ᠬᠥᠬᠡᠬᠤᠲᠠ ᠶᠢᠨ ᠨᠢᠭᠡᠳᠦᠮᠡᠯ ᠹᠷᠣᠨᠲ ᠤᠨ ᠬᠢᠨ ᠠᠴᠠ ᠶᠢᠰᠦᠳᠦᠭᠡᠷ ᠬᠤᠭᠤᠴᠠᠭᠠᠨ ᠤ ︽ᠲᠥᠪ ᠬᠤᠲᠠ ᠶᠢᠨ ᠰᠡᠳᠬᠢᠯ ᠢᠶᠠᠨ ᠨᠢᠭᠡᠳᠬᠡᠬᠦ ᠶᠡᠭᠡ ᠬᠢᠴᠢᠶᠡᠯ ᠤᠨ ᠲᠠᠩᠬᠢᠮ︾ ᠢ ᠡᠷᠭᠢᠯᠡᠪᠡ
ᠨᠡᠶᠢᠲᠡᠯᠡᠭᠰᠡᠨ ᠴᠠᠭ᠄
2023/9/28
      ︵ᠰᠤᠷᠪᠤᠯᠵᠢᠯᠠᠭᠴᠢ ᠯᠢᠦᠢ ᠬᠤᠢ ᠱᠧᠩ︶ 9 ᠳ᠋ᠦ᠋ᠭᠡᠷ ᠰᠠᠷ᠎ᠠ ᠶᠢᠨ 26 ᠤ ᠡᠳᠦᠷ᠂ ᠬᠥᠬᠡᠬᠤᠲᠠ ᠶᠢᠨ ᠨᠢᠭᠡᠳᠦᠮᠡᠯ ᠹᠷᠣᠨᠲ ᠤᠨ ᠬᠢᠨ ᠠᠴᠠ ᠶᠢᠰᠦᠳᠦᠭᠡᠷ ᠬᠤᠭᠤᠴᠠᠭᠠᠨ ᠤ ︽ᠲᠥᠪ ᠬᠤᠳᠠ ᠶᠢᠨ ᠰᠡᠳᠬᠢᠯ ᠢᠶᠠᠨ ᠨᠢᠭᠡᠳᠬᠡᠬᠦ ᠶᠡᠭᠡ ᠬᠢᠴᠢᠶᠡᠯ ᠤᠨ ᠲᠠᠩᠬᠢᠮ︾ ᠢ ᠡᠷᠬᠢᠯᠡᠵᠦ᠂ ᠪᠦᠬᠦ ᠬᠤᠳᠠ ᠶᠢᠨ ᠱᠠᠰᠢᠨ ᠰᠤᠷᠲᠠᠬᠤᠨ ᠤ ᠠᠵᠢᠯ ᠤᠨ ᠺᠠᠳ᠋ᠷ᠂ ᠱᠠᠰᠢᠨ ᠰᠤᠷᠲᠠᠬᠤᠨ ᠤ ᠡᠲᠡᠭᠡᠳ ᠤᠨ ᠲᠥᠯᠥᠭᠡᠯᠡᠭᠴᠢ ᠬᠥᠮᠥᠰ᠂ ᠱᠠᠰᠢᠨ ᠰᠤᠷᠲᠠᠬᠤᠨ ᠤ ᠠᠵᠢᠯᠲᠠᠳ ᠢ ᠵᠣᠬᠢᠶᠠᠨ ᠪᠠᠶᠢᠭᠤᠯᠤᠨ ᠲᠤᠰᠬᠠᠢ ᠰᠡᠳᠦᠪᠲᠦ ᠬᠠᠪᠰᠤᠷᠤᠨ ᠵᠢᠯᠣᠭᠤᠳᠤᠯᠭ᠎ᠠ ᠬᠢᠵᠡᠢ᠃      ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠭᠧ ᡁᠢ ᠮᠢᠨ ᠣᠷᠣᠯᠴᠠᠪᠠ᠃      ᠲᠣᠰ ᠤᠳᠠᠭᠠᠨ ᠤ ᠬᠢᠴᠢᠶᠡᠯ ᠤᠨ ᠲᠠᠩᠬᠢᠮ ᠳᠤ ᠵᠧᠵᠢᠶᠠᠩ ᠶᠡᠭᠡ ᠰᠤᠷᠭᠠᠭᠤᠯᠢ ᠶᠢᠨ ᠤᠯᠤᠰ ᠤᠨ ᠪᠠᠶᠢᠭᠤᠯᠤᠯ ᠤᠨ ᠰᠤᠳᠤᠯᠭᠠᠨ ᠤ ᠬᠦᠷᠢᠶᠡᠯᠡᠩ ᠤᠨ ᠰᠤᠳᠤᠯᠤᠭᠴᠢ ᠱᠧᠨ ᠬᠦᠶ ᠫᠢᠩ ᠢ ᠲᠤᠰᠬᠠᠶᠢᠯᠠᠨ ᠤᠷᠢᠵᠤ ᠲᠤᠰᠬᠠᠢ ᠰᠡᠳᠦᠪᠲᠦ ᠬᠠᠪᠰᠤᠷᠤᠨ ᠵᠢᠯᠣᠭᠤᠳᠤᠯᠭ᠎ᠠ ᠬᠢᠯᠭᠡᠵᠦ᠂ ᠮᠠᠨ ᠤ ᠤᠯᠤᠰ ᠤᠨ ᠱᠠᠰᠢᠨ ᠰᠤᠷᠲᠠᠬᠤᠨ ᠤ ᠳᠤᠮᠳᠠᠳᠤ ᠤᠯᠤᠰᠴᠢᠯᠠᠭᠰᠠᠨ ᠲᠡᠦᠬᠡᠨ ᠤᠯᠠᠮᠵᠢᠯᠠᠯ᠂ ᠣᠲᠣ ᠦᠶ᠎ᠡ ᠳᠤ ᠶᠠᠭᠤᠨ ᠤ ᠤᠴᠢᠷ ᠠᠴᠠ ᠱᠠᠰᠢᠨ ᠰᠤᠷᠲᠠᠬᠤᠨ ᠤ ᠳᠤᠮᠳᠠᠳᠤ ᠤᠯᠤᠰᠴᠢᠯᠠᠭᠰᠠᠨ ᠴᠢᠭᠯᠡᠯ ᠢ ᠪᠠᠷᠢᠮᠲᠠᠯᠠᠬᠤ᠂ ᠮᠠᠨ ᠤ ᠤᠯᠤᠰ ᠤᠨ ᠱᠠᠰᠢᠨ ᠰᠤᠷᠲᠠᠬᠤᠨ ᠤ ᠳᠤᠮᠳᠠᠳᠤ ᠤᠯᠤᠰᠴᠢᠯᠠᠬᠤ ᠶᠢ ᠭᠦᠨᠵᠡᠭᠡᠢ ᠲᠦᠯᠬᠢᠨ ᠠᠬᠢᠭᠤᠯᠬᠤ ᠭᠤᠷᠪᠠᠨ ᠲᠠᠯ᠎ᠠ ᠶᠢᠨ ᠠᠭᠤᠯᠭ᠎ᠠ ᠶᠢᠨ ᠲᠣᠭᠤᠷᠢᠨ ᠳᠤ ᠭᠤᠣᠯᠳᠠᠯᠭ᠎ᠠ ᠲᠠᠢ ᠪᠠᠷ ᠭᠦᠨᠵᠡᠭᠡᠢ ᠲᠠᠶᠢᠯᠪᠤᠷᠢ ᠬᠢᠪᠡ᠃      ᠲᠤᠰ ᠤᠳᠠᠭ᠎ᠠ ᠶᠢᠨ ᠲᠠᠶᠢᠯᠤᠮᠵᠢ ᠪᠣᠯ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠭᠤᠣᠯ ᠰᠡᠳᠦᠪᠲᠦ ᠬᠥᠮᠦᠵᠢᠯ ᠢ ᠭᠦᠨᠵᠡᠭᠡᠢ ᠰᠤᠷᠤᠯᠴᠠᠨ ᠲᠤᠭᠤᠰᠢᠯᠠᠭᠤᠯᠬᠤ ᠴᠢᠬᠤᠯᠠ ᠠᠷᠭ᠎ᠠ ᠬᠡᠮᠵᠢᠶ᠎ᠡ ᠪᠣᠯᠣᠨ᠎ᠠ᠃
 
ᠢᠷᠡᠯᠲᠡ᠄ ᠬᠤᠲᠤᠩ ᠠᠷᠠᠳ ᠤᠨ ᠲᠣᠭᠤᠷᠢᠭ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号