᠲᠠ ᠨᠢ 46.31 ᠳ᠋ᠦᠩᠰᠢᠭᠤᠷ ᠲᠥᠭᠦᠷᠢᠭ ᠬᠦᠷᠪᠡ᠃ 8 ᠳ᠋ᠤᠭᠠᠷ ᠰᠠᠷ᠎ᠠ ᠶᠢᠨ ᠡᠴᠦᠰ | ᠪᠣᠯᠲᠠᠯ᠎ᠠ ᠨᠢᠭᠡᠨᠲᠡ 27.53 ᠳ᠋ᠦᠩᠰᠢᠭᠤᠷ ᠲᠥᠭᠦᠷᠢᠭ ᠢ ᠪᠡᠶᠡᠯᠡᠭᠦᠯᠵᠡᠢ᠃ ᠡᠭᠦᠨ ᠳᠤ᠂ ᠬᠡᠦᠬᠡᠳ ᠤᠨ | ᠴᠡᠴᠡᠷᠯᠢᠭ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ 9᠂ ᠶᠡᠷᠦᠩᠬᠡᠢ ᠪᠡᠯᠡ ᠣᠷᠣᠭᠤᠯᠤᠯᠲᠠ 6.2 | ᠳ᠋ᠦᠩᠰᠢᠭᠤᠷ ᠲᠥᠭᠦᠷᠢᠭ︔ ᠪᠠᠭ᠎ᠠ ᠰᠤᠷᠭᠠᠭᠤᠯᠢ ᠶᠢᠨ ᠲᠥᠷᠥᠯ ᠵᠦᠢᠯ 14᠂ ᠶᠡᠷᠦᠩᠬᠡᠢ ᠪᠡᠯᠡ ᠣᠷᠣᠭᠤᠯᠤᠯᠲᠠ ᠨᠢ | 12.36 ᠳ᠋ᠦᠩᠰᠢᠭᠤᠷ ᠲᠥᠭᠦᠷᠢᠭ︔ ᠳᠤᠮᠳᠠᠳᠤ ᠰᠤᠷᠭᠠᠭᠤᠯᠢ ᠶᠢᠨ ᠲᠥᠷᠥᠯ ᠵᠦᠢᠯ 20᠂ ᠶᠡᠷᠦᠩᠬᠡᠢ ᠪᠡᠯᠡ | ᠣᠷᠣᠭᠤᠯᠤᠯᠲᠠ ᠨᠢ 44.16 ᠳ᠋ᠦᠩᠰᠢᠭᠤᠷ ᠲᠥᠭᠦᠷᠢᠭ︔ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ | ᠲᠥᠷᠥᠯ ᠵᠦᠢᠯ 5᠂ ᠶᠡᠷᠦᠩᠬᠡᠢ ᠪᠡᠯᠡ ᠣᠷᠣᠭᠤᠯᠤᠯᠲᠠ ᠨᠢ 46.84 ᠳ᠋ᠦᠩᠰᠢᠭᠤᠷ ᠲᠥᠭᠦᠷᠢᠭ︔ ᠪᠤᠰᠤᠳ | ᠰᠤᠷᠭᠠᠨ ᠬᠥᠮᠦᠵᠢᠯ ᠤᠨ ᠲᠥᠷᠥᠯ ᠵᠦᠢᠯ 14᠂ ᠶᠡᠷᠦᠩᠬᠡᠢ ᠪᠡᠯᠡ ᠣᠷᠣᠭᠤᠯᠤᠯᠲᠠ ᠨᠢ 51.67 ᠳ᠋ᠦᠩᠰᠢᠭᠤᠷ | ᠲᠥᠭᠦᠷᠢᠭ ᠪᠣᠯᠣᠨ᠎ᠠ᠃ | ᠭᠤᠣᠯᠳᠠᠯᠭ᠎ᠠ ᠲᠠᠢ ᠰᠤᠷᠭᠠᠨ ᠬᠥᠮᠦᠵᠢᠯ ᠤᠨ ᠲᠥᠷᠥᠯ ᠵᠦᠢᠯ ᠤᠨ ᠳᠣᠲᠣᠷ᠎ᠠ᠂ ᠬᠤᠲᠠ ᠶᠢᠨ ᠬᠤᠶᠠᠳᠤᠭᠠᠷ | ᠳᠤᠮᠳᠠᠳᠤ ᠰᠤᠷᠭᠠᠭᠤᠯᠢ ᠶᠢᠨ ᠴᠡᠯᠡᠭᠡᠷ ᠲᠠᠯ᠎ᠠ ᠬᠤᠪᠢᠶᠠᠷᠢ ᠰᠤᠷᠭᠠᠭᠤᠯᠢ ᠶᠢᠨ ᠲᠥᠷᠥᠯ ᠵᠦᠢᠯ ᠳᠤ 60 ᠪᠠᠷᠢᠮᠵᠢᠶ᠎ᠠ | ᠠᠩᠭᠢ ᠲᠥᠯᠥᠪᠯᠡᠵᠦ᠂ ᠰᠣᠷᠣᠭᠴᠢ ᠶᠢᠨ ᠲᠤᠭ᠎ᠠ ᠨᠢ 3300 ᠬᠥᠮᠥᠨ᠃ 8 ᠳ᠋ᠤᠭᠠᠷ ᠰᠠᠷ᠎ᠠ ᠶᠢᠨ ᠰᠡᠭᠦᠯᠴᠢ | ᠪᠣᠯᠲᠠᠯ᠎ᠠ᠂ ᠵᠢᠭᠠᠨ ᠰᠤᠷᠭᠠᠯᠲᠠ ᠶᠢᠨ ᠲᠣᠭᠤᠷᠢᠭ ᠤᠨ ᠵᠢᠭᠠᠨ ᠰᠤᠷᠭᠠᠯᠲᠠ ᠶᠢᠨ ᠠᠰᠠᠷ᠂ ᠳᠠᠭᠤᠤ ᠬᠥᠭᠵᠢᠮ ᠤᠨ | ᠤᠷᠠᠯᠢᠭ ᠤᠨ ᠠᠰᠠᠷ᠂ ᠲᠤᠷᠰᠢᠯᠲᠠ ᠶᠢᠨ ᠠᠰᠠᠷ᠂ ᠪᠡᠶ᠎ᠡ ᠶᠢᠨ ᠲᠠᠮᠢᠷ ᠤᠨ ᠣᠷᠳᠣᠨ ᠤ ᠳᠡᠭᠡᠪᠦᠷ ᠢ ᠨᠢᠭᠡᠨᠲᠡ | ᠳᠡᠭᠡᠪᠦᠷᠯᠡᠵᠦ᠂ ᠵᠢᠱᠢᠯᠲᠡ ᠪᠠᠷ 2024 ᠣᠨ ᠤ 5 ᠳ᠋ᠤᠭᠠᠷ ᠰᠠᠷ᠎ᠠ ᠳᠤ ᠪᠠᠷᠢᠵᠤ ᠳᠠᠭᠤᠰᠬᠠᠨ᠎ᠠ︔ ᠠᠮᠢᠳᠤᠷᠠᠯ ᠤᠨ | ᠲᠣᠭᠤᠷᠢᠭ ᠤᠨ ᠰᠣᠷᠣᠭᠴᠢ ᠶᠢᠨ ᠪᠠᠶᠢᠷᠢ᠂ ᠪᠠᠭᠰᠢ ᠶᠢᠨ ᠨᠡᠶᠢᠲᠡ ᠶᠢᠨ ᠪᠠᠶᠢᠷᠢ᠂ ᠬᠤᠭᠤᠯᠠᠨ ᠭᠡᠷ ᠤᠨ ᠪᠠᠷᠢᠯᠭ᠎ᠠ ᠶᠠᠭ | ᠰᠠᠭᠤᠷᠢ ᠲᠠᠯᠪᠢᠵᠤ ᠪᠣᠶ᠂ ᠵᠢᠱᠢᠯᠲᠡ ᠪᠠᠷ 2024 ᠣᠨ ᠤ 8 ᠳ᠋ᠤᠭᠠᠷ ᠰᠠᠷ᠎ᠠ ᠳᠤ ᠪᠠᠷᠢᠵᠤ ᠳᠠᠭᠤᠰᠬᠠᠨ᠎ᠠ᠃ | ᠬᠤᠲᠠ ᠶᠢᠨ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠦᠷᠢᠶᠡᠯᠡᠩ ᠲᠣᠭᠤᠷᠢᠭ ᠤᠨ | ᠲᠥᠷᠥᠯ ᠵᠦᠢᠯ ᠳᠤ 5 ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢ ᠲᠥᠯᠥᠪᠵᠢᠭᠦᠯᠦᠨ ᠪᠠᠶᠢᠭᠤᠯᠵᠤ᠂ | ᠰᠣᠷᠣᠭᠴᠢ ᠶᠢᠨ ᠲᠤᠭ᠎ᠠ 2.88 ᠲᠦᠮᠡ ᠬᠦᠷᠦᠨ᠎ᠡ᠃ 8 ᠳ᠋ᠤᠭᠠᠷ ᠰᠠᠷ᠎ᠠ ᠶᠢᠨ ᠰᠡᠭᠦᠯᠴᠢ ᠪᠣᠯᠲᠠᠯ᠎ᠠ᠂ ᠲᠦᠷ | ᠴᠠᠭ ᠤᠨ ᠵᠠᠮ ᠤᠨ ᠪᠠᠷᠢᠯᠭ᠎ᠠ᠂ ᠲᠦᠷ ᠴᠠᠭ ᠤᠨ ᠪᠠᠷᠢᠯᠭ᠎ᠠ ᠶᠢᠨ ᠠᠵᠢᠯ ᠢ ᠨᠢᠭᠡᠨᠲᠡ ᠳᠠᠭᠤᠰᠬᠠᠵᠤ᠂ ᠵᠢᠭᠠᠨ | ᠰᠤᠷᠭᠠᠯᠲᠠ ᠶᠢᠨ ᠠᠰᠠᠷ ᠤᠨ ᠳᠡᠪᠢᠰᠦᠭᠰᠡᠨ ᠳᠠᠪᠬᠤᠷᠭ᠎ᠠ ᠶᠢ ᠬᠠᠲᠠᠭᠤᠷᠠᠭᠤᠯᠬᠤ ᠵᠢᠴᠢ ᠦᠵᠡᠭᠴᠢᠳ ᠤᠨ ᠲᠠᠶᠢᠰᠠᠨ ᠤ | ᠰᠢᠷᠣᠢ ᠳᠡᠪᠢᠰᠬᠦ ᠵᠡᠷᠭᠡ ᠠᠵᠢᠯ ᠢ ᠶᠠᠭ ᠬᠢᠵᠦ ᠪᠤᠢ᠃ | ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ |