ᠬᠥᠬᠡᠬᠤᠲᠠ ᠶᠢᠨ ᠬᠤᠲᠣᠩ ᠠᠷᠠᠳ ᠤᠨ ᠲᠣᠭᠤᠷᠢᠭ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠪᠣᠯᠣᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ᠄︽ᠨᠢᠭᠡ ᠶᠠᠪᠤᠳᠠᠯ ᠢ ᠨᠢᠭᠡ ᠯᠡ ᠤᠳᠠᠭ᠎ᠠ ᠳᠤ ᠭᠦᠢᠴᠡᠳᠬᠡᠬᠦ︾ ᠦᠢᠯᠡᠴᠢᠯᠡᠭᠡ ᠶᠢ ︽ᠰᠢᠯᠢᠳᠡᠭ︾ ᠪᠣᠯᠭᠠᠨ᠎ᠠ
ᠨᠡᠶᠢᠲᠡᠯᠡᠭᠰᠡᠨ ᠴᠠᠭ᠄
2024/1/10
      ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︽ᠴᠣᠩᠬᠤ︾ ᠪᠣᠯ ᠣᠯᠠᠨ ᠲᠦᠮᠡᠨ ᠳᠤ ᠦᠢᠯᠡᠴᠢᠯᠡᠬᠦ ᠨᠢᠭᠡᠳᠦᠭᠡᠷ ᠹᠷᠣᠨᠲ ᠮᠥᠨ᠂ ᠪᠠᠰᠠ ᠴᠤ ᠣᠯᠠᠨ ᠲᠦᠮᠡᠨ ᠤ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠣᠶᠢᠯᠠᠭᠠᠬᠤ ᠬᠠᠮᠤᠭ ᠤᠨ ᠡᠮᠦᠨ᠎ᠡ ᠹᠷᠣᠨᠲ ᠮᠥᠨ᠃ ᠬᠥᠬᠡᠬᠤᠲᠠ ᠶᠢᠨ ᠬᠤᠲᠣᠩ ᠠᠷᠠᠳ ᠤᠨ ᠲᠣᠭᠤᠷᠢᠭ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠪᠣᠯᠣᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠥᠭᠡᠷᠡᠴᠢᠯᠡᠯᠲᠡ ᠶᠢᠨ ᠰᠢᠨ᠎ᠡ ᠶᠢ ᠡᠭᠦᠳᠬᠦ ᠪᠠᠷ ᠴᠢᠳᠠᠪᠤᠷᠢ ᠣᠯᠭᠤᠵᠤ᠂ ᠴᠢᠨᠠᠷ ᠰᠠᠶᠢᠲᠠᠢ ᠦᠢᠯᠡᠴᠢᠯᠡᠭᠡ ᠪᠠᠷ ᠬᠦᠴᠦᠨ ᠨᠡᠮᠡᠷᠢᠯᠡᠵᠦ᠂ ︽ᠨᠢᠭᠡ ᠶᠠᠪᠤᠳᠠᠯ ᠢ ᠨᠢᠭᠡ ᠤᠳᠠᠭ᠎ᠠ ᠳᠤ ᠭᠦᠢᠴᠡᠳᠬᠡᠬᠦ︾ ᠬᠤᠷᠠᠮᠠᠯ ᠥᠭᠡᠷᠡᠴᠢᠯᠡᠯᠲᠡ ᠶᠢ ᠢᠳᠡᠪᠬᠢᠲᠡᠢ ᠠᠬᠢᠭᠤᠯᠵᠤ᠂ ᠠᠵᠢᠯ ᠶᠠᠪᠤᠳᠠᠯ ᠭᠦᠢᠴᠡᠳᠬᠡᠬᠦ ᠭᠤᠭᠴᠤᠭ᠎ᠠ᠂ ᠭᠤᠶᠤᠴᠢᠯᠠᠬᠤ ᠮᠠᠲ᠋ᠧᠷᠢᠶᠠᠯ᠂ ᠭᠦᠢᠴᠡᠳᠬᠡᠬᠦ ᠴᠠᠭ ᠪᠠ ᠣᠯᠠᠨ ᠲᠦᠮᠡᠨ ᠤ ᠭᠦᠶᠦᠬᠦ ᠤᠳᠠᠭ᠎ᠠ ᠶᠢ ᠶᠡᠭᠡ ᠪᠠᠷ ᠪᠠᠭᠠᠰᠬᠠᠵᠤ᠂ ᠣᠯᠠᠨ ᠲᠦᠮᠡᠨ ᠢ ᠨᠠᠩ ᠬᠠᠨᠤᠮᠵᠢᠲᠠᠶ᠂ ᠠᠵᠤ ᠠᠬᠤᠶᠢᠯᠠᠯ ᠳᠤ ᠨᠠᠩ ᠲᠥᠬᠦᠮ ᠪᠣᠯᠭᠠᠪᠠ᠃
     ︽ᠪᠡᠶ᠎ᠡ ᠪᠠᠨ ᠬᠡᠮᠵᠢᠵᠦ ᠬᠤᠪᠴᠠᠰᠤ ᠡᠰᠬᠡᠵᠦ ᠵᠠᠬᠢᠶᠠᠯᠠᠬᠤ︾ ᠶᠢ ᠥᠷᠭᠡᠳᠬᠡᠨ᠎ᠡ᠃ ︽ᠨᠢᠭᠡ ᠯᠡ ᠤᠳᠠᠭ᠎ᠠ ᠳᠤ ᠭᠦᠢᠴᠡᠳᠬᠡᠬᠦ︾ ᠵᠦᠢᠯᠡᠰ ᠢ ᠦᠷᠭᠦᠯᠵᠢᠯᠡᠨ ᠨᠠᠷᠢᠯᠢᠭ ᠳᠠᠷᠢᠵᠤ ᠨᠢᠮᠪᠠᠢ ᠠᠷᠠᠴᠢᠯᠠᠵᠤ᠂ ᠴᠤᠪᠤᠷᠠᠯ ᠢ ᠳᠠᠬᠢᠨ ᠵᠣᠬᠢᠶᠠᠨ ᠪᠠᠶᠢᠭᠤᠯᠬᠤ ᠶᠢ ᠥᠷᠨᠢᠭᠦᠯᠦᠨ᠂ ᠠᠵᠤ ᠠᠬᠤᠶᠢᠯᠠᠯ ᠤᠨ ᠣᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠲᠠᠢ ᠤᠶᠠᠯᠳᠤᠭᠤᠯᠵᠤ᠂︽ᠪᠡᠶ᠎ᠡ ᠪᠠᠨ ᠬᠡᠮᠵᠢᠵᠦ ᠬᠤᠪᠴᠠᠰᠤ ᠡᠰᠬᠡᠵᠦ︾᠂ 749 ᠵᠦᠢᠯ ᠤᠨ ︽ᠨᠢᠭᠡ ᠯᠡ ᠤᠳᠠᠭ᠎ᠠ ᠳᠤ ᠭᠦᠢᠴᠡᠳᠬᠡᠬᠦ︾ ᠳᠤ ᠬᠤᠯᠪᠣᠭᠳᠠᠭᠰᠠᠨ ᠬᠡᠷᠡᠭ ᠶᠠᠪᠤᠳᠠᠯ ᠭᠦᠢᠴᠡᠳᠬᠡᠬᠦ ᠵᠦᠭᠯᠡᠭᠦᠷ᠂ ᠴᠤᠪᠤᠷᠠᠯ ᠵᠢᠷᠤᠭ ᠤᠨ ᠮᠡᠳᠡᠭᠡ ᠵᠠᠩᠭᠢ ᠶᠢ ᠡᠮᠬᠢᠯᠡᠨ ᠨᠡᠶᠢᠯᠡᠭᠦᠯᠵᠦ ᠰᠢᠯᠢᠳᠡᠭᠵᠢᠭᠦᠯᠦᠨ᠂ ᠥᠪᠥᠷ ᠮᠣᠩᠭᠤᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠦᠯᠵᠢᠶ᠎ᠡ ᠶᠢᠨ ︽ᠳᠥᠷᠪᠡ ᠶᠢ ᠭᠦᠢᠴᠡᠳᠬᠡᠬᠦ︾ ᠲᠤᠰᠬᠠᠢ ᠣᠷᠣᠨ ᠳᠤ ᠵᠡᠷᠭᠡᠪᠡᠷ ᠤᠯᠠᠮᠵᠢᠯᠠᠪᠠ᠃ ᠡᠭᠦᠨ ᠤ ᠬᠠᠮᠲᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ᠂ ᠵᠡᠭᠡᠯᠢ ᠭᠤᠳᠤᠮᠵᠢ ᠰᠢᠶᠠᠩ ᠪᠠᠯᠭᠠᠰᠤ ᠵᠢᠴᠢ ᠪᠤᠰᠤᠳ ᠬᠠᠮᠢᠶ᠎ᠠ ᠪᠦᠬᠦᠢ ᠨᠢᠭᠡᠴᠢ ᠳᠤ ︽ᠨᠢᠭᠡ ᠯᠡ ᠤᠳᠠᠭ᠎ᠠ ᠳᠤ ᠭᠦᠢᠴᠡᠳᠬᠡᠬᠦ︾ ᠴᠣᠩᠬᠤ ᠭᠠᠷᠭᠠᠵᠤ᠂ ᠨᠢᠭᠡᠳᠦᠯᠲᠡᠢ ᠭᠥᠯᠢᠶᠡᠨ ᠠᠪᠴᠤ ᠰᠢᠢᠳᠪᠦᠷᠢᠯᠡᠬᠦ ᠪᠠᠷ ᠳᠡᠮᠵᠢᠨ᠂ ᠣᠯᠠᠨ ᠲᠦᠮᠡᠨ ᠳᠤ ᠦᠢᠯᠡᠴᠢᠯᠡᠬᠦ ︽ᠡᠴᠦᠰ ᠤᠨ ᠨᠢᠭᠡ ᠺᠢᠯᠣᠮᠧᠲᠷ︾ ᠢ ᠰᠠᠭᠠᠳ ᠦᠭᠡᠢ ᠨᠡᠪᠲᠡᠷᠡᠭᠦᠯᠪᠡ᠃ ᠣᠲᠣ ᠪᠣᠯᠲᠠᠯ᠎ᠠ᠂ ︽ᠨᠢᠭᠡ ᠯᠡ ᠤᠳᠠᠭ᠎ᠠ ᠳᠤ ᠭᠦᠢᠴᠡᠳᠬᠡᠬᠦ︾ ᠬᠡᠷᠡᠭ ᠤᠨ ᠲᠤᠭ᠎ᠠ 17560 ᠬᠤᠪᠢ ᠳᠤ ᠬᠦᠷᠴᠡᠢ᠃      ︽ᠨᠢᠭᠡ ᠴᠣᠩᠬᠤᠨ ᠤ ᠦᠢᠯᠡᠴᠢᠯᠡᠭᠡᠨ ᠤ ᠵᠢᠭᠰᠠᠭᠠᠯ ᠤᠨ ᠭᠠᠵᠠᠷ︾ ᠢ ᠪᠠᠶᠢᠭᠤᠯᠤᠨ᠎ᠠ᠃ ᠵᠠᠰᠠᠭ ᠤᠨ ᠶᠠᠪᠤᠳᠠᠯ ᠤᠨ ᠶᠡᠭᠡ ᠲᠢᠩᠬᠢᠮ ᠤᠨ ᠨᠢᠭᠡᠳᠦᠭᠡᠷ ᠳᠠᠪᠬᠤᠷᠯᠢᠭ ᠲᠤ ︽ᠨᠢᠭᠡ ᠶᠠᠪᠤᠳᠠᠯ ᠢ ᠨᠢᠭᠡ ᠤᠳᠠᠭ᠎ᠠ ᠳᠤ ᠭᠦᠢᠴᠡᠳᠬᠡᠬᠦ︾ ᠲᠤᠰᠬᠠᠢ ᠴᠣᠩᠬᠤ ᠭᠠᠷᠭᠠᠵᠤ᠂ ︽ᠣᠯᠠᠨ ᠲᠠᠯ᠎ᠠ ᠠᠴᠠ ᠭᠦᠶᠦᠬᠦ︾ ᠪᠠᠶᠢᠭᠰᠠᠨ ᠢ ︽ᠨᠢᠭᠡ ᠴᠣᠩᠬᠤ ᠡᠷᠢᠬᠦ︾ ᠪᠣᠯᠭᠠᠵᠠᠢ᠃ ︽ᠨᠢᠭᠡ ᠯᠡ ᠤᠳᠠᠭ᠎ᠠ ᠳᠤ ᠭᠦᠢᠴᠡᠳᠬᠡᠬᠦ︾ ᠵᠦᠢᠯᠡᠰ ᠲᠤ ᠬᠤᠯᠪᠣᠭᠳᠠᠭᠰᠠᠨ ᠨᠡᠯᠢᠶᠡᠳ ᠥᠨᠳᠥᠷ ᠳᠠᠪᠲᠠᠮᠵᠢ ᠲᠠᠢ ᠠᠵᠤ ᠠᠬᠤᠶᠢᠯᠠᠯ ᠤᠨ ᠨᠡᠭᠡᠭᠡᠨ ᠡᠷᠭᠢᠯᠡᠬᠦ᠂ ᠢᠳᠡᠭᠡᠨ ᠤ ᠵᠦᠢᠯ ᠤᠨ ᠡᠵᠡᠩᠨᠡᠯᠲᠡ ᠶᠢᠨ ᠵᠥᠪᠰᠢᠶᠡᠷᠡᠯ ᠵᠡᠷᠭᠡ ᠵᠠᠩᠭᠢᠯᠠᠭ᠎ᠠ ᠶᠢᠨ ᠭᠤᠭᠴᠤᠭ᠎ᠠ ᠶᠢ ᠴᠥᠮ ︽ᠨᠢᠭᠡ ᠯᠡ ᠤᠳᠠᠭ᠎ᠠ ᠳᠤ ᠭᠦᠢᠴᠡᠳᠬᠡᠬᠦ︾ ᠲᠤᠰᠬᠠᠢ ᠴᠣᠩᠬᠤᠨ ᠳᠤ ᠨᠡᠶᠢᠯᠡᠭᠦᠯᠦᠨ ᠣᠷᠣᠭᠤᠯᠵᠤ᠂ ᠲᠤᠰᠬᠠᠢ ᠴᠣᠩᠬᠤᠨ ᠤ ᠬᠠᠪᠰᠤᠷᠤᠨ ᠭᠦᠢᠴᠡᠳᠬᠡᠬᠦ ᠬᠥᠮᠥᠰ+ᠲᠤᠬᠠᠶᠢᠯᠠᠭᠰᠠᠨ ᠠᠵᠢᠯ ᠢ ᠭᠥᠯᠢᠶᠡᠨ ᠠᠪᠴᠤ ᠰᠢᠢᠳᠪᠦᠷᠢᠯᠡᠬᠦ ᠬᠥᠮᠥᠰ+ᠠᠷᠤ ᠲᠠᠯ᠎ᠠ ᠶᠢᠨ ᠬᠢᠨᠠᠨ ᠵᠥᠪᠰᠢᠶᠡᠷᠡᠬᠦ ᠬᠥᠮᠥᠰ ᠢᠶᠠᠷ ᠲᠤᠯᠭᠠᠭᠤᠷᠢᠯᠠᠭᠰᠠᠨ ︽ᠨᠢᠭᠡ ᠶᠠᠪᠤᠳᠠᠯ︾ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠵᠢᠯᠯᠠᠭᠠᠨ ᠤ ᠰᠢᠰᠲ᠋ᠧᠮᠵᠢ ᠶᠢ ᠪᠦᠷᠢᠯᠳᠦᠭᠦᠯᠪᠡ᠃ ᠡᠭᠦᠨ ᠤ ᠵᠡᠷᠭᠡ ᠳᠤ᠂ ᠦᠢᠯᠡᠴᠢᠯᠡᠭᠡᠨ ᠤ ᠲᠢᠩᠬᠢᠮ ᠳᠤ ︽ᠠᠵᠤ ᠠᠬᠤᠶᠢᠯᠠᠯ ᠨᠢᠭᠡ ᠥᠷᠲᠡᠭᠡ ᠮᠠᠶ᠋ᠢᠭ ᠤᠨ ᠦᠢᠯᠡᠴᠢᠯᠡᠭᠡᠨ ᠤ ᠲᠤᠰᠬᠠᠢ ᠣᠷᠣᠨ︾ ᠭᠠᠷᠭᠠᠵᠤ᠂ ᠡᠵᠡᠩᠨᠡᠯᠲᠡ ᠶᠢᠨ ᠦᠨᠡᠮᠯᠡᠯ ᠭᠠᠷᠭᠠᠬᠤ᠂ ᠠᠯᠪᠠᠨ ᠲᠠᠮᠠᠭ᠎ᠠ ᠰᠡᠶᠢᠯᠬᠦ᠂ ᠪᠠᠷᠢᠮᠲᠠ ᠭᠤᠶᠤᠴᠢᠯᠠᠨ ᠠᠪᠬᠤ᠂ ᠪᠠᠩᠬᠢ ᠶᠢᠨ ᠲᠠᠩᠰᠠ ᠨᠡᠭᠡᠭᠡᠬᠦ᠂ ᠠᠵᠢᠯᠲᠠᠨ ᠠᠵᠢᠯᠴᠢᠨ ᠤ ᠨᠡᠶᠢᠭᠡᠮ ᠤᠨ ᠳᠠᠭᠠᠳᠬᠠᠯ ᠤᠨ ᠳᠠᠩᠰᠠᠯᠠᠯᠲᠠ ᠬᠢᠬᠦ᠂ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠲᠤᠰᠢᠶᠠᠨ ᠬᠠᠳᠠᠭᠠᠯᠠᠭᠤᠯᠬᠤ ᠳᠠᠩᠰᠠᠯᠠᠯᠲᠠ ᠶᠢᠨ ᠴᠢᠳᠠᠮᠵᠢ ᠶᠢ ᠡᠮᠬᠢᠯᠡᠨ ᠨᠡᠶᠢᠯᠡᠭᠦᠯᠵᠦ᠂ 6 ᠠᠵᠤ ᠠᠬᠤᠶᠢᠯᠠᠯ ᠤᠨ ᠡᠷᠭᠢᠯᠡᠭᠰᠡᠨ ᠵᠦᠢᠯᠡᠰ ᠲᠤ ︽ᠨᠢᠭᠡ ᠶᠠᠪᠤᠳᠠᠯ ᠢ ᠨᠢᠭᠡ ᠯᠡ ᠤᠳᠠᠭ᠎ᠠ ᠳᠤ ᠭᠦᠢᠴᠡᠳᠬᠡᠵᠦ ᠳᠠᠭᠤᠰᠬᠠᠬᠤ︾ ᠶᠢ ᠬᠡᠷᠡᠭᠵᠢᠭᠦᠯᠪᠡ᠃      ︽ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠶᠢᠨ ᠨᠡᠶᠢᠯᠡᠯ︾ ᠢ ᠴᠢᠩᠭᠠᠷᠠᠭᠤᠯᠤᠨ᠎ᠠ᠃ ︽ᠢᠨᠲ᠋ᠧᠷ ᠰᠦᠯᠵᠢᠶ᠎ᠡ+ᠵᠠᠰᠠᠭ ᠤᠨ ᠶᠠᠪᠤᠳᠠᠯ ᠤᠨ ᠦᠢᠯᠡᠴᠢᠯᠡᠭᠡ︾ ᠶᠢ ᠶᠡᠬᠡᠪᠡᠷ ᠬᠡᠷᠡᠭᠵᠢᠭᠦᠯᠵᠦ᠂ ᠠᠵᠤ ᠠᠬᠤᠶᠢᠯᠠᠯ ᠪᠠ ᠣᠯᠠᠨ ᠲᠦᠮᠡᠨ ᠤ ᠠᠵᠢᠯ ᠶᠠᠪᠤᠳᠠᠯ ᠭᠦᠢᠴᠡᠳᠬᠡᠬᠦ ᠣᠶᠢᠯᠠᠭᠠᠯᠲᠠ ᠶᠢ ᠲᠠᠰᠤᠷᠠᠯᠲᠠ ᠦᠭᠡᠢ ᠰᠢᠯᠢᠳᠡᠭᠵᠢᠭᠦᠯᠦᠨ᠎ᠡ᠃ ᠰᠦᠯᠵᠢᠶᠡᠨ ᠳᠡᠭᠡᠷ᠎ᠡ ᠥᠪᠡᠷᠲᠡᠭᠡᠨ ᠵᠠᠰᠠᠬᠤ ᠣᠷᠣᠨ ᠤ ︽ᠠᠵᠤ ᠠᠬᠤᠶᠢᠯᠠᠯ ᠨᠡᠭᠡᠭᠡᠨ ᠡᠷᠭᠢᠯᠡᠬᠦ ᠳᠤ ᠨᠢᠭᠡ ᠰᠦᠯᠵᠢᠶ᠎ᠡ ᠪᠠᠷ ᠨᠡᠪᠲᠡᠷᠡᠭᠦᠯᠬᠦ︾ ᠲᠠᠪᠴᠠᠩ ᠳᠤ ᠲᠦᠰᠢᠭᠯᠡᠨ᠂ ᠳᠣᠲᠣᠭᠠᠳᠤ ᠪᠡᠯᠡ ᠶᠢᠨ ᠠᠵᠤ ᠠᠬᠤᠶᠢᠯᠠᠯ ᠨᠡᠭᠡᠭᠡᠨ ᠡᠷᠭᠢᠯᠡᠬᠦ ᠳᠤ ᠰᠦᠯᠵᠢᠶᠡᠨ ᠳᠡᠭᠡᠷ᠎ᠡ ᠭᠤᠶᠤᠴᠢᠯᠠᠬᠤ ᠪᠥᠬᠦ ᠶᠠᠪᠤᠴᠠ ᠳᠤ ︽ᠨᠢᠭᠡ ᠰᠦᠯᠵᠢᠶ᠎ᠡ ᠪᠠᠷ ᠲᠡᠮᠳᠡᠭᠯᠡᠬᠦ᠂ ᠨᠢᠭᠡ ᠤᠳᠠᠭ᠎ᠠ ᠳᠤ ᠲᠠᠭᠯᠠᠨ ᠮᠡᠳᠡᠭᠦᠯᠬᠦ᠂ ᠮᠡᠳᠡᠭᠡ ᠵᠠᠩᠭᠢ ᠶᠢ ᠬᠠᠮᠲᠤᠪᠠᠷ ᠭᠥᠷᠳᠡᠬᠦ︾ ᠡᠯᠧᠺᠲᠷᠤᠨᠴᠢᠯᠠᠨ ᠭᠦᠢᠴᠡᠳᠬᠡᠬᠦ ᠶᠢ ᠪᠡᠶᠡᠯᠡᠭᠦᠯᠵᠦ᠂ ᠠᠵᠤ ᠠᠬᠤᠶᠢᠯᠠᠯ ᠤᠨ ᠨᠡᠭᠡᠭᠡᠨ ᠡᠷᠭᠢᠯᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠰᠦᠯᠵᠢᠶᠡᠨ ᠠᠴᠠ ᠭᠠᠳᠠᠨ᠎ᠠ ︽ᠠᠵᠤ ᠠᠬᠤᠶᠢᠯᠠᠯ ᠨᠢᠭᠡ ᠯᠡ ᠥᠷᠲᠡᠭᠡᠨ ᠤ ᠬᠡᠯᠪᠡᠷᠢ︾ ᠶᠢ ᠨᠡᠶᠢᠯᠡᠭᠦᠯᠦᠨ ᠬᠢᠨᠠᠨ ᠵᠥᠪᠰᠢᠶᠡᠷᠡᠬᠦ ᠪᠠᠷ ᠳᠡᠮᠵᠢᠨ ᠠᠵᠤ ᠠᠬᠤᠶᠢᠯᠠᠯ ᠨᠡᠭᠡᠭᠡᠨ ᠡᠷᠭᠢᠯᠡᠬᠦ ᠪᠣᠶ ᠪᠦᠬᠦᠢ ᠤᠴᠢᠷ ᠶᠠᠪᠤᠳᠠᠯ ᠢ ᠵᠡᠷᠭᠡ ᠪᠠᠷ ᠭᠦᠢᠴᠡᠳᠬᠡᠵᠦ᠂︽ᠨᠢᠭᠡ ᠯᠡ ᠡᠭᠦᠳᠡ ᠪᠠᠷ ᠣᠷᠣᠵᠤ᠂ ᠬᠠᠮᠤᠭ ᠠᠷᠪᠢᠨ ᠳᠠᠭᠠᠨ ᠨᠢᠭᠡ ᠯᠡ ᠤᠳᠠᠭ᠎ᠠ ᠭᠦᠶᠦᠬᠦ︾ ᠶᠢ ᠪᠡᠶᠡᠯᠡᠭᠦᠯᠦᠭᠰᠡᠨ ᠪᠠᠶᠢᠨ᠎ᠠ᠃      ᠠᠷᠠᠳ ᠲᠦᠮᠡᠨ ᠬᠦᠰᠡᠯ ᠡᠷᠡᠮᠡᠯᠵᠡᠯ ᠢ ᠪᠡᠶᠡᠯᠡᠭᠦᠯᠦᠨ᠎ᠡ᠃ ᠳᠠᠷᠠᠭᠠᠴᠢ ᠶᠢᠨ ᠠᠯᠬᠤᠮ ᠳᠤ᠂ ᠬᠤᠲᠣᠩ ᠠᠷᠠᠳ ᠤᠨ ᠲᠣᠭᠤᠷᠢᠭ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠪᠣᠯᠣᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠦᠷᠭᠦᠯᠵᠢᠯᠡᠨ ︽ᠠᠷᠠᠳ ᠲᠤ ᠦᠢᠯᠡᠴᠢᠯᠡᠬᠦ᠂ ᠠᠷᠠᠳ ᠲᠤ ᠳᠥᠭᠦᠮ ᠦᠵᠡᠭᠦᠯᠬᠦ᠂ ᠠᠷᠠᠳ ᠲᠤ ᠠᠰᠢᠭ ᠬᠦᠷᠲᠡᠭᠡᠬᠦ︾ ᠦᠢᠯᠡᠴᠢᠯᠡᠭᠡᠨ ᠤ ᠣᠶᠢᠯᠠᠭᠠᠭᠳᠠᠬᠤᠨ ᠢ ᠪᠠᠷᠢᠮᠲᠠᠯᠠᠵᠤ᠂︽ᠦᠢᠯᠡᠴᠢᠯᠡᠭᠡ᠂ ᠦᠷ᠎ᠡ ᠠᠰᠢᠭ᠂ ᠰᠡᠳᠬᠢᠯ ᠢ ᠳᠤᠯᠠᠭᠠᠴᠠᠭᠤᠯᠬᠤ︾ ᠶᠢ ᠲᠤᠪᠤᠶᠢᠯᠭᠠᠵᠦ᠂ ᠠᠵᠤ ᠠᠬᠤᠶᠢᠯᠠᠯ ᠤᠨ ᠤᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠲᠠᠢ ᠨᠢᠭᠲᠠ ᠤᠶᠠᠯᠳᠤᠭᠤᠯᠵᠤ᠂︽ᠨᠢᠭᠡ ᠶᠠᠪᠤᠳᠠᠯ ᠢ ᠨᠢᠭᠡ ᠤᠳᠠᠭ᠎ᠠ ᠳᠤ ᠭᠦᠢᠴᠡᠳᠬᠡᠬᠦ︾ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠦᠢᠯᠡᠴᠢᠯᠡᠭᠡᠨ ᠤ ᠬᠦᠷᠢᠶ᠎ᠡ ᠶᠢ ᠥᠷᠭᠡᠳᠬᠡᠵᠦ᠂ ᠦᠢᠯᠡᠴᠢᠯᠡᠭᠡᠨ ᠤ ᠬᠡᠯᠬᠢᠶ᠎ᠡ ᠶᠢ ᠰᠢᠯᠢᠳᠡᠭᠵᠢᠭᠦᠯᠵᠦ᠂ ᠨᠢᠳᠦᠨ ᠳᠤ ᠦᠵᠡᠭᠳᠡᠵᠦ ᠪᠠᠶᠢᠭ᠎ᠠ ᠬᠤᠪᠢᠷᠠᠯᠲᠠ ᠪᠠᠷ ᠤᠯᠠᠨ ᠲᠦᠮᠡᠨ ᠤ ᠬᠦᠰᠡᠯ ᠡᠷᠡᠮᠡᠯᠵᠡᠯ ᠳᠤ ᠬᠠᠷᠢᠭᠤ ᠥᠭᠴᠦ᠂ ᠬᠤᠲᠣᠩ ᠠᠷᠠᠳ ᠤᠨ ᠲᠣᠭᠤᠷᠢᠭ ᠤᠨ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠠᠵᠢᠯ ᠤᠨ ᠰᠢᠨ᠎ᠡ ᠬᠥᠭᠵᠢᠯᠲᠡ ᠶᠢᠨ ᠱᠠᠲᠤᠨ ᠳᠤ ᠲᠠᠪᠠᠯᠳᠠᠳᠤ ᠮᠠᠶ᠋ᠢᠭ ᠤᠨ ᠬᠥᠭᠵᠢᠯᠲᠡ ᠶᠢ ᠪᠡᠶᠡᠯᠡᠭᠦᠯᠬᠦ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ᠃      ᠢᠷᠡᠯᠲᠡ᠄ ᠬᠤᠳᠤᠩ ᠠᠷᠠᠳ ᠤᠨ ᠲᠤᠭᠤᠷᠢᠭ ᠤᠨ ᠵᠠᠰᠠᠭ ᠤᠨ ᠣᠷᠳᠣᠨ ᠤ ᠠᠯᠪᠠᠨ ᠰᠦᠯᠵᠢᠶ᠎ᠡ
 
ᠢᠷᠡᠯᠲᠡ᠄ ᠬᠤᠲᠤᠩ ᠠᠷᠠᠳ ᠤᠨ ᠲᠣᠭᠤᠷᠢᠭ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号