ᠥᠪᠥᠷ ᠮᠣᠩᠭᠤᠯ ᠤᠨ ᠡᠳᠦᠷ ᠤᠨ ᠰᠣᠨᠢᠨ ᠤ ᠮᠡᠳᠡᠭᠡ ︵ᠰᠤᠷᠪᠤᠯᠵᠢᠯᠠᠭᠴᠢ ᠭᠤᠸ᠎ᠠ︶ ᠲᠦᠷᠦᠬᠦᠬᠡᠨ᠂ | ᠬᠥᠬᠡᠬᠤᠲᠠ ᠶᠢᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠳᠤᠰᠬᠤᠨ ᠮᠠᠯᠵᠢᠬᠤ ᠤᠷᠤᠨ ᠤ ᠲᠣᠪᠴᠢᠶ᠎ᠠ᠂ | ᠬᠥᠬᠡᠬᠤᠲᠠ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ᠂ ᠰᠠᠶᠢᠬᠠᠨ ᠲᠣᠭᠤᠷᠢᠭ ᠤᠨ | ᠵᠠᠰᠠᠭ ᠤᠨ ᠣᠷᠳᠣᠨ ᠠᠴᠠ ᠭᠤᠣᠯᠯᠠᠨ ᠡᠷᠬᠢᠯᠡᠭᠰᠡᠨ ︽ᠡᠯᠪᠡᠭ ᠬᠤᠷᠢᠶᠠᠯᠲᠠ ᠶᠢ ᠪᠡᠯᠭᠡᠯᠡᠵᠦ ᠡᠶ᠎ᠡ ᠵᠤᠬᠢᠴᠠᠩᠭᠤᠢ ᠶᠢ | ᠠᠬᠢᠭᠤᠯᠬᠤ︾ 2023 ᠣᠨ ᠤ ᠬᠥᠬᠡᠬᠤᠲᠠ ᠶᠢᠨ ︽ᠳᠤᠮᠳᠠᠳᠤ ᠤᠯᠤᠰ ᠤᠨ ᠲᠠᠷᠢᠶᠠᠴᠢᠳ ᠤᠨ ᠡᠯᠪᠡᠭ | ᠬᠤᠷᠢᠶᠠᠯᠲᠠ ᠶᠢᠨ ᠪᠠᠶᠠᠷ︾ ᠢ ᠪᠡᠯᠬᠡᠯᠡᠬᠦ ᠠᠵᠢᠯᠯᠠᠭ᠎ᠠ ᠰᠠᠶᠢᠬᠠᠨ ᠲᠣᠭᠤᠷᠢᠭ ᠤᠨ ᠶᠢᠨ ᠾᠧ ᠪᠠᠯᠭᠠᠰᠤᠨ ᠳᠤ | ᠶᠠᠪᠤᠭᠳᠠᠪᠠ᠃ | ᠳᠤᠰ ᠠᠵᠢᠯᠯᠠᠭ᠎ᠠ ᠳᠤ ᠬᠥᠬᠡᠬᠤᠲᠠ ᠶᠢᠨ 9 ᠬᠤᠰᠢᠭᠤ ᠰᠢᠶᠠᠨ ᠲᠣᠭᠤᠷᠢᠭ ᠤᠨ ᠬᠢᠨ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ᠂ ᠣᠷᠣᠰᠢᠨ ᠰᠠᠭᠤᠷᠢᠰᠢᠬᠤ ᠪᠠ ᠦᠢᠯᠡᠰ ᠪᠣᠰᠬᠠᠬᠤ ᠳᠤ | ᠲᠣᠬᠢᠷᠠᠮᠵᠢᠲᠠᠢ ᠪᠠ ᠦᠵᠡᠰᠭᠦᠯᠡᠩᠲᠦ ᠰᠠᠶᠢᠬᠠᠨ ᠬᠥᠳᠡᠭᠡ ᠲᠣᠰᠬᠤᠨ ᠤ ᠵᠠᠰᠠᠯᠲᠠ ᠶᠢᠨ ᠲᠠᠯ᠎ᠠ ᠪᠠᠷ ᠬᠢ ᠠᠵᠢᠯ ᠤᠨ | ᠦᠷ᠎ᠡ ᠪᠦᠲᠦᠮᠵᠢ ᠶᠢ ᠲᠥᠪᠯᠡᠷᠡᠭᠦᠯᠦᠨ ᠳᠡᠯᠭᠡᠨ ᠦᠵᠡᠭᠦᠯᠵᠦ᠂ ᠬᠤᠲᠠ ᠬᠥᠳᠡᠭᠡ ᠶᠢᠨ ᠬᠢᠨ ᠡᠯᠪᠡᠭ ᠬᠤᠷᠢᠶᠠᠯᠲᠠ ᠶᠢ | ᠬᠠᠮᠲᠤ ᠪᠠᠷ ᠪᠡᠯᠭᠡᠯᠡᠵᠦ ᠪᠠᠶᠠᠷ ᠪᠠᠶᠠᠰᠤᠯ ᠢ ᠬᠠᠮᠲᠤ ᠪᠠᠷ ᠡᠳ᠋ᠯᠡᠭᠰᠡᠨ ᠪᠠᠶᠢᠨ᠎ᠠ᠃ ᠠᠵᠢᠯᠯᠠᠭ᠎ᠠ ᠳᠡᠭᠡᠷ᠎ᠡ᠂ ᠪᠦᠬᠦ | ᠤᠯᠤᠰ ᠤᠨ ᠬᠦᠳᠡᠭᠡ ᠠᠵᠤ ᠠᠬᠤᠢ ᠬᠥᠳᠡᠭᠡ ᠲᠣᠰᠬᠤᠨ ᠤ ᠬᠥᠳᠡᠯᠮᠦᠷᠢ ᠶᠢᠨ ᠵᠢᠱᠢᠶᠡᠴᠢ᠂ ᠪᠦᠬᠦ ᠤᠯᠤᠰ ᠤᠨ | ᠬᠦᠳᠡᠭᠡ ᠠᠵᠤ ᠠᠬᠤᠢ ᠬᠥᠳᠡᠭᠡ ᠲᠣᠰᠬᠤᠨ ᠤ ᠲᠡᠷᠢᠭᠦᠨ ᠤ ᠠᠵᠢᠯᠲᠠᠨ ᠳᠤ ᠱᠠᠩᠨᠠᠯ ᠣᠯᠭᠤᠵᠤ᠂ ᠲᠠᠷᠢᠶᠠᠯᠠᠩ ᠢ | ᠲᠤᠰᠠᠯᠠᠬᠤ ᠨᠢᠭᠡᠴᠢ ᠶᠢᠨ ᠲᠥᠯᠥᠭᠡᠯᠡᠭᠴᠢ᠂ ᠨᠤᠲᠤᠭ ᠲᠠᠭᠠᠨ ᠪᠤᠴᠠᠭᠰᠠᠨ ᠵᠠᠯᠠᠭᠤᠴᠤᠳ ᠤᠨ ᠲᠥᠯᠥᠭᠡᠯᠡᠭᠴᠢ | ᠪᠠᠶᠠᠷ ᠤᠨ ᠦᠭᠡ ᠬᠡᠯᠡᠭᠰᠡᠨ ᠪᠠᠶᠢᠨ᠎ᠠ᠃ | ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠠᠬᠢ ᠲᠠᠷᠢᠶᠠᠯᠠᠩ ᠤᠨ ᠪᠦᠲᠦᠭᠡᠭᠳᠡᠬᠦᠨ ᠤ 116 ᠦᠵᠡᠭᠦᠯᠭᠡ ᠶᠢᠨ | ᠲᠣᠭᠤᠷᠢᠭ ᠲᠤ ᠡᠯ᠎ᠡ ᠭᠠᠵᠠᠷ ᠡᠯ᠎ᠡ ᠭᠠᠴᠠᠭ᠎ᠠ ᠲᠣᠰᠬᠤᠨ ᠤ ᠥᠪᠡᠷᠮᠢᠴᠡ ᠣᠨᠴᠠᠯᠢᠭ ᠲᠠᠢ ᠲᠠᠷᠢᠶᠠᠯᠠᠩ ᠤᠨ | ᠪᠦᠲᠦᠭᠡᠭᠳᠡᠬᠦᠨ ᠢ ᠲᠠᠯᠬᠡᠨ ᠦᠵᠡᠬᠦᠯᠪᠡ᠃ ᠲᠠᠷᠢᠶᠠᠯᠠᠩ ᠤᠨ ᠰᠣᠶᠣᠯ ᠢ ᠳᠡᠯᠭᠡᠨ ᠦᠵᠡᠭᠦᠯᠵᠦ ᠪᠡᠶᠡᠴᠢᠯᠡᠨ | ᠣᠶᠢᠯᠠᠭᠠᠬᠤ 2 ᠲᠣᠭᠤᠷᠢᠭ ᠲᠤ ᠡᠷᠳᠡᠨ ᠤ ᠦᠶ᠎ᠡ ᠶᠢᠨ ᠲᠠᠷᠢᠶᠠᠯᠠᠩ ᠤᠨ ᠪᠠᠭᠠᠵᠢ ᠬᠡᠷᠡᠭᠰᠡᠯ ᠢ ᠳᠡᠯᠭᠡᠨ ᠦᠵᠡᠭᠦᠯᠵᠦ᠂ | ᠲᠠᠷᠢᠶᠠᠯᠠᠩ ᠤᠨ ᠬᠥᠭᠵᠢᠯᠲᠡ ᠶᠢᠨ ᠬᠤᠪᠢᠷᠠᠯᠲᠠ ᠶᠢ ᠬᠠᠷᠠᠭᠤᠯᠤᠭᠰᠠᠨ ᠪᠠᠶᠢᠨ᠎ᠠ᠃ ᠡᠨᠡ ᠬᠦ ᠬᠤᠭᠤᠴᠠᠭᠠᠨ ᠳᠤ | ᠪᠠᠰᠠ ᠰᠣᠨᠢᠷᠬᠠᠯᠲᠤ ᠪᠡᠶ᠎ᠡ ᠶᠢᠨ ᠲᠠᠮᠢᠷ ᠤᠨ ᠴᠤᠭᠯᠠᠭᠠᠨ᠂ ᠬᠥᠳᠡᠭᠡ ᠲᠣᠰᠬᠤᠨ ᠤ ᠦᠪᠡᠷᠮᠢᠴᠡ ᠤᠨᠴᠠᠯᠢᠭ ᠲᠠᠢ | ᠤᠷᠠᠨ ᠰᠠᠶᠢᠬᠠᠨ ᠤ ᠲᠣᠭᠯᠠᠯᠲᠠ᠂ ᠲᠣᠰᠬᠤᠨ ᠤ ᠰᠦᠨᠢ ᠶᠢᠨ ᠦᠳᠡᠰᠢᠯᠡᠭᠡ ᠵᠡᠷᠭᠡ ᠠᠵᠢᠯᠯᠠᠭ᠎ᠠ ᠦᠷᠨᠢᠭᠦᠯᠵᠤ᠂ | ᠰᠢᠨ᠎ᠡ ᠴᠠᠭ ᠦᠶ᠎ᠡ ᠶᠢᠨ ᠰᠢᠨ᠎ᠡ ᠲᠠᠷᠢᠶᠠᠴᠢᠨ ᠤ ᠰᠢᠨ᠎ᠡ ᠲᠦᠷᠢ ᠲᠦᠷᠭᠦ ᠶᠢ ᠢᠯᠡᠷᠡᠭᠦᠯᠦᠭᠰᠡᠨ ᠢᠶᠠᠷ ᠪᠠᠷᠠᠬᠤ ᠦᠭᠡᠢ᠂ | ᠲᠠᠷᠢᠶᠠᠴᠢᠨ ᠲᠦᠮᠡᠨ ᠤ ᠰᠠᠶᠢᠨ ᠰᠠᠶᠢᠬᠠᠨ ᠠᠮᠢᠳᠤᠷᠠᠯ ᠢᠶᠠᠨ ᠴᠣᠭᠴᠠᠯᠠᠬᠤ ᠡᠷᠴᠢ ᠵᠣᠷᠢᠭ ᠢ ᠴᠢᠨᠠᠭᠰᠢᠳᠠ | ᠬᠥᠭᠵᠢᠭᠡᠪᠡ᠃ |