︽ᠪᠠᠶᠠᠰᠬᠤᠯᠠᠩᠲᠤ ᠴᠡᠯᠡᠭᠡᠷ ᠲᠠᠯ᠎ᠠ︾
ᠨᠡᠶᠢᠲᠡᠯᠡᠭᠰᠡᠨ ᠴᠠᠭ᠄
2023/9/28
     9 ᠳ᠋ᠦ᠋ᠭᠡᠷ ᠰᠠᠷ᠎ᠠ ᠶᠢᠨ 27 ᠤ ᠡᠳᠦᠷ᠂ ᠴᠡᠯᠡᠭᠡᠷ ᠲᠠᠯ᠎ᠠ ᠶᠢᠨ ᠨᠡᠷᠡᠨ ᠲᠠᠯᠠᠪᠠᠢ ᠶᠢᠨ ᠵᠡᠭᠦᠨ ᠲᠠᠯ᠎ᠠ ᠳᠤ᠂ ︽ᠪᠠᠶᠠᠰᠬᠤᠯᠠᠩᠲᠤ ᠴᠡᠯᠡᠭᠡᠷ ᠲᠠᠯ᠎ᠠ︾ ᠣᠷᠴᠢᠨ ᠲᠣᠭᠤᠷᠢᠨ ᠤ ᠳᠠᠭᠤᠤ ᠪᠥᠵᠢᠭ ᠤᠨ ᠲᠣᠭᠯᠠᠯᠲᠠ ᠶᠠᠭ ᠰᠠᠶᠢᠬᠠᠨ ᠪᠠᠴᠢᠮ ᠶᠠᠭᠠᠷᠠᠯᠲᠠᠢ ᠪᠡᠯᠡᠳᠬᠡᠯ ᠲᠣᠭᠯᠠᠯᠲᠠ ᠬᠢᠵᠦ᠂ ᠲᠤᠬᠠᠢ ᠶᠢᠨ ᠲᠠᠯᠠᠪᠠᠢ ᠳᠤ ᠳᠠᠭᠤᠤ ᠪᠥᠵᠢᠭ ᠤᠨ ᠭᠦᠭ ᠠᠶᠠᠯᠭᠤ ᠬᠠᠯᠬᠢᠯᠠᠨ᠂ ᠬᠥᠬᠡ ᠲᠡᠭᠷᠢ ᠨᠣᠭᠤᠭᠠᠨ ᠲᠠᠯ᠎ᠠ ᠨᠢ ᠤᠷᠠᠯᠢᠭ ᠤᠨ ᠭᠤᠸ᠎ᠠ ᠰᠠᠶᠢᠬᠠᠨ ᠢ ᠨᠡᠩ ᠲᠣᠳᠣᠷᠠᠭᠤᠯᠵᠤ ᠂ ᠴᠥᠭᠡᠨ ᠪᠤᠰᠤ ᠵᠢᠭᠤᠯᠴᠢᠯᠠᠭᠰᠠᠳ ᠤᠨ ᠠᠩᠬᠠᠷᠤᠯ ᠢ ᠲᠠᠲᠠᠪᠠ᠃      ᠮᠣᠩᠭᠤᠯ ᠭᠡᠷ᠂ ᠦᠬᠡᠷ ᠲᠡᠷᠭᠡ᠂ ᠦᠬᠡᠷ ᠬᠤᠨᠢ ᠠᠳᠤᠭᠤᠨ ᠰᠦᠷᠦᠭ ᠁ ᠲᠠᠯ᠎ᠠ ᠨᠤᠲᠤᠭ ᠤᠨ ᠬᠥᠪᠡᠭᠦᠳ ᠥᠬᠢᠳ ᠤᠨ ᠡᠳᠦᠷ ᠲᠤᠲᠤᠮ ᠤᠨ ᠠᠮᠢᠳᠤᠷᠠᠯ ᠤᠨ ᠵᠤᠭ᠎ᠠ ᠴᠡᠩᠭᠡᠯ ᠤᠨ ᠠᠬᠤᠢ ᠦᠵᠡᠭᠳᠡᠯ ᠳᠤᠮᠳᠠ᠂ ᠬᠥᠬᠡᠬᠤᠲᠠ ᠶᠢᠨ ᠤᠯᠠᠭᠠᠨᠮᠥ᠋ᠴᠢᠷ ᠤᠨ ᠲᠣᠭᠯᠠᠭᠴᠢᠳ ᠦᠨᠳᠦᠰᠦᠲᠡᠨ ᠤ ᠤᠯᠠᠮᠵᠢᠯᠠᠯᠲᠤ ᠬᠤᠪᠴᠠᠰᠤ ᠵᠠᠰᠠᠯ ᠢᠶᠠᠨ ᠡᠮᠦᠰᠴᠦ᠂ ᠳᠠᠭᠤᠤ ᠪᠥᠵᠢᠭ ᠤᠨ ᠲᠣᠭᠯᠠᠯᠲᠠ ᠪᠠᠷ ᠲᠠᠯ᠎ᠠ ᠨᠤᠲᠤᠭ ᠤᠨ ᠬᠥᠪᠡᠭᠦᠳ ᠥᠬᠢᠳ ᠤᠨ ᠡᠳᠦᠷ ᠲᠤᠳᠤᠮ ᠤᠨ ᠵᠤᠭ᠎ᠠ ᠴᠡᠩᠭᠡᠯ ᠰᠣᠶᠣᠯ ᠤᠨ ᠠᠮᠢᠳᠤᠷᠠᠯ ᠢ ᠳᠡᠯᠭᠡᠨ ᠦᠵᠡᠭᠦᠯᠵᠦ᠂ ᠴᠡᠯᠡᠭᠡᠷ ᠲᠠᠯ᠎ᠠ ᠶᠢᠨ ᠬᠦᠷ ᠬᠥᠭᠵᠢᠶᠡᠨᠲᠦ ᠠᠭᠤᠷ ᠠᠮᠢᠰᠬᠤᠯ ᠢ ᠪᠤᠢ ᠪᠣᠯᠭᠠᠵᠤ᠂ ᠬᠥᠬᠡᠬᠤᠲᠠ ᠶᠢᠨ ᠭᠦᠨ ᠵᠤᠵᠠᠭᠠᠨ ᠰᠣᠶᠣᠯ ᠤᠨ ᠠᠭᠤᠯᠬᠤᠨ ᠪᠠ ᠴᠤᠭ ᠵᠢᠪᠬᠤᠭ᠎ᠠ ᠪᠠᠳᠠᠷᠠᠩᠭᠤᠢ ᠤᠶᠤᠨ ᠰᠠᠨᠠᠭᠠᠨ ᠤ ᠳᠦᠷᠰᠦ ᠪᠠᠶᠢᠳᠠᠯ ᠢ ᠳᠡᠯᠭᠡᠨ ᠦᠵᠡᠭᠦᠯᠵᠡᠢ᠃       ᠲᠠᠨᠢᠯᠴᠠᠭᠤᠯᠤᠭᠰᠠᠨ ᠢᠶᠠᠷ᠂ ︽ᠪᠠᠶᠠᠰᠬᠤᠯᠠᠩᠲᠤ ᠴᠡᠯᠡᠭᠡᠷ ᠲᠠᠯ᠎ᠠ︾  ᠣᠷᠴᠢᠨ ᠲᠣᠭᠤᠷᠢᠨ ᠤ ᠳᠠᠭᠤᠤ ᠪᠥᠵᠢᠭ ᠤᠨ ᠲᠣᠭᠯᠠᠯᠲᠠ ᠶᠢ 9 ᠳ᠋ᠦ᠋ᠭᠡᠷ ᠰᠠᠷ᠎ᠠ ᠶᠢᠨ 29 ᠤ ᠡᠳᠦᠷ ᠠᠴᠠ 10 ᠳ᠋ᠤᠭᠠᠷ ᠰᠠᠷ᠎ᠠ ᠶᠢᠨ 5 ᠤ ᠡᠳᠦᠷ ᠪᠣᠯᠲᠠᠯ᠎ᠠ ᠵᠢᠩᠬᠢᠨᠢ ᠪᠠᠷ ᠲᠣᠭᠯᠠᠬᠤ ᠪᠣᠯᠣᠨ᠎ᠠ᠃ ᠰᠤᠷᠪᠤᠯᠵᠢᠯᠠᠭᠴᠢ ᠮᠢᠶᠣᠣ ᠴᠢᠩ ᠰᠡᠭᠦᠳᠡᠷᠯᠡᠪᠡ
 
ᠢᠷᠡᠯᠲᠡ᠄ ᠬᠤᠲᠤᠩ ᠠᠷᠠᠳ ᠤᠨ ᠲᠣᠭᠤᠷᠢᠭ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号