| | | ᠣᠶᠢᠷ᠎ᠠ ᠶᠢᠨ ᠡᠳᠦᠷ᠂ ᠬᠤᠲᠣᠩ ᠠᠷᠠᠳ ᠤᠨ ᠲᠣᠭᠤᠷᠢᠭ ᠪᠣᠯᠣᠨ ᠰᠢᠨ᠎ᠡ ᠬᠤᠳᠠ ᠲᠣᠭᠤᠷᠢᠭ ᠬᠠᠮᠲᠤᠷᠠᠨ | ᠨᠠᠮ ᠤᠨ ᠪᠠᠶᠢᠭᠤᠯᠤᠯᠲᠠ ᠶᠢ ᠠᠳᠬᠤᠵᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ | ᠠᠬᠢᠭᠤᠯᠬᠤ ᠣᠷᠣᠨ ᠪᠦᠰᠡ ᠠᠯᠤᠰᠯᠠᠨ ᠲᠣᠰᠬᠤᠨ ᠢᠶᠠᠷ ᠶᠠᠪᠤᠵᠤ ᠲᠣᠭᠤᠷᠢᠨ ᠦᠵᠡᠬᠦ ᠠᠵᠢᠯᠯᠠᠭ᠎ᠠ ᠥᠷᠨᠢᠭᠦᠯᠵᠡᠢ᠃ | ᠬᠤᠲᠣᠩ ᠠᠷᠠᠳ ᠤᠨ ᠲᠣᠭᠤᠷᠢᠭ ᠤᠨ ᠵᠡᠭᠦᠨ ᠪᠠᠷᠠᠭᠤᠨ ᠤᠰᠤᠲᠤ ᠲᠣᠰᠬᠤᠨ ᠳᠤ᠂ ᠠᠵᠢᠯᠯᠠᠭ᠎ᠠ ᠳᠤ | ᠣᠷᠣᠯᠴᠠᠭᠰᠠᠳ ︽ᠵᠣᠯ ᠵᠢᠷᠭᠠᠯ ᠤᠨ ᠮᠣᠳᠣᠨ ᠤ ᠳᠣᠣᠷ᠎ᠠ︾ ᠣᠨᠴᠠᠯᠢᠭᠲᠤ ᠨᠠᠷᠠᠲᠤ ᠲᠡᠮᠳᠡᠭᠲᠦ ᠲᠠᠷᠢᠶᠠᠯᠠᠩ | ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ ᠶᠢᠨ ᠵᠠᠭᠪᠤᠷ᠂ ᠠᠶᠢᠯ ᠲᠣᠰᠬᠤᠨ ᠢ ᠳᠡᠭᠡᠭᠰᠢᠯᠡᠭᠦᠯᠦᠨ | ᠥᠭᠡᠷᠡᠴᠢᠯᠡᠬᠦ ᠢᠨᠵᠧᠨᠧᠷᠢᠩ ᠢ ᠲᠤᠬᠠᠢ ᠶᠢᠨ ᠭᠠᠵᠠᠷ ᠲᠤᠨᠢ ᠲᠣᠭᠤᠷᠢᠨ ᠦᠵᠡᠪᠡ᠃ ᠰᠢᠨ᠎ᠡ ᠬᠤᠳᠠ ᠲᠣᠭᠤᠷᠢᠭ ᠤᠨ | ᠰᠡᠩᠭᠡ ᠠᠶᠢᠯ ᠲᠣᠰᠬᠤᠨ ᠪᠣᠯᠣᠨ ᠤᠰᠤᠨ ᠲᠡᠭᠡᠷᠮ᠎ᠡ ᠲᠣᠰᠬᠤᠨ ᠳᠤ᠂ ᠠᠵᠢᠯᠯᠠᠭ᠎ᠠ ᠳᠤ ᠣᠷᠣᠯᠴᠠᠭᠰᠠᠳ | ᠲᠤᠬᠠᠢ ᠶᠢᠨ ᠭᠠᠵᠠᠷ ᠲᠤ ︽ᠨᠠᠮ ᠤᠨ ᠡᠭᠦᠷ + ᠲᠠᠷᠢᠶᠠᠴᠢᠨ ᠡᠷᠦᠭᠡ + ᠬᠤᠷᠰᠢᠶ᠎ᠠ︾ ᠶᠢᠨ ᠬᠥᠭᠵᠢᠯᠲᠡ ᠶᠢᠨ | ᠠᠷᠭ᠎ᠠ ᠵᠠᠮ᠂ ᠠᠮᠢ ᠠᠬᠤᠢ ᠶᠢᠨ ᠰᠠᠭᠤᠬᠤ ᠳᠤ ᠲᠣᠬᠢᠷᠠᠮᠵᠢᠲᠠᠢ ᠠᠷᠠᠳ ᠤᠨ ᠵᠠᠩ ᠳᠠᠳᠬᠠᠯ ᠰᠣᠶᠣᠯ ᠤᠨ | ᠣᠨᠴᠠᠯᠢᠭᠲᠤ ᠵᠢᠭᠤᠯᠴᠢᠯᠠᠯ ᠤᠨ ᠦᠢᠯᠡᠰ ᠤᠨ ᠬᠠᠮᠢᠶ᠎ᠠ ᠪᠦᠬᠦᠢ ᠪᠠᠶᠢᠳᠠᠯ ᠢ ᠲᠣᠭᠤᠷᠢᠨ ᠦᠵᠡᠵᠦ᠂ ᠲᠣᠭᠤᠷᠢᠨ | ᠦᠵᠡᠬᠦ 4 ᠲᠣᠰᠬᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠲᠤᠬᠠᠢ ᠶᠢᠨ ᠲᠠᠯᠠᠪᠠᠢ ᠳᠤ ᠲᠤᠷᠰᠢᠯᠭ᠎ᠠ | ᠠᠷᠭ᠎ᠠ ᠪᠠᠷᠢᠯ ᠢᠶᠠᠨ ᠲᠠᠶᠢᠯᠪᠤᠷᠢᠯᠠᠨ ᠬᠤᠪᠢᠶᠠᠯᠴᠠᠪᠠ᠃ | ᠲᠣᠭᠤᠷᠢᠨ ᠦᠵᠡᠬᠦ ᠶᠠᠪᠤᠴᠠ ᠳᠤ᠂ ᠬᠤᠷᠠᠯ ᠳᠤ ᠣᠷᠣᠯᠴᠠᠭᠰᠠᠳ ᠶᠠᠪᠤᠬᠤ ᠶᠢᠨ ᠳᠠᠭᠠᠤ ᠰᠣᠨᠣᠰᠴᠤ᠂ | ᠦᠵᠡᠬᠦ ᠶᠢᠨ ᠳᠠᠭᠠᠤ ᠰᠤᠷᠤᠯᠴᠠᠬᠤ ᠶᠢᠨ ᠬᠠᠮᠲᠤ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠶᠠᠷᠢᠯᠴᠠᠵᠤ | ᠰᠠᠨᠠᠯ ᠢᠶᠠᠨ ᠰᠣᠯᠢᠯᠴᠠᠪᠠ᠃ ᠤᠯᠠᠨ ᠢᠶᠠᠷ ᠢᠶᠠᠨ᠂ ᠲᠤᠰ ᠤᠳᠠᠭ᠎ᠠ ᠶᠢᠨ ᠠᠵᠢᠯᠯᠠᠭ᠎ᠠ ᠨᠢ ᠡᠯ᠎ᠡ ᠲᠣᠰᠬᠤᠨ ᠳᠤ | ᠬᠠᠷᠢᠯᠴᠠᠨ ᠠᠷᠭ᠎ᠠ ᠲᠤᠷᠰᠢᠯᠭ᠎ᠠ ᠪᠠᠨ ᠰᠣᠯᠢᠯᠴᠠᠬᠤ ᠰᠠᠶᠢᠨ ᠰᠠᠶᠢᠬᠠᠨ ᠲᠠᠪᠴᠠᠩ ᠢ ᠪᠠᠶᠢᠭᠤᠯᠵᠤ᠂ ᠬᠤᠶᠢᠰᠢᠳᠠ | ᠲᠣᠰᠬᠤᠨ ᠤ ᠬᠠᠮᠲᠤ ᠶᠢᠨ ᠠᠵᠤ ᠠᠬᠤᠢ ᠶᠢ ᠪᠤᠵᠠᠭᠠᠶᠢᠷᠠᠭᠤᠯᠬᠤ᠂ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠶᠢ ᠠᠬᠢᠭᠤᠯᠬᠤ ᠳᠤ ᠰᠢᠨ᠎ᠡ ᠰᠡᠳᠬᠢᠴᠡ᠂ ᠰᠢᠨ᠎ᠡ ᠠᠷᠭ᠎ᠠ ᠵᠠᠮ ᠬᠠᠩᠭᠠᠵᠠᠢ ᠭᠡᠵᠦ ᠢᠯᠡᠳᠬᠡᠵᠡᠭᠡᠪᠡ᠃ | ᠰᠤᠷᠪᠤᠯᠵᠢᠯᠠᠭᠴᠢ ᠴᠢ ᠰᠢᠶᠣᠣ ᠶᠠᠨ ᠴᠢᠮᠡᠭᠡᠯᠡᠭᠴᠢ ᠵᠠᠩ ᠸᠧᠢ ᠯᠢᠶᠠᠩ ᠺᠦᠨ ᠰᠡᠭᠦᠳᠡᠷᠯᠡᠪᠡ |