ᠮᠠᠨ ᠤ ᠬᠤᠲᠠ 1916 ᠢᠵᠢ ᠤᠯᠠᠨ ᠨᠡᠶᠢᠲᠡ ᠶᠢᠨ ᠲᠦᠷᠢᠶᠡᠰᠦᠨ ᠤᠷᠤᠨ ᠰᠠᠭᠤᠴᠠ ᠬᠠᠩᠭᠠᠪᠠ
ᠨᠡᠶᠢᠲᠡᠯᠡᠭᠰᠡᠨ ᠴᠠᠭ᠄
2023/9/28
      ︵ᠰᠤᠷᠪᠤᠯᠵᠢᠯᠠᠭᠴᠢ ᠼᠠᠢ ᠬᠤᠨᠭ᠌︶ ᠲᠦᠷᠦᠭᠦᠬᠡᠨ᠂ ᠬᠥᠬᠡᠬᠤᠲᠠ 2023 ᠣᠨ ᠤ ᠬᠤᠶᠠᠳᠤᠭᠠᠷ ᠤᠳᠠᠭᠠᠨ ᠤ ᠣᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢᠨ ᠰᠢᠪᠠᠭ᠎ᠠ ᠰᠤᠭᠤᠯᠬᠤ ᠠᠵᠢᠯᠯᠠᠭ᠎ᠠ ᠦᠷᠨᠢᠭᠦᠯᠵᠦ᠂ 1916 ᠢᠵᠢ ᠤᠷᠤᠨ ᠰᠠᠭᠤᠴᠠ ᠬᠠᠩᠭᠠᠪᠠ᠃      ᠣᠶᠢᠯᠠᠭᠠᠭᠰᠠᠨ ᠢᠶᠠᠷ᠂ ᠲᠤᠰ ᠰᠢᠪᠠᠭ᠎ᠠ ᠰᠤᠭᠤᠯᠬᠤ ᠨᠥᠬᠦᠴᠡᠯ ᠳᠤ ᠨᠡᠶᠢᠴᠡᠭᠰᠡᠨ ᠬᠦᠮᠦᠨ ᠨᠡᠶᠢᠲᠡ 5500 ᠪᠠᠶᠢᠵᠤ᠂ ᠲᠣᠬᠢᠷᠠᠭᠤᠯᠤᠨ ᠲᠦᠷᠢᠶᠡᠰᠦᠯᠡᠬᠦᠯᠬᠦ ᠣᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠳᠤ ᠬᠥᠬᠡᠬᠤᠲᠠ ᠶᠢᠨ ᠳᠥᠷᠪᠡᠨ ᠲᠣᠭᠤᠷᠢᠭ ᠤᠨ 34 ᠣᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢᠨ ᠲᠥᠷᠥᠯ ᠵᠦᠢᠯ ᠢ ᠪᠠᠭᠲᠠᠭᠠᠭᠰᠠᠨ ᠪᠠᠶᠢᠨ᠎ᠠ᠃ ᠡᠭᠦᠨ ᠳᠤ᠂ ᠰᠢᠨ᠎ᠡ ᠬᠤᠲᠠ ᠲᠣᠭᠤᠷᠢᠭ ᠤᠨ 13 ᠤᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢᠨ ᠲᠥᠷᠥᠯ ᠵᠦᠢᠯ 789 ᠢᠵᠢ ᠣᠷᠣᠨ ᠰᠠᠭᠤᠴᠠ ᠬᠠᠨᠭ᠍ᠭᠠᠪᠠ︔ ᠬᠤᠲᠣᠩ ᠠᠷᠠᠳ ᠤᠨ ᠲᠣᠭᠤᠷᠢᠭ ᠤᠨ 4 ᠤᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢᠨ ᠲᠥᠷᠥᠯ ᠵᠦᠢᠯ 213 ᠢᠵᠢ ᠣᠷᠣᠨ ᠰᠠᠭᠤᠴᠠ ᠬᠠᠨᠭ᠍ᠭᠠᠪᠠ︔ ᠢᠥᠶᠢᠴᠢᠤᠸᠠᠨ ᠲᠣᠭᠤᠷᠢᠭ ᠤᠨ 8 ᠤᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢᠨ ᠲᠦᠷᠦᠯ ᠵᠦᠢᠯ 708 ᠢᠵᠢ ᠣᠷᠣᠨ ᠰᠠᠭᠤᠴᠠ ᠬᠠᠨᠭ᠍ᠭᠠᠪᠠ︔ ᠰᠠᠶᠢᠬᠠᠨ ᠲᠣᠭᠤᠷᠢᠭ ᠤᠨ 9 ᠤᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢᠨ ᠲᠥᠷᠥᠯ ᠵᠦᠢᠯ 206 ᠢᠵᠢ ᠣᠷᠣᠨ ᠰᠠᠭᠤᠴᠠ ᠬᠠᠨᠭ᠍ᠭᠠᠭᠰᠠᠨ ᠪᠠᠶᠢᠨ᠎ᠠ᠃ ᠲᠣᠰ ᠤᠳᠠᠭᠠᠨ ᠤ ᠰᠢᠪᠠᠭ᠎ᠠ ᠰᠤᠭᠤᠯᠬᠤ ᠠᠵᠢᠯᠯᠠᠭ᠎ᠠ ᠶᠢ ᠡᠷᠬᠡ ᠲᠡᠭᠰᠢ ᠂ ᠲᠥᠪ ᠭᠤᠤᠯᠴᠢ᠂ ᠢᠯᠡ ᠪᠠᠶᠢᠯᠭᠠᠬᠤ ᠵᠠᠷᠴᠢᠮ ᠢ ᠵᠢᠷᠤᠮᠯᠠᠨ᠂ ᠬᠦᠬᠡᠬᠤᠲᠠ ᠶᠢᠨ ᠳᠤᠮᠳᠠ ᠳᠣᠣᠷ᠎ᠠ ᠣᠷᠣᠯᠭ᠎ᠠ ᠲᠠᠢ ᠬᠥᠮᠦᠰ ᠲᠤ ᠬᠠᠨᠳᠤᠭᠤᠯᠤᠨ ᠶᠠᠪᠤᠭᠳᠠᠭᠤᠯᠵᠤ᠂ ᠬᠥᠬᠡᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠠᠴᠠ ᠵᠣᠬᠢᠶᠠᠨ ᠪᠠᠶᠢᠭᠤᠯᠤᠨ ᠶᠠᠪᠤᠭᠳᠠᠭᠤᠯᠵᠤ᠂ ᠥᠪᠡᠷᠲᠡᠭᠡᠨ ᠵᠠᠰᠠᠬᠤ ᠣᠷᠣᠨ ᠤ ᠠᠯᠪᠠᠨ ᠭᠡᠷᠡᠴᠢᠯᠡᠭᠡ ᠶᠢᠨ ᠭᠠᠵᠠᠷ ᠠᠴᠠ ᠪᠦᠬᠦ ᠶᠠᠪᠤᠴᠠ ᠳᠤ ᠬᠢᠨᠠᠯᠲᠠ ᠲᠠᠯᠪᠢᠵᠤ ᠠᠬᠤᠢ ᠲᠠᠯᠠᠪᠠᠢ ᠳᠤ ᠠᠯᠪᠠᠨ ᠭᠡᠷᠡᠴᠢᠯᠡᠭᠡ ᠬᠢᠭᠰᠡᠨ ᠪᠠᠶᠢᠨ᠎ᠠ᠃      ᠣᠶᠢᠷ᠎ᠠ ᠶᠢᠨ ᠵᠢᠯ ᠠᠴᠠ ᠨᠠᠭᠠᠰᠢ ᠬᠥᠬᠡᠬᠤᠲᠠ ᠶᠢᠨ ᠬᠢᠨ ᠠᠷᠠᠳ ᠤᠨ ᠠᠮᠢᠳᠤᠷᠠᠯ ᠳᠤ ᠬᠤᠯᠪᠣᠭᠳᠠᠭᠰᠠᠨ ᠡᠯ᠎ᠡ ᠲᠦᠷᠦᠯ ᠤᠨ ᠠᠵᠢᠯ ᠢ ᠨᠠᠷᠢᠯᠢᠭ ᠪᠣᠳᠠᠲᠠᠢ ᠬᠢᠵᠦ᠂ ᠪᠠᠲᠤᠯᠠᠭ᠎ᠠ ᠬᠦᠷᠳᠡᠬᠦ ᠨᠥᠬᠦᠴᠡᠯ ᠳᠤ ᠨᠡᠶᠢᠴᠡᠬᠦ ᠬᠦᠮᠤᠨ ᠨᠢᠭᠡᠪᠤᠷᠢ ᠳᠤ ᠨᠠᠮ ᠤᠨ ᠠᠷᠠᠳ ᠲᠤ ᠠᠰᠢᠭ ᠬᠦᠷᠲᠡᠭᠡᠬᠦ ᠲᠦᠷᠦ ᠶᠢᠨ ᠪᠣᠳᠣᠯᠭ᠎ᠠ ᠶᠢ ᠬᠦᠷᠳᠡᠭᠡᠵᠤ᠂ ᠲᠠᠳᠠᠨᠠᠷ ᠲᠤ ᠬᠠᠯᠠᠭᠤᠨ ᠪᠦᠯᠢᠶᠡᠨ ᠵᠣᠯ ᠵᠢᠷᠭᠠᠯᠳᠤ ᠠᠮᠢᠳᠤᠷᠠᠯ ᠢ ᠡᠳ᠋ᠯᠡᠭᠦᠯᠬᠦ ᠪᠠᠷ ᠬᠦᠴᠤᠯᠡᠭᠰᠡᠭᠡᠷ ᠢᠷᠡᠵᠡᠢ᠃ ᠮᠠᠨ ᠤ ᠬᠤᠲᠠ 2010 ᠣᠨ ᠠᠴᠠ ᠡᠬᠢᠯᠡᠨ ᠣᠯᠠᠨ ᠨᠡᠶᠢᠲᠡ ᠶᠢᠨ ᠳᠦᠷᠢᠶᠡᠰᠦᠨ ᠣᠷᠣᠨ ᠰᠠᠭᠤᠴᠠ ᠶᠢᠨ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠨ᠂ ᠣᠲᠣ ᠪᠣᠯᠲᠠᠯ᠎ᠠ ᠰᠢᠨ᠎ᠡ ᠪᠠᠷ ᠪᠠᠶᠢᠭᠤᠯᠬᠤ᠂ ᠢᠵᠢ ᠪᠦᠷᠢᠳᠦᠭᠦᠯᠦᠨ ᠪᠠᠶᠢᠭᠤᠯᠬᠤ᠂ ᠥᠭᠡᠷᠡᠴᠢᠯᠡᠨ ᠪᠠᠶᠢᠭᠤᠯᠬᠤ ᠵᠡᠷᠭᠡ ᠠᠷᠭ᠎ᠠ ᠭᠡᠯᠪᠠᠷᠢ ᠪᠠᠷ ᠳᠠᠮᠵᠢᠭᠤᠯᠤᠨ 4.87 ᠲᠦᠮᠡᠨ ᠢᠵᠢ ᠣᠯᠠᠨ ᠨᠡᠶᠢᠲᠡ ᠶᠢᠨ ᠳᠦᠷᠢᠶᠡᠰᠦᠨ ᠣᠷᠣᠨ ᠰᠠᠭᠤᠴᠠ ᠶᠢ ᠪᠠᠷᠢᠵᠤ᠂ 4.32 ᠲᠦᠮᠡᠨ ᠢᠵᠢ ᠶᠢ ᠲᠤᠬᠢᠷᠠᠭᠤᠯᠤᠨ ᠲᠦᠷᠢᠶᠡᠰᠦᠯᠡᠭᠦᠯᠪᠡ᠃      ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号