︵ᠰᠤᠷᠪᠤᠯᠵᠢᠯᠠᠭᠴᠢ ᠯᠢᠦ ᠯᠢ ᠰᠢᠶᠠ︶ 9 ᠳ᠋ᠦ᠋ᠭᠡᠷ ᠰᠠᠷ᠎ᠠ ᠶᠢᠨ 7 ᠤ ᠡᠳᠦᠷ᠂ ᠥᠪᠡᠷᠲᠡᠭᠡᠨ ᠵᠠᠰᠠᠬᠤ | ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠣᠯᠯᠠᠨ ᠡᠷᠬᠢᠯᠡᠵᠦ᠂ ᠥᠪᠡᠷᠲᠡᠭᠡᠨ ᠵᠠᠰᠠᠬᠤ ᠣᠷᠣᠨ ᠤ | ᠰᠣᠶᠣᠯ ᠵᠢᠭᠤᠯᠴᠢᠯᠠᠯ ᠤᠨ ᠲᠢᠩᠬᠢᠮ ᠠᠴᠠ ᠳᠠᠭᠠᠭᠠᠴᠢᠯᠠᠨ ᠡᠷᠬᠢᠯᠡᠭᠰᠡᠨ ᠳᠥᠷᠪᠡᠳᠦᠭᠡᠷ ᠬᠤᠭᠤᠴᠠᠭᠠᠨ ᠤ ᠳᠤᠮᠳᠠᠳᠤ | ᠮᠣᠩᠭᠤᠯ ᠤᠨ ᠦᠵᠡᠰᠬᠦᠯᠡᠩ ᠤᠨ ᠴᠤᠭᠯᠠᠭᠠᠨ ᠤ ︽ᠲᠦᠮᠡᠨ ᠭᠠᠵᠠᠷ ᠤᠨ ᠴᠠᠢ ᠶᠢᠨ ᠵᠠᠮ︾ ᠤᠯᠠᠨ ᠤᠯᠤᠰ ᠤᠨ | ᠰᠣᠶᠣᠯ ᠵᠢᠭᠤᠯᠴᠢᠯᠠᠯ ᠤᠨ ᠲᠠᠨᠢᠯᠴᠠᠭᠤᠯᠭ᠎ᠠ ᠶᠢᠨ ᠬᠤᠷᠠᠯ ᠬᠥᠬᠡᠬᠤᠲᠠ ᠳᠤ ᠬᠤᠷᠠᠯᠳᠤᠪᠠ᠃ | ᠥᠪᠡᠷᠲᠡᠭᠡᠨ ᠵᠠᠰᠠᠬᠤ ᠣᠷᠣᠨ ᠤ ᠤᠯᠤᠰ ᠲᠦᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠯᠥᠸᠧ ᡁᠢ ᠬᠤ᠋ | ᠬᠤᠷᠠᠯ ᠳᠤ ᠣᠷᠣᠯᠴᠠᠵᠤ ᠪᠠᠶᠠᠷ ᠤᠨ ᠦᠭᠡ ᠬᠡᠯᠡᠪᠡ᠃ | ᠯᠥᠸᠧ ᡁᠢ ᠬᠤ᠋ ᠪᠠᠶᠠᠷ ᠤᠨ ᠦᠭᠡ ᠳᠡᠭᠡᠨ᠂ ︽ᠲᠦᠮᠡᠨ ᠭᠠᠵᠠᠷ ᠤᠨ ᠴᠠᠢ ᠶᠢᠨ ᠵᠠᠮ︾ ᠪᠣᠯ 300 | ᠵᠢᠯ ᠤᠨ ᠡᠮᠦᠨ᠎ᠡ ᠳᠤᠮᠳᠠᠳᠤ ᠤᠯᠤᠰ ᠤᠨ ᠬᠤᠳᠠᠯᠳᠤᠭᠠᠴᠢᠳ ᠤᠨ ᠴᠠᠢ ᠪᠠᠷ ᠵᠠᠭᠤᠴᠢᠯᠠᠭᠤᠷ ᠪᠣᠯᠭᠠᠵᠤ ᠭᠠᠷᠭᠠᠭᠰᠠᠨ | ᠠᠷᠠᠯᠵᠢᠶᠠᠨ ᠤ ᠵᠠᠮ ᠪᠣᠯᠣᠨ᠎ᠠ᠂ ᠡᠯ᠎ᠡ ᠤᠯᠤᠰ ᠤᠨ ᠠᠷᠠᠳ ᠲᠦᠮᠡᠨ ᠤ ᠰᠣᠶᠣᠯ ᠤᠨ ᠰᠣᠯᠢᠯᠴᠠᠭ᠎ᠠ ᠠᠭᠤᠰᠤᠯᠴᠠᠯ ᠤᠨ | ᠪᠣᠯᠪᠠᠰᠤᠨ ᠤ ᠵᠠᠮ ᠪᠣᠯᠣᠨ᠎ᠠ᠂ ᠮᠥᠨᠴᠦ ᠳᠤᠮᠳᠠᠳᠤ ᠤᠷᠤᠰ ᠮᠣᠩᠭᠤᠯ ᠭᠤᠷᠪᠠᠨ ᠤᠯᠤᠰ ᠤᠨ ᠠᠷᠠᠳ ᠲᠦᠮᠡᠨ ᠤ | ᠭᠦᠨ ᠳᠣᠲᠣᠨᠣ ᠨᠥᠬᠦᠷᠯᠡᠯ ᠤᠨ ᠵᠠᠮ ᠪᠣᠯᠣᠨ᠎ᠠ᠃ ᠣᠶᠢᠷ᠎ᠠ ᠶᠢᠨ ᠵᠢᠯ ᠳᠤ᠂ ᠥᠪᠥᠷ ᠮᠣᠩᠭᠤᠯ ᠣᠷᠣᠰ ᠮᠣᠩᠭᠤᠯ ᠢ | ᠬᠤᠯᠪᠣᠭᠰᠠᠨ ᠣᠷᠣᠨ ᠪᠠᠶᠢᠷᠢ ᠶᠢᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠭᠠᠳᠠᠭᠠᠳᠤ ᠯᠤᠭ᠎ᠠ ᠶᠢᠨ | ᠵᠢᠭᠤᠯᠴᠢᠯᠠᠯ ᠤᠨ ᠬᠠᠮᠲᠤᠷᠠᠯᠴᠠᠭ᠎ᠠ ᠪᠠᠨ ᠲᠠᠰᠤᠷᠠᠯᠲᠠ ᠦᠭᠡᠢ ᠭᠦᠨᠵᠡᠭᠡᠶᠢᠷᠡᠭᠦᠯᠵᠦ᠂ ᠣᠷᠣᠰ ᠮᠣᠩᠭᠤᠯ ᠤᠯᠤᠰ ᠤᠨ | ᠣᠯᠠᠨ ᠭᠠᠵᠠᠷ ᠯᠤᠭ᠎ᠠ ᠰᠢᠯᠤᠭᠤᠨ ᠬᠠᠮᠵᠢᠯᠴᠠᠬᠤ ᠬᠠᠷᠢᠴᠠᠭ᠎ᠠ ᠪᠠᠶᠢᠭᠤᠯᠵᠤ᠂ ᠬᠠᠮᠲᠤᠪᠠᠷ ᠳᠤᠮᠳᠠᠳᠤ ᠣᠷᠣᠰ | ᠮᠣᠩᠭᠤᠯ ᠤᠨ ︽ᠲᠦᠮᠡᠨ ᠭᠠᠵᠠᠷ ᠤᠨ ᠴᠠᠢ ᠶᠢᠨ ᠵᠠᠮ︾ ᠣᠯᠠᠨ ᠤᠯᠤᠰ ᠤᠨ ᠬᠤᠪᠢ ᠶᠢᠨ ᠮᠠᠰᠢᠨ ᠲᠡᠷᠭᠡ ᠪᠠᠷ | ᠵᠢᠭᠤᠯᠴᠢᠯᠠᠬᠤ ᠬᠥᠳᠡᠯᠭᠡᠭᠡᠨ ᠥᠷᠨᠢᠭᠦᠯᠵᠦ᠂ ︽ᠲᠠᠯ᠎ᠠ ᠨᠤᠲᠤᠭ ᠤᠨ ᠣᠳᠣᠨ︾ ︽ᠲᠦᠮᠡᠨ ᠭᠠᠵᠠᠷ ᠤᠨ ᠴᠠᠢ ᠶᠢᠨ | ᠵᠠᠮ︾ ᠵᠢᠭᠤᠯᠴᠢᠯᠠᠯ ᠤᠨ ᠲᠤᠰᠬᠠᠢ ᠭᠠᠯᠲᠤ ᠲᠡᠷᠭᠡ ᠶᠢ ᠨᠠᠪᠲᠠᠷᠡᠭᠦᠯᠵᠦ᠂ ᠠᠷᠪᠠᠨ ᠵᠢᠯ ᠳᠠᠷᠠᠭᠠᠯᠠᠨ ︽ᠨᠥᠬᠦᠷᠯᠡᠯ · | ᠡᠩᠬᠡ ᠲᠠᠶᠢᠪᠤᠩ · ᠵᠠᠯᠠᠭᠤ ᠡᠯᠴᠢ︾ ᠳᠤᠮᠳᠠᠳᠤ ᠣᠷᠣᠰ ᠮᠣᠩᠭᠤᠯ ᠤᠨ ᠵᠠᠯᠠᠭᠤᠴᠤᠳ ᠪᠠᠭᠠᠴᠤᠳ ᠤᠨ | ᠵᠢᠭᠤᠯᠴᠢᠯᠠᠯ ᠤᠨ ᠵᠤᠰᠠᠯᠠᠩ ᠢ ᠵᠣᠬᠢᠶᠠᠨ ᠪᠠᠶᠢᠭᠤᠯᠵᠤ᠂ ᠳᠤᠮᠳᠠᠳᠤ ᠣᠷᠣᠰ ᠮᠣᠩᠭᠤᠯ ᠭᠤᠷᠪᠠᠨ ᠤᠯᠤᠰ ᠤᠨ | ᠰᠣᠯᠢᠯᠴᠠᠭᠠᠨ ᠤ ᠵᠠᠮ ᠢ ᠤᠯᠠᠮ ᠨᠢᠭᠡ ᠠᠯᠬᠤᠮ ᠰᠠᠭᠠᠳ ᠦᠭᠡᠢ ᠨᠡᠪᠲᠡᠷᠡᠭᠦᠯᠪᠡ᠃ 2023 ᠣᠨ ᠤ 1 ︱ 8 | ᠳ᠋ᠤᠭᠠᠷ ᠰᠠᠷ᠎ᠠ ᠳᠤ᠂ ᠥᠪᠥᠷ ᠮᠣᠩᠭᠤᠯ ᠣᠷᠣᠰ ᠤᠨ ᠵᠢᠭᠤᠯᠴᠢᠳ ᠢ 11 ᠲᠦᠮᠡᠨ ᠬᠥᠮᠥᠨ ᠤᠳᠠᠭ᠎ᠠ ᠭᠥᠯᠢᠶᠡᠨ | ᠠᠪᠴᠤ᠂ ᠮᠣᠩᠭᠤᠯ ᠤᠯᠤᠰ ᠤᠨ ᠵᠢᠭᠤᠯᠴᠢᠳ ᠢ 68.4 ᠲᠦᠮᠡᠨ ᠬᠥᠮᠥᠨ ᠤᠳᠠᠭ᠎ᠠ ᠭᠥᠯᠢᠶᠡᠨ ᠠᠪᠴᠤ᠂ ᠲᠣᠰ | ᠲᠣᠰ ᠪᠠᠷᠤᠭ ᠪᠥᠬᠦ ᠤᠯᠤᠰ ᠤᠨ ᠬᠦᠯᠢᠶᠡᠨ ᠠᠪᠤᠭᠰᠠᠨ ᠲᠣᠭᠠᠨ ᠤ 89% ᠪᠠ 90% ᠶᠢ ᠡᠵᠡᠯᠡᠵᠦ᠂ ᠳᠤᠮᠳᠠᠳᠤ | ᠤᠯᠤᠰ ᠤᠨ ᠣᠷᠣᠰ ᠮᠣᠩᠭᠤᠯ ᠤᠨ ᠵᠢᠭᠤᠯᠴᠢᠳ ᠢ ᠭᠥᠯᠢᠶᠡᠨ ᠠᠪᠬᠤ ᠴᠢᠬᠤᠯᠠ ᠵᠣᠷᠢᠭᠰᠠᠨ ᠭᠠᠵᠠᠷ ᠪᠣᠯᠪᠠ︔ | ᠡᠭᠦᠨ ᠤ ᠬᠠᠮᠲᠤ᠂ ᠤᠷᠤᠰ ᠮᠣᠩᠭᠤᠯ ᠤᠯᠤᠰ ᠴᠤ ᠥᠪᠥᠷ ᠮᠣᠩᠭᠤᠯ ᠤᠨ ᠵᠢᠭᠤᠯᠴᠢᠳ ᠤᠨ ᠳᠤᠷᠠᠲᠠᠢ ᠵᠣᠷᠢᠭᠰᠠᠨ | ᠭᠠᠵᠠᠷ ᠪᠣᠯᠣᠨ᠎ᠠ᠃ ᠵᠢᠭᠤᠯᠴᠢᠯᠠᠯ ᠨᠢ ᠡᠳᠦᠷ ᠢᠷᠡᠬᠦᠶ᠎ᠡ ᠳᠤᠮᠳᠠᠳᠤ ᠤᠷᠤᠰ ᠮᠣᠩᠭᠤᠯ ᠤᠨ ᠠᠷᠠᠳ ᠲᠦᠮᠡᠨ ᠤ | ᠣᠶᠢᠯᠠᠭᠠᠯᠴᠠᠭ᠎ᠠ ᠪᠠᠨ ᠨᠡᠮᠡᠭᠳᠡᠭᠦᠯᠬᠦ᠂ ᠨᠥᠬᠦᠷᠯᠡᠯ ᠢᠶᠠᠨ ᠵᠤᠵᠠᠭᠠᠳᠬᠠᠬᠤ ᠴᠢᠬᠤᠯᠠ ᠠᠴᠢᠶᠠᠯᠠᠪᠤᠷᠢ ᠪᠣᠯᠵᠤ ᠪᠠᠶᠢᠨ᠎ᠠ | ᠭᠡᠵᠡᠢ᠃ | ᠬᠤᠶᠢᠰᠢᠳᠠ᠂ ᠥᠪᠥᠷ ᠮᠣᠩᠭᠤᠯ ᠣᠷᠣᠰ ᠮᠣᠩᠭᠤᠯ ᠣᠷᠣᠨ ᠯᠤᠭ᠎ᠠ ᠶᠢᠨ ᠰᠣᠶᠣᠯ ᠵᠢᠭᠤᠯᠴᠢᠯᠠᠯ ᠤᠨ | ᠰᠣᠯᠢᠯᠴᠠᠭ᠎ᠠ ᠬᠠᠮᠲᠤᠷᠠᠯᠴᠠᠭ᠎ᠠ ᠪᠠᠨ ᠦᠷᠭᠦᠯᠵᠢᠯᠡᠨ ᠭᠦᠨᠵᠡᠭᠡᠶᠢᠷᠡᠭᠦᠯᠵᠦ᠂ ︽ᠲᠦᠮᠡᠨ ᠭᠠᠵᠠᠷ ᠤᠨ ᠴᠠᠢ ᠶᠢᠨ ᠵᠠᠮ︾ | ᠣᠯᠠᠨ ᠤᠯᠤᠰ ᠤᠨ ᠵᠢᠭᠤᠯᠴᠢᠯᠠᠯ ᠤᠨ ᠬᠤᠯᠪᠣᠭ᠎ᠠ ᠪᠠᠷ ᠭᠠᠷᠳᠠᠴᠠ ᠪᠣᠯᠭᠠᠵᠤ᠂ ︽ᠲᠦᠮᠡᠨ ᠭᠠᠵᠠᠷ ᠤᠨ ᠴᠠᠢ ᠶᠢᠨ | ᠵᠠᠮ︾ ᠣᠯᠠᠨ ᠤᠯᠤᠰ ᠤᠨ ᠵᠢᠭᠤᠯᠴᠢᠯᠠᠯ ᠤᠨ ᠨᠠᠷᠠᠲᠤ ᠲᠥᠷᠥᠯ ᠲᠡᠮᠳᠡᠭᠲᠦ ᠶᠢ ᠡᠭᠦᠳᠦᠨ ᠪᠠᠶᠢᠭᠤᠯᠬᠤ᠂ ᠵᠠᠮ | ᠱᠤᠭᠤᠮ ᠢ ᠳᠡᠯᠭᠡᠷᠡᠭᠦᠯᠬᠦ ᠪᠠ ᠦᠢᠯᠡᠳᠬᠦᠨ ᠤ ᠪᠦᠲᠦᠭᠡᠨ ᠪᠠᠶᠢᠭᠤᠯᠤᠯᠲᠠ ᠶᠢ ᠪᠥᠬᠦ ᠲᠠᠯ᠎ᠠ ᠪᠠᠷ ᠠᠬᠢᠭᠤᠯᠤᠨ᠂ | ᠬᠠᠮᠲᠤᠷᠠᠯᠴᠠᠭᠠᠨ ᠤ ᠵᠠᠭᠪᠤᠷ ᠤᠨ ᠰᠢᠨ᠎ᠡ ᠶᠢ ᠡᠭᠦᠳᠴᠦ᠂ ᠣᠷᠣᠰ ᠮᠣᠩᠭᠤᠯ ᠯᠤᠭ᠎ᠠ ᠶᠢᠨ ᠰᠣᠶᠣᠯ ᠵᠢᠭᠤᠯᠴᠢᠯᠠᠯ ᠤᠨ | ᠰᠣᠯᠢᠯᠴᠠᠭ᠎ᠠ ᠶᠢᠨ ᠲᠠᠯ᠎ᠠ ᠪᠠᠷ ᠤᠷᠢᠳᠠᠪᠠᠷ ᠲᠤᠷᠰᠢᠵᠤ ᠤᠷᠢᠳᠠᠪᠠᠷ ᠬᠢᠵᠦ᠂ ᠮᠠᠨ ᠤ ᠤᠯᠤᠰ ᠤᠨ ᠤᠮᠠᠷᠠᠰᠢ ᠨᠡᠭᠡᠭᠡᠯᠲᠡ | ᠬᠢᠬᠦ ᠪᠠᠬᠢᠯᠡᠯᠲᠡ ᠶᠢ ᠴᠢᠨᠠᠷ ᠰᠠᠶᠢᠲᠠᠢ ᠪᠦᠲᠦᠭᠡᠨ ᠪᠠᠶᠢᠭᠤᠯᠬᠤ ᠳᠤ ᠬᠦᠴᠦᠨ ᠴᠢᠳᠠᠯ ᠢᠶᠠᠨ ᠡᠷᠭᠦᠬᠦ ᠪᠣᠯᠣᠨ᠎ᠠ᠃ |