ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢᠨ ᠣᠶᠤᠨ ᠤ ᠬᠥᠮᠥᠷᠭᠡ ᠶᠢᠨ ᠶᠠᠷᠢᠶᠠᠨ ᠤ ᠲᠠᠪᠴᠠᠩ ᠬᠥᠬᠡᠬᠤᠲᠠ ᠳᠤ ᠶᠠᠪᠤᠭᠳᠠᠵᠠᠢ
ᠨᠡᠶᠢᠲᠡᠯᠡᠭᠰᠡᠨ ᠴᠠᠭ᠄
2023/9/8
ᠰ᠊ · ᠪᠢᠮᠪᠠᠴᠣᠭᠲᠤ ᠭᠤᠣᠯ ᠵᠤᠷᠢᠯᠳᠠᠳᠤ ᠦᠭᠡ ᠬᠡᠯᠡᠪᠡ      ᠥᠪᠥᠷ ᠮᠣᠩᠭᠤᠯ ᠤᠨ ᠡᠳᠦᠷ ᠤᠨ ᠰᠣᠨᠢᠨ ᠤ ᠮᠡᠳᠡᠭᠡ ︵ᠰᠤᠷᠪᠤᠯᠵᠢᠯᠠᠭᠴᠢ ᠺᠠᠩ ᠯᠢ ᠨᠠ︶ 9 ᠰᠠᠷ᠎ᠠ ᠶᠢᠨ 7 ᠤ ᠡᠳᠦᠷ᠂ ᠳᠥᠷᠪᠡᠳᠦᠭᠡᠷ ᠬᠤᠭᠤᠴᠠᠭᠠᠨ ᠤ ᠳᠤᠮᠳᠠᠳᠤ ᠮᠣᠩᠭᠤᠯ ᠤᠨ ᠦᠵᠡᠰᠭᠦᠯᠡᠩ ᠤᠨ ᠴᠤᠭᠯᠠᠭᠠᠨ ᠤ ᠰᠢᠷᠢᠰ ᠶᠠᠷᠢᠶᠠᠨ ᠤ ᠲᠠᠪᠴᠠᠩ ᠤᠨ ᠠᠵᠢᠯᠯᠠᠭ᠎ᠠ ᠶᠢᠨ ᠨᠢᠭᠡ ᠪᠤᠯᠬᠤ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢᠨ ᠤᠶᠤᠨ ᠤ ᠬᠥᠮᠥᠷᠭᠡ ᠶᠢᠨ ᠶᠠᠷᠢᠶᠠᠨ ᠤ ᠲᠠᠪᠴᠠᠩ ᠬᠥᠬᠡᠬᠤᠲᠠ ᠳᠤ ᠶᠠᠪᠤᠭᠳᠠᠪᠠ᠃      ᠮᠣᠩᠭᠤᠯ ᠤᠯᠤᠰ ᠤᠨ ᠵᠠᠮ ᠲᠡᠭᠡᠭᠡᠪᠦᠷᠢ ᠶᠢᠨ ᠬᠥᠭᠵᠢᠯ ᠤᠨ ᠶᠠᠮᠤᠨ ᠤ ᠰᠠᠶᠢᠳ ᠰ᠊ · ᠪᠢᠮᠪᠠᠴᠣᠭᠲᠤ᠂ ᠣᠷᠣᠰ ᠤᠨ ᠬᠤᠯᠪᠣᠭᠠᠨ ᠤ ᠠᠷᠤ ᠪᠠᠶᠢᠭᠠᠯ ᠬᠢᠯᠢ ᠬᠢᠵᠠᠭᠠᠷ ᠣᠷᠣᠨ ᠤ ᠨᠢᠭᠡᠳᠦᠭᠡᠷ ᠳᠡᠳ᠋ ᠲᠡᠷᠢᠭᠦᠯᠡᠭᠴᠢ ᠮᠢᠯᠾᠠᠳᠠᠯᠤᠹ ᠭᠤᠤᠯ ᠵᠤᠷᠢᠯᠳᠠᠳᠤ ᠦᠭᠡ ᠬᠡᠯᠡᠵᠦ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠴᠡᠴᠡᠭ ᠪᠠᠶᠠᠷ ᠤᠨ ᠦᠭᠡ ᠬᠡᠯᠡᠪᠡ᠃      ᠶᠠᠷᠢᠶᠠᠨ ᠤ ᠲᠠᠪᠴᠠᠩ ᠨᠢ ︽ᠬᠠᠮᠲᠤᠷᠠᠯᠴᠠᠵᠤ ᠬᠠᠮᠲᠤ ᠪᠠᠷ ᠠᠰᠢᠭ ᠭᠥᠷᠳᠡᠬᠦ ᠬᠢᠭᠡᠳ ᠴᠢᠨᠠᠷ ᠰᠠᠶᠢᠲᠠᠢ ᠬᠥᠭᠵᠢᠯᠲᠡ︾ ᠪᠠᠷ ᠭᠤᠤᠯ ᠰᠡᠳᠦᠪ ᠪᠣᠯᠭᠠᠵᠤ᠂ ᠳᠤᠮᠳᠠᠳᠤ ᠮᠣᠩᠭᠤᠯ ᠣᠷᠣᠰ ᠭᠤᠷᠪᠠᠨ ᠤᠯᠤᠰ ᠤᠨ ᠣᠶᠤᠨ ᠤ ᠬᠥᠮᠥᠷᠭᠡ ᠶᠢᠨ ᠲᠥᠯᠥᠭᠡᠯᠡᠭᠴᠢ ᠠᠵᠤ ᠠᠬᠤᠶ ᠠᠷᠠᠯᠵᠢᠶᠠᠨ ᠤ ᠪᠠᠯᠠ ᠣᠷᠣᠭᠤᠯᠤᠯᠲᠠ᠂ ᠠᠮᠢ ᠠᠬᠤᠶ ᠣᠷᠴᠢᠨ ᠲᠣᠭᠤᠷᠢᠨ ᠤ ᠬᠦᠷᠢᠶᠡᠨ ᠤ ᠬᠠᠮᠠᠭᠠᠯᠠᠯᠲᠠ ᠬᠢᠭᠡᠳ ᠬᠠᠮᠲᠤᠷᠠᠯᠴᠠᠭ᠎ᠠ ᠵᠡᠷᠭᠡ ᠵᠥᠪᠯᠡᠬᠦ ᠰᠡᠳᠦᠪ ᠤᠨ ᠲᠣᠭᠤᠷᠢᠨ ᠳᠤ ᠰᠠᠨᠠᠯ ᠢᠶᠠᠨ ᠰᠣᠯᠢᠯᠴᠠᠨ ᠰᠤᠳᠤᠯᠤᠨ ᠶᠠᠷᠢᠯᠴᠠᠵᠤ᠂ ᠳᠤᠮᠳᠠᠳᠤ ᠮᠣᠩᠭᠤᠯ ᠣᠷᠣᠰ ᠤᠨ ᠣᠶᠤᠨ ᠤ ᠬᠥᠮᠥᠷᠭᠡ ᠶᠢᠨ ᠲᠤᠰᠬᠠᠢ ᠮᠡᠷᠭᠡᠵᠢᠯᠲᠡᠨ ᠤ ᠬᠠᠮᠲᠤ ᠶᠢᠨ ᠲᠠᠨᠢᠯᠲᠠ ᠶᠢ ᠨᠢᠭᠲᠠᠷᠠᠭᠤᠯᠵᠤ᠂ ᠳᠤᠮᠳᠠᠳᠤ ᠮᠣᠩᠭᠤᠯ ᠣᠷᠣᠰ ᠤᠨ ᠬᠠᠮᠲᠤᠷᠠᠯᠴᠠᠭᠠᠨ ᠤ ᠭᠤᠣᠯᠳᠠᠯᠭ᠎ᠠ ᠲᠠᠢ ᠬᠦᠷᠢᠶᠡᠨ ᠳᠤ ᠠᠩᠬᠠᠷᠤᠯ ᠢᠶᠠᠨ ᠲᠥᠪᠯᠡᠷᠡᠭᠦᠯᠵᠦ᠂ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢᠨ ᠪᠥᠲᠥᠭᠡᠨ ᠪᠠᠶᠢᠭᠤᠯᠤᠯᠲᠠ ᠶᠢ ᠠᠬᠢᠭᠤᠯᠬᠤ ᠪᠠᠷ ᠵᠤᠷᠢᠯᠲᠠ ᠪᠤᠯᠭᠠᠪᠠ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号