ᠰᠤᠷᠭᠠᠭᠤᠯᠢ ᠪᠠ ᠣᠷᠣᠨ ᠨᠤᠲᠤᠭ ᠤᠨ ᠤᠰᠤᠨ ᠤ ᠶᠠᠪᠤᠳᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠠᠮᠲᠤᠷᠠᠯᠴᠠᠭᠠᠨ ᠤ ᠭᠡᠷ᠎ᠡ ᠲᠣᠭᠲᠠᠬᠤ ᠶᠣᠰᠣᠯᠠᠯ ᠶᠠᠪᠤᠭᠳᠠᠪᠠ
ᠨᠡᠶᠢᠲᠡᠯᠡᠭᠰᠡᠨ ᠴᠠᠭ᠄
2023/9/20
      ︵ᠰᠤᠷᠪᠤᠯᠵᠢᠯᠠᠭᠴᠢ ᠦ᠋ ᠽᠢ ᠰᠢᠤᠸᠠᠨ︶ ᠲᠦᠷᠦᠭᠦᠬᠡᠨ᠂ ᠬᠤᠲᠠ ᠶᠢᠨ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢᠨ ᠲᠣᠪᠴᠢᠶ᠎ᠠ ᠠᠴᠠ ᠭᠤᠣᠯ ᠨᠠᠭᠤᠷ ᠤᠨ ᠬᠠᠮᠠᠭᠠᠯᠠᠯᠲᠠ ᠶᠢᠨ ᠲᠥᠪ᠂ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠤᠰᠤᠨ ᠠᠰᠢᠭᠯᠠᠯᠲᠠ ᠬᠢᠭᠡᠳ ᠰᠢᠷᠤᠢ ᠮᠣᠳᠣᠨ ᠪᠠᠷᠢᠯᠭ᠎ᠠ ᠶᠢᠨ ᠢᠨᠵᠧᠨᠧᠷᠢᠩ ᠤᠨ ᠳᠡᠭᠡᠳᠦ ᠰᠤᠷᠭᠠᠭᠤᠯᠢ ᠲᠠᠢ ᠰᠤᠷᠭᠠᠭᠤᠯᠢ ᠪᠠ ᠣᠷᠣᠨ ᠨᠤᠲᠤᠭ ᠤᠨ ᠤᠰᠤᠨ ᠤ ᠶᠠᠪᠤᠳᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠠᠮᠲᠤᠷᠠᠯᠴᠠᠭᠠᠨ ᠤ ᠭᠠᠷ ᠤᠨ ᠥᠰᠥᠭ ᠵᠢᠷᠤᠬᠤ ᠶᠣᠰᠣᠯᠠᠯ ᠶᠠᠪᠤᠭᠤᠯᠪᠠ᠃      ᠬᠤᠶᠠᠷ ᠲᠠᠯ᠎ᠠ ᠪᠠᠷ ᠢᠶᠠᠨ ︽ᠡᠬᠢ ᠪᠠᠶᠠᠯᠢᠭ ᠢ ᠬᠠᠮᠲᠤᠪᠠᠷ ᠬᠡᠷᠡᠭᠯᠡᠬᠦ᠂ ᠳᠠᠪᠠᠭᠤᠯᠢᠭ ᠢᠶᠠᠨ ᠬᠠᠷᠢᠯᠴᠠᠨ ᠨᠥᠬᠦᠪᠦᠷᠢᠯᠡᠬᠦ᠂ ᠬᠠᠷᠢᠯᠴᠠᠨ ᠬᠠᠷᠠᠭᠠᠯᠵᠠᠵᠤ ᠬᠠᠷᠢᠯᠴᠠᠨ ᠠᠰᠢᠭᠲᠠᠢ ᠪᠠᠶᠢᠬᠤ᠂ ᠬᠠᠮᠵᠢᠯᠴᠠᠨ ᠰᠢᠨ᠎ᠡ ᠶᠢ ᠡᠭᠦᠳᠬᠦ᠂ ᠬᠠᠮᠲᠤᠪᠠᠷ ᠬᠥᠭᠵᠢᠬᠦ︾ ᠵᠠᠷᠴᠢᠮ ᠢ ᠪᠠᠷᠢᠮᠲᠠᠯᠠᠵᠤ᠂ ᠲᠤᠰ ᠲᠤᠰ ᠤᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ  ᠶᠢ ᠡᠭᠦᠳᠬᠦ ᠪᠠᠷ ᠭᠤᠣᠯᠳᠠᠯᠭ᠎ᠠ ᠪᠣᠯᠭᠠᠵᠤ᠂ ᠴᠢᠳᠠᠪᠤᠷᠢᠲᠠᠨ ᠢ ᠬᠥᠮᠥᠵᠢᠭᠦᠯᠬᠦ ᠪᠠᠷ ᠰᠠᠭᠤᠷᠢ ᠪᠣᠯᠭᠠᠵᠤ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠪᠠᠷ ᠠᠴᠢᠶᠠᠯᠠᠪᠤᠷᠢ ᠪᠣᠯᠭᠠᠵᠤ᠂ ᠰᠢᠢᠳᠪᠦᠷᠢᠲᠦ ᠪᠣᠳᠣᠯᠭ᠎ᠠ ᠶᠢᠨ ᠯᠠᠪᠯᠠᠯᠭ᠎ᠠ ᠪᠠᠷ ᠲᠤᠯᠭᠠᠭᠤᠷᠢᠯᠠᠯ ᠪᠣᠯᠭᠠᠭᠰᠠᠨ ᠰᠤᠷᠭᠠᠭᠤᠯᠢ ᠪᠠ ᠣᠷᠣᠨ ᠨᠤᠲᠤᠭ ᠤᠨ ᠬᠠᠮᠲᠤᠷᠠᠯᠴᠠᠭᠠᠨ ᠤ ᠲᠣᠭᠲᠠᠴᠠ ᠶᠢ ᠢᠳᠡᠪᠬᠢᠲᠡᠢ ᠬᠠᠶᠢᠨ ᠰᠦᠪᠡᠭᠴᠢᠯᠡᠵᠦ᠂ ᠴᠢᠳᠠᠪᠤᠷᠢᠲᠠᠨ ᠢ ᠬᠥᠮᠥᠵᠢᠭᠦᠯᠬᠦ᠂ ᠰᠢᠨᠵᠢᠯᠡᠬᠦ ᠤᠬᠠᠭᠠᠨ ᠮᠡᠷᠭᠡᠵᠢᠯ ᠤᠨ ᠬᠠᠮᠲᠤᠷᠠᠯᠴᠠᠭ᠎ᠠ᠂ ᠦᠷ᠎ᠡ ᠪᠦᠲᠦᠭᠡᠯ ᠢ ᠤᠯᠠᠷᠢᠭᠤᠯᠬᠤ᠂ ᠨᠡᠶᠢᠭᠡᠮ ᠤᠨ ᠦᠢᠯᠡᠳᠦᠯᠭᠡ᠂ ᠰᠢᠢᠳᠪᠦᠷᠢᠲᠦ ᠪᠣᠳᠣᠯᠭ᠎ᠠ ᠶᠢᠨ ᠯᠠᠪᠯᠠᠯᠭ᠎ᠠ᠂ ᠠᠵᠢᠯ ᠣᠯᠭᠤᠯᠲᠠ ᠶᠢ ᠠᠬᠢᠭᠤᠯᠬᠤ ᠵᠡᠷᠭᠡ ᠲᠠᠯ᠎ᠠ ᠪᠠᠷ ᠣᠷᠳᠣ ᠬᠤᠭᠤᠴᠠᠭᠠᠨ ᠤ᠂ ᠪᠥᠬᠦ ᠲᠠᠯ᠎ᠠ ᠶᠢᠨ᠂ ᠭᠦᠨᠵᠡᠭᠡᠢ ᠬᠠᠮᠲᠤᠷᠠᠯᠴᠠᠭ᠎ᠠ ᠶᠢ ᠥᠷᠨᠢᠭᠦᠯᠵᠦ᠂ ᠬᠤᠶᠠᠷ ᠲᠠᠯ᠎ᠠ ᠶᠢᠨ ᠠᠵᠢᠯ ᠤᠨ ︽ᠬᠤᠣᠰ ᠠᠬᠢᠯᠲᠠ︾᠂ ᠦᠷ᠎ᠡ ᠪᠦᠲᠦᠭᠡᠯ ᠤᠨ ︽ ᠬᠤᠣᠰ ᠠᠮᠵᠢᠯᠲᠠ︾ ᠶᠢ ᠪᠡᠶᠡᠯᠡᠭᠦᠯᠵᠦ᠂ ᠮᠠᠨ ᠤ ᠬᠤᠲᠠ ᠶᠢᠨ ᠤᠰᠤᠨ ᠤ ᠶᠠᠪᠤᠳᠠᠯ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠤᠯᠠᠮ ᠨᠢᠭᠡ ᠠᠯᠬᠤᠮ ᠠᠬᠢᠭᠤᠯᠬᠤ ᠪᠣᠯᠣᠨ᠎ᠠ᠃      ᠣᠶᠢᠯᠠᠭᠠᠭᠰᠠᠨ ᠢᠶᠠᠷ᠂ ᠬᠤᠲᠠ ᠶᠢᠨ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢᠨ ᠲᠣᠪᠴᠢᠶ᠎ᠠ ᠬᠢᠭᠡᠳ ᠭᠤᠣᠯ ᠮᠥᠷᠡᠨ ᠨᠠᠭᠤᠷ ᠴᠥᠭᠦᠷᠥᠮ ᠤᠨ ᠬᠠᠮᠠᠭᠠᠯᠠᠯᠲᠠ ᠶᠢᠨ ᠲᠥᠪ ᠨᠢ ᠤᠰᠤᠨ ᠤ ᠶᠠᠪᠤᠳᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠦᠢᠯᠡᠴᠢᠯᠡᠭᠡ ᠶᠢᠨ ᠲᠠᠯ᠎ᠠ ᠪᠠᠷ ᠭᠠᠵᠠᠷ ᠳᠣᠣᠷᠠᠬᠢ ᠤᠰᠤ ᠶᠢ ᠬᠡᠲᠦᠷᠡᠲᠡᠯ᠎ᠡ ᠲᠠᠲᠠᠭᠰᠠᠨ ᠣᠷᠣᠨ ᠤ ᠤᠰᠤᠨ ᠲᠦᠪᠰᠢᠨ᠂ ᠤᠰᠤᠨ ᠤ ᠬᠡᠮᠵᠢᠶ᠎ᠡ ᠶᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠵᠦ ᠤᠷᠢᠳᠴᠢᠯᠠᠨ ᠮᠡᠳᠡᠭᠡᠯᠡᠬᠦ ᠲᠥᠷᠥᠯ ᠵᠦᠢᠯ ᠪᠠ ᠲᠣᠭᠠᠴᠢᠯᠠᠭᠰᠠᠨ ᠭᠠᠵᠠᠷ ᠳᠣᠣᠷᠠᠬᠢ ᠭᠤᠣᠯ ᠮᠥᠷᠡᠨ ᠤ ᠮᠡᠷᠭᠡᠵᠢᠯ ᠤᠨ ᠬᠠᠶᠢᠨ ᠰᠦᠪᠡᠭᠴᠢᠯᠡᠯᠲᠡ︔ ᠤᠰᠤᠨ ᠤ ᠡᠬᠢ ᠪᠠᠶᠠᠯᠢᠭ ᠢ ᠨᠤᠲᠠᠯᠠᠵᠤ ᠬᠢᠨᠠᠨ ᠪᠠᠶᠢᠴᠠᠭᠠᠵᠤ ᠦᠨᠡᠯᠡᠨ ᠵᠢᠱᠢᠬᠦ︔ ᠴᠢᠩ ᠱᠦᠢ ᠾᠧ ᠰᠢᠶᠠᠨ᠂ ᠰᠠᠶᠢᠬᠠᠨ ᠲᠣᠭᠤᠷᠢᠭ ᠤᠨ ᠨᠡᠶᠢᠲᠡᠯᠢᠭ ᠳᠣᠪᠣᠷᠬᠠᠭ ᠠᠭᠤᠯᠠᠷᠬᠠᠭ ᠣᠷᠣᠨ ᠤ ᠬᠥᠷᠥᠰᠥ ᠰᠢᠷᠣᠢ ᠶᠢ ᠬᠠᠮᠠᠭᠠᠯᠠᠵᠤ ᠰᠠᠯᠬᠢᠨ ᠳᠤ ᠢᠳᠡᠭᠳᠡᠬᠦ᠂ ᠤᠰᠤᠨ ᠳᠤ ᠢᠳᠡᠭᠳᠡᠬᠦ ᠶᠢ ᠬᠢᠨᠠᠨ ᠬᠡᠮᠵᠢᠬᠦ︔ ᠭᠤᠣᠯ ᠬᠤᠲᠠ ᠶᠢᠨ ᠲᠣᠭᠤᠷᠢᠭ ᠤᠨ ᠳᠠᠯᠠᠨ ᠬᠠᠷ᠎ᠠ ᠠᠭᠤᠯᠠ ᠶᠢᠨ ᠡᠮᠦᠨ᠎ᠡ ᠪᠠᠯ ᠤᠨ 9 ᠵᠤᠷᠪᠤᠰ ᠭᠤᠤ ᠶᠢᠨ ᠠᠭᠤᠯᠠ ᠶᠢᠨ ᠦᠶᠡᠷ ᠢ ᠤᠷᠢᠳᠴᠢᠯᠠᠨ ᠰᠡᠷᠡᠮᠵᠢᠯᠡᠭᠦᠯᠬᠦ᠂ ᠤᠰᠤᠨ ᠤ ᠰᠢᠨᠵᠢᠯᠡᠭᠡᠨ ᠤ ᠬᠡᠮᠵᠢᠨ ᠮᠡᠳᠡᠭᠦᠯᠬᠦ ᠵᠡᠷᠭᠡ ᠮᠡᠷᠭᠡᠵᠢᠯ ᠤᠨ ᠦᠢᠯᠡᠴᠢᠯᠡᠭᠡᠨ ᠪᠠ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠵᠢᠯ ᠢ ᠡᠭᠦᠷᠭᠡᠯᠡᠨ᠎ᠡ᠃ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
ᠢᠷᠡᠯᠲᠡ᠄ ᠬᠤᠲᠤᠩ ᠠᠷᠠᠳ ᠤᠨ ᠲᠣᠭᠤᠷᠢᠭ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号