ᠪᠥᠬᠦ ᠬᠤᠲᠠ ᠶᠢᠨ ᠬᠥᠳᠡᠭᠡ ᠲᠣᠰᠬᠤᠨ ᠤ ᠲᠥᠪᠯᠡᠷᠡᠭᠦᠯᠦᠨ ᠤᠰᠤ ᠬᠠᠩᠭᠠᠬᠤ ᠪᠠᠲᠤᠯᠠᠭ᠎ᠠ ᠪᠠ ᠲᠠᠷᠢᠶᠠᠯᠠᠩ ᠤᠨ ᠤᠰᠤᠨ ᠤ ᠦᠨ᠎ᠡ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠠᠬᠤᠢ ᠲᠠᠯᠠᠪᠠᠢ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/9/28
ᠾᠧ ᠬᠠᠢ ᠳ᠋ᠦᠩ ᠣᠷᠣᠯᠴᠠᠵᠠᠢ      ︵ᠰᠤᠷᠪᠤᠯᠵᠢᠯᠠᠭᠴᠢ ᠯᠢᠶᠠᠩ ᠵᠢᠩ ᠱᠤ᠋︶ 9 ᠳ᠋ᠦ᠋ᠭᠡᠷ ᠰᠠᠷ᠎ᠠ ᠶᠢᠨ 27 ᠤ ᠡᠳᠦᠷ᠂ ᠪᠦᠬᠦ ᠬᠤᠳᠠ ᠶᠢᠨ ᠬᠥᠳᠡᠭᠡ ᠲᠣᠰᠬᠤᠨ ᠤ ᠲᠥᠪᠯᠡᠷᠡᠭᠦᠯᠦᠨ ᠤᠰᠤ ᠬᠠᠩᠭᠠᠬᠤ ᠪᠠᠲᠤᠯᠠᠭ᠎ᠠ ᠪᠣᠯᠣᠨ ᠲᠠᠷᠢᠶᠠᠯᠠᠩ ᠤᠨ ᠤᠰᠤᠨ ᠤ ᠦᠨ᠎ᠡ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠠᠬᠤᠢ ᠲᠠᠯᠠᠪᠠᠢ ᠶᠢᠨ ᠬᠤᠷᠠᠯ ᠲᠦᠮᠡᠳ ᠵᠡᠭᠦᠨ ᠬᠤᠰᠢᠭᠤᠨ ᠳᠤ ᠬᠤᠷᠠᠯᠳᠤᠪᠠ᠃      ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠲᠠ ᠶᠢᠨ ᠳᠠᠷᠤᠭ᠎ᠠ ᠾᠧ ᠬᠠᠢ ᠳ᠋ᠦᠩ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠨ ᠳᠡᠳ᠋ ᠳᠠᠷᠤᠭ᠎ᠠ ᠭᠤᠸ ᠮᠢᠩ ᠲᠠᠩ ᠮᠠᠨ ᠤ ᠬᠤᠲᠠ ᠶᠢᠨ ᠬᠥᠳᠡᠭᠡ ᠲᠣᠰᠬᠤᠨ ᠤ ᠲᠥᠪᠯᠡᠷᠡᠭᠦᠯᠦᠨ ᠤᠰᠤ ᠬᠠᠩᠭᠠᠬᠤ ᠪᠠᠲᠤᠯᠠᠭ᠎ᠠ ᠪᠠ ᠲᠠᠷᠢᠶᠠᠯᠠᠩ ᠤᠨ ᠤᠰᠤᠨ ᠤ ᠦᠨ᠎ᠡ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠠᠵᠢᠯ ᠳᠤ ᠦᠨᠡᠯᠡᠯᠲᠡ ᠬᠢᠪᠡ᠃      ᠬᠤᠷᠠᠯ ᠳᠤ ᠣᠷᠣᠯᠴᠠᠭᠰᠠᠳ ᠤᠷᠢᠳ ᠬᠤᠵᠢᠳ ᠲᠦᠮᠡᠳ ᠵᠡᠭᠦᠨ ᠬᠤᠰᠢᠭᠤᠨ ᠤ ᠰᠠᠭᠠᠯᠢᠴᠢᠨ ᠤᠰᠤᠨ ᠤ ᠦᠢᠯᠡᠳᠪᠦᠷᠢ᠂ ᠰᠠᠭᠠᠯᠢᠴᠢᠨ ᠪᠠᠯᠭᠠᠰᠤ ᠶᠢᠨ ᠨᠢᠭᠡ ᠭᠡᠷ ᠲᠣᠰᠬᠤᠨ᠂ ᠮᠧᠩ ᠼᠣᠣ ᠶᠢᠨ ᠴᠢᠨᠠᠷ ᠰᠠᠶᠢᠲᠠᠢ ᠮᠠᠯᠵᠢᠯ ᠤᠨ ᠲᠠᠯᠠᠪᠠᠶ ᠶᠢᠨ ᠡᠭᠦᠯᠳᠡᠷ ᠤᠨ ᠢᠷᠡᠯᠲᠡ ᠶᠢᠨ ᠰᠠᠭᠤᠷᠢᠨ ᠭᠠᠵᠠᠷ ᠢ ᠲᠣᠭᠤᠷᠢᠨ ᠦᠵᠡᠵᠦ᠂ ᠤᠰᠤᠨ ᠤ ᠦᠢᠯᠡᠳᠪᠦᠷᠢ ᠶᠢᠨ ᠡᠵᠡᠩᠨᠡᠯᠲᠡ ᠪᠠ ᠪᠠᠷᠢᠮᠵᠢᠶ᠎ᠠ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠵᠢᠴᠢ ᠶᠡᠷᠦᠩᠬᠡᠢ ᠬᠡᠮᠵᠢᠭᠦᠷ ᠤᠨ ᠭᠡᠷ ᠤᠨ ᠬᠡᠮᠵᠢᠯᠲᠡ ᠶᠢᠨ ᠲᠥᠬᠦᠭᠡᠷᠦᠮᠵᠢ᠂ ᠭᠡᠷ ᠤᠨ ᠤᠰᠤᠨ ᠤ ᠬᠡᠮᠵᠢᠭᠦᠷ ᠤᠨ ᠤᠭᠰᠠᠷᠠᠯᠲᠠ ᠵᠢᠴᠢ ᠤᠰᠤ ᠬᠡᠷᠡᠭᠯᠡᠭᠰᠡᠨ ᠪᠠᠶᠢᠳᠠᠯ᠂ ᠲᠠᠷᠢᠶᠠᠯᠠᠩ ᠤᠨ ᠤᠰᠤᠨ ᠤ ᠦᠨ᠎ᠡ ᠶᠢᠨ ᠥᠭᠡᠷᠡᠴᠢᠯᠡᠯᠲᠡ ᠶᠢᠨ ︽ᠴᠠᠬᠢᠯᠭᠠᠨ ᠢᠶᠠᠷ ᠤᠰᠤ ᠶᠢ ᠨᠤᠭᠤᠯᠬᠤ︾ ᠠᠵᠢᠯ ᠢ ᠥᠷᠨᠢᠭᠦᠯᠦᠭᠰᠡᠨ ᠪᠠᠶᠢᠳᠠᠯ ᠢ ᠨᠠᠷᠢᠨ ᠣᠶᠢᠯᠠᠭᠠᠪᠠ᠃      ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠤᠰᠤ ᠠᠷᠪᠢᠯᠠᠬᠤ ᠤᠬᠠᠮᠰᠠᠷ ᠤᠨ ᠲᠠᠯ᠎ᠠ ᠪᠠᠷ ︽ᠠᠰᠠᠭᠤᠳᠠᠯ ᠢ ᠰᠢᠢᠳᠪᠦᠷᠢᠯᠡᠨ ᠦᠷ᠎ᠡ ᠪᠦᠲᠦᠮᠵᠢ ᠭᠠᠷᠭᠠᠵᠤ︾᠂ ᠤᠯᠤᠰ ᠲᠦᠷᠦ ᠶᠢ ᠡᠷᠬᠢᠮᠯᠡᠬᠦ᠂ ᠶᠡᠭᠡ ᠲᠠᠯ᠎ᠠ ᠶᠢ ᠡᠷᠬᠢᠮᠯᠡᠬᠦ ᠥᠨᠳᠥᠷ ᠠᠴᠠ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠵᠢᠭᠠᠪᠤᠷᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠣᠨ ᠲᠥᠪ᠂ ᠥᠪᠡᠷᠲᠡᠭᠡᠨ ᠵᠠᠰᠠᠬᠤ ᠣᠷᠣᠨ ᠤ ᠪᠠᠶᠢᠷᠢᠯᠠᠭᠤᠯᠤᠯᠲᠠ ᠶᠢ ᠡᠷᠡᠰ ᠭᠤᠶᠢᠪᠢᠰᠢ ᠦᠭᠡᠢ ᠪᠠᠷ ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠢ᠃ ᠤᠰᠤ ᠠᠷᠪᠢᠯᠠᠬᠤ ᠰᠢᠰᠲ᠋ᠧᠮᠵᠢ ᠶᠢᠨ ᠲᠠᠯ᠎ᠠ ᠪᠠᠷ ︽ ᠠᠰᠠᠭᠤᠳᠠᠯ ᠢ ᠰᠢᠢᠳᠪᠦᠷᠢᠯᠡᠨ ᠦᠷ᠎ᠡ ᠪᠦᠲᠦᠮᠵᠢ ᠭᠠᠷᠭᠠᠵᠤ︾᠂ ᠬᠡᠮᠵᠢᠬᠦ ᠵᠠᠷᠤᠳᠠᠯ ᠪᠤᠳᠤᠬᠤ ᠰᠢᠰᠲ᠋ᠧᠮᠵᠢ᠂ ᠦᠨ᠎ᠡ ᠬᠠᠩᠰᠢ ᠶᠢ ᠲᠣᠬᠢᠷᠠᠭᠤᠯᠬᠤ ᠰᠢᠰᠲ᠋ᠧᠮᠵᠢ᠂ ᠱᠠᠩᠨᠠᠵᠤ ᠲᠣᠷᠭᠠᠬᠤ ᠰᠢᠰᠲ᠋ᠧᠮᠵᠢ ᠪᠣᠯᠣᠨ ᠦᠵᠦᠭᠦᠷ ᠤᠨ ᠬᠠᠮᠢᠶᠠᠷᠤᠯᠲᠠ ᠶᠢᠨ ᠰᠢᠰᠲ᠋ᠧᠮᠵᠢ ᠶᠢ ᠰᠠᠶᠢᠲᠤᠷ ᠪᠠᠶᠢᠭᠤᠯᠬᠤ ᠬᠡᠷᠡᠭᠲᠡᠢ᠃ ᠤᠰᠤ ᠠᠷᠪᠢᠯᠠᠬᠤ ᠬᠠᠷᠠᠯᠲᠠ ᠶᠢᠨ ᠲᠠᠯ᠎ᠠ ᠪᠠᠷ ︽ ᠠᠰᠠᠭᠤᠳᠠᠯ ᠢ ᠰᠢᠢᠳᠪᠦᠷᠢᠯᠡᠨ ᠦᠷ᠎ᠡ ᠪᠦᠲᠦᠮᠵᠢ ᠭᠠᠷᠭᠠᠵᠤ︾᠂ ᠬᠥᠳᠡᠭᠡ ᠲᠣᠰᠬᠤᠨ ᠳᠤ ᠲᠥᠪᠯᠡᠷᠡᠭᠦᠯᠦᠨ ᠤᠰᠤ ᠬᠠᠩᠭᠠᠬᠤ ᠳᠠᠭᠠᠨ ᠪᠠᠷᠢᠮᠵᠢᠶᠠᠵᠢᠭᠤᠯᠤᠭᠰᠠᠨ ᠬᠠᠮᠢᠶᠠᠷᠤᠯᠲᠠ᠂ ᠵᠢᠷᠤᠮᠵᠢᠭᠤᠯᠤᠭᠰᠠᠨ ᠪᠦᠲᠦᠭᠡᠨ ᠪᠠᠶᠢᠭᠤᠯᠤᠯᠲᠠ ᠶᠢ ᠬᠡᠷᠡᠭᠵᠢᠭᠦᠯᠵᠦ᠂ ᠲᠠᠷᠢᠶᠠᠯᠠᠩ ᠤᠨ ᠤᠰᠤᠨ ᠤ ᠦᠨ᠎ᠡ ᠶᠢᠨ ᠥᠭᠡᠷᠡᠴᠢᠯᠡᠯᠲᠡ ᠶᠢ ᠡᠭᠦᠷᠭᠡ ᠬᠠᠷᠠᠯᠲᠠ ᠲᠠᠢ ᠬᠠᠷᠢᠴᠠᠭᠤᠯᠵᠤ᠂ ᠬᠡᠷᠡᠭᠵᠢᠭᠦᠯᠦᠨ ᠨᠠᠶᠢᠳᠠᠪᠤᠷᠢᠵᠢᠭᠤᠯᠬᠤ ᠶᠢ ᠦᠨᠡᠨ ᠬᠦ ᠰᠠᠶᠢᠲᠤᠷ ᠠᠳᠬᠤᠬᠤ ᠬᠡᠷᠡᠭᠲᠡᠢ᠃ ᠤᠰᠤ ᠠᠷᠪᠢᠯᠠᠬᠤ ᠪᠠᠲᠤᠯᠠᠭ᠎ᠠ ᠶᠢᠨ ᠲᠠᠯ᠎ᠠ ᠪᠠᠷ ︽ᠠᠰᠠᠭᠤᠳᠠᠯ ᠢ ᠰᠢᠢᠳᠪᠦᠷᠢᠯᠡᠨ ᠦᠷ᠎ᠡ ᠪᠦᠲᠦᠮᠵᠢ ᠭᠠᠷᠭᠠᠵᠤ︾᠂ ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠵᠤ᠂ ᠲᠤᠷᠰᠢᠯᠲᠠ ᠶᠢᠨ ᠴᠡᠭ ᠵᠢᠱᠢᠶ᠎ᠡ ᠦᠵᠡᠭᠦᠯᠬᠦ ᠶᠢ ᠲᠥᠪᠯᠡᠷᠡᠭᠦᠯᠦᠨ ᠪᠣᠶ ᠪᠣᠯᠭᠠᠵᠤ᠂ ᠤᠬᠠᠭᠤᠯᠵᠤ ᠬᠥᠲᠥᠯᠥᠨ ᠵᠢᠯᠤᠭᠤᠳᠬᠤ ᠶᠢ ᠪᠦᠲᠦᠮᠵᠢᠲᠡᠶ ᠰᠠᠶᠢᠲᠤᠷ ᠬᠢᠵᠦ᠂ ᠬᠢᠨᠠᠯᠲᠠ ᠲᠠᠯᠪᠢᠵᠤ ᠬᠢᠨᠠᠨ ᠰᠢᠯᠭᠠᠬᠤ ᠶᠢ ᠲᠣᠪᠤᠶᠢᠯᠭᠠᠨ ᠴᠢᠩᠭᠠᠳᠬᠠᠵᠤ᠂ ᠤᠰᠤ ᠠᠷᠪᠢᠯᠠᠵᠤ ᠤᠰᠤ ᠬᠢᠵᠠᠭᠠᠷᠯᠠᠬᠤ ᠡᠯ᠎ᠡ ᠵᠦᠢᠯ ᠤᠨ ᠠᠵᠢᠯ ᠤᠨ ᠡᠭᠦᠷᠭᠡ ᠶᠢ ᠦᠨᠡᠨᠬᠦ ᠴᠢᠨᠠᠷ ᠰᠠᠶᠢᠲᠠᠢ ᠪᠡᠶᠡᠯᠡᠭᠦᠯᠬᠦ ᠬᠡᠷᠡᠭᠲᠡᠢ ᠭᠡᠵᠡᠢ᠃      ᠬᠤᠷᠠᠯ ᠠᠴᠠ ᠪᠠᠰᠠ ᠪᠦᠬᠦ ᠬᠤᠳᠠ ᠶᠢᠨ ᠬᠥᠳᠡᠭᠡ ᠲᠣᠰᠬᠤᠨ ᠤ ᠲᠥᠪᠯᠡᠷᠡᠭᠦᠯᠦᠨ ᠤᠰᠤ ᠬᠠᠩᠭᠠᠬᠤ ᠪᠠᠲᠤᠯᠠᠭ᠎ᠠ ᠪᠣᠯᠣᠨ ᠲᠠᠷᠢᠶᠠᠯᠠᠩ ᠤᠨ ᠤᠰᠤᠨ ᠤ ᠦᠨ᠎ᠡ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠪᠠᠶᠢᠳᠠᠯ ᠢ ᠮᠡᠳᠡᠭᠳᠡᠵᠦ᠂ ᠬᠤᠯᠪᠣᠭᠳᠠᠯ ᠪᠦᠬᠦᠢ ᠭᠠᠵᠠᠷ ᠣᠷᠣᠨ ᠤ ᠬᠠᠷᠢᠭᠤᠴᠠᠯᠭᠠᠲᠠᠨ ᠨᠥᠬᠦᠳ ᠲᠤᠰ ᠲᠤᠰ ᠨᠡᠶᠢᠲᠡᠯᠢᠭ ᠶᠠᠷᠢᠶ᠎ᠠ ᠪᠣᠯᠣᠨ ᠣᠪᠣᠷ ᠢᠶᠠᠨ ᠢᠯᠡᠳᠬᠡᠬᠦ ᠶᠠᠷᠢᠶ᠎ᠠ ᠲᠠᠯᠪᠢᠵᠠᠢ᠃
 
ᠢᠷᠡᠯᠲᠡ᠄ ᠬᠤᠲᠤᠩ ᠠᠷᠠᠳ ᠤᠨ ᠲᠣᠭᠤᠷᠢᠭ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号