ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ᠄ ᠳᠤᠮᠳᠠᠳᠤ ᠪᠠᠭ᠎ᠠ ᠰᠤᠷᠭᠠᠭᠤᠯᠢ ᠶᠢᠨ ᠬᠢᠴᠢᠶᠡᠯ ᠤᠨ ᠵᠠᠪᠰᠠᠷᠯᠠᠭ᠎ᠠ ᠶᠢᠨ ᠬᠥᠳᠡᠯᠭᠡᠭᠡᠨ ᠤ ᠴᠠᠭ ᠢ ᠪᠠᠲᠤᠯᠠᠬᠤ ᠬᠡᠷᠡᠭᠲᠡᠢ
ᠨᠡᠶᠢᠲᠡᠯᠡᠭᠰᠡᠨ ᠴᠠᠭ᠄
2024/1/10
      ᠲᠦᠷᠦᠭᠦᠬᠡᠨ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠠᠴᠠ ︽ᠳᠤᠮᠳᠠᠳᠤ ᠪᠠᠭ᠎ᠠ ᠰᠤᠷᠭᠠᠭᠤᠯᠢ ᠶᠢᠨ ᠬᠢᠴᠢᠶᠡᠯ ᠤᠨ ᠵᠠᠪᠰᠠᠷᠯᠠᠭ᠎ᠠ ᠶᠢᠨ ᠬᠥᠳᠡᠯᠭᠡᠭᠡᠨ ᠤ ᠴᠠᠭ ᠢ ᠦᠨᠡᠨ ᠬᠦ ᠪᠠᠲᠤᠯᠠᠬᠤ ᠲᠤᠬᠠᠢ ᠮᠡᠳᠡᠭᠳᠡᠯ︾ ︵ᠳᠣᠷᠣᠭᠰᠢ︽ᠮᠡᠳᠡᠭᠳᠡᠯ︾ ᠭᠡᠵᠦ ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠵᠤ᠂ ᠡᠯ᠎ᠡ ᠭᠠᠵᠠᠷ ᠤᠨ ᠡᠯ᠎ᠡ ᠰᠤᠷᠭᠠᠭᠤᠯᠢ ᠶᠢᠨ ᠬᠢᠨ︽ᠡᠷᠡᠭᠦᠯ ᠮᠡᠨᠳᠦ ᠶᠢ ᠲᠡᠷᠢᠭᠦᠨ ᠳᠤ ᠲᠠᠯᠪᠢᠬᠤ︾ ᠰᠤᠷᠭᠠᠨ ᠬᠥᠮᠦᠵᠢᠯ ᠤᠨ ᠣᠶᠢᠯᠠᠭᠠᠭᠳᠠᠬᠤᠨ ᠢ ᠪᠤᠶ ᠪᠤᠯᠭᠠᠵᠤ᠂ ᠰᠤᠷᠤᠬᠴᠢᠳ ᠤᠨ ᠪᠡᠶ᠎ᠡ ᠰᠡᠳᠬᠢᠯ ᠤᠨ ᠡᠷᠡᠭᠦᠯ ᠢᠶᠠᠷ ᠬᠥᠭᠵᠢᠬᠦ ᠶᠢ ᠦᠨᠡᠨ ᠬᠦ ᠠᠬᠢᠭᠤᠯᠬᠤ ᠬᠡᠷᠡᠭᠲᠡᠢ ᠭᠡᠵᠦ ᠱᠠᠭᠠᠷᠳᠠᠪᠠ᠃︽ᠮᠡᠳᠡᠭᠳᠡᠯ︾ ᠳᠤ ᠲᠦᠷᠪᠡᠨ ᠲᠠᠯ᠎ᠠ ᠶᠢᠨ ᠱᠠᠭᠠᠷᠳᠠᠯᠭ᠎ᠠ ᠳᠤᠷᠠᠳᠤᠭᠰᠠᠨ ᠪᠠᠶᠢᠨ᠎ᠠ᠃      ᠨᠢᠭᠡ ᠳᠤ᠂ ᠬᠡᠪ ᠤᠨ ᠬᠢᠴᠢᠶᠡᠯ ᠤᠨ ᠵᠠᠪᠰᠠᠷᠯᠠᠭ᠎ᠠ ᠶᠢᠨ ᠬᠥᠳᠡᠯᠭᠡᠭᠡᠨ ᠤ ᠴᠠᠭ ᠢ ᠪᠠᠲᠤᠯᠠᠬᠤ ᠬᠡᠷᠡᠭᠲᠡᠢ᠃ ᠳᠤᠮᠳᠠᠳᠤ ᠪᠠᠭ᠎ᠠ ᠰᠤᠷᠭᠠᠭᠤᠯᠢ ᠶᠢᠨ ᠡᠩ ᠤᠨ ᠬᠢᠴᠢᠶᠡᠯ ᠤᠨ ᠵᠠᠪᠰᠠᠷᠯᠠᠭ᠎ᠠ ᠶᠢᠨ ᠴᠠᠭ ᠶᠡᠷᠦ ᠳᠡᠭᠡᠨ 10 ᠮᠢᠨᠦ᠋ᠲ ᠪᠠᠶᠢᠵᠤ᠂︽ᠰᠣᠷᠣᠬᠴᠢ ᠶᠢᠨ ᠠᠮᠤᠷ ᠲᠦᠪᠰᠢᠨ ᠢ ᠦᠨᠡᠨ ᠬᠦ ᠪᠠᠲᠤᠯᠠᠬᠤ︾ ᠰᠢᠯᠲᠠᠭ ᠢᠶᠠᠷ ᠰᠣᠷᠣᠬᠴᠢ ᠶᠢᠨ ᠴᠢᠬᠤᠯᠠ ᠪᠦᠬᠦᠢ ᠬᠢᠴᠢᠶᠡᠯ ᠤᠨ ᠵᠠᠪᠰᠠᠷᠯᠠᠭ᠎ᠠ ᠶᠢᠨ ᠠᠮᠠᠷᠠᠯᠲᠠ ᠪᠠ ᠬᠥᠳᠡᠯᠭᠡᠭᠡᠨ ᠢ ᠳᠥᠭᠦᠮᠬᠡᠨ ᠢᠶᠠᠷ ᠬᠢᠵᠠᠭᠠᠷᠯᠠᠬᠤ ᠠᠷᠭ᠎ᠠ ᠬᠢᠳᠡᠯ ᠢ ᠡᠷᠡᠰ ᠬᠤᠷᠢᠭᠯᠠᠵᠤ᠂ ᠪᠠᠭᠰᠢ ᠨᠠᠷ ᠤᠨ ᠬᠢᠴᠢᠶᠡᠯ ᠤᠨ ᠵᠠᠪᠰᠠᠷᠯᠠᠭ᠎ᠠ ᠶᠢᠨ ᠠᠮᠠᠷᠠᠯᠲᠠ ᠪᠠ ᠬᠥᠳᠡᠯᠭᠡᠭᠡᠨ ᠤ ᠴᠠᠭ ᠢ ᠡᠵᠡᠯᠡᠵᠦ ᠬᠢᠴᠢᠶᠡᠯᠯᠡᠬᠦ ᠪᠤᠶᠤ ᠪᠤᠰᠤᠳ ᠠᠷᠭ᠎ᠠ ᠮᠠᠶ᠋ᠢᠭ ᠢᠶᠠᠷ ᠰᠣᠷᠣᠬᠴᠢ ᠶᠢᠨ ᠬᠢᠴᠢᠶᠡᠯ ᠤᠨ ᠵᠠᠪᠰᠠᠷᠯᠠᠭ᠎ᠠ ᠶᠢᠨ ᠠᠮᠠᠷᠠᠯᠲᠠ᠂ ᠬᠥᠳᠡᠯᠭᠡᠭᠡᠨ ᠤ ᠴᠠᠭ ᠢ ᠰᠢᠬᠠᠨ ᠡᠵᠡᠯᠡᠬᠦ ᠠᠵᠢᠯᠯᠠᠭ᠎ᠠ ᠶᠢ ᠡᠷᠡᠰ ᠬᠤᠷᠢᠭᠯᠠᠬᠤ ᠬᠡᠷᠡᠭᠲᠡᠢ᠃      ᠬᠤᠶᠠᠷ ᠲᠤ᠂ ᠬᠢᠴᠢᠶᠡᠯ ᠤᠨ ᠵᠠᠪᠰᠠᠷᠯᠠᠭ᠎ᠠ ᠶᠢᠨ ᠰᠤᠷᠤᠬᠴᠢᠳ ᠤᠨ ᠵᠣᠬᠢᠶᠠᠨ ᠪᠠᠶᠢᠭᠤᠯᠤᠯᠲᠠ ᠶᠢᠨ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠢ᠃ ᠡᠯ᠎ᠡ ᠭᠠᠵᠠᠷ ᠣᠷᠣᠨ ᠨᠤᠭᠤᠳ ᠪᠣᠳᠠᠲᠤ ᠪᠠᠶᠢᠳᠠᠯ ᠢᠶᠠᠨ ᠦᠨᠳᠦᠰᠦᠯᠡᠨ ᠰᠤᠷᠭᠠᠭᠤᠯᠢ ᠶᠢ ᠵᠢᠯᠣᠭᠤᠳᠤᠨ ᠣᠯᠠᠨ ᠶᠠᠩᠵᠤ ᠶᠢᠨ ᠪᠠ ᠥᠪᠡᠷᠮᠢᠴᠡ ᠣᠨᠴᠠᠯᠢᠭ ᠲᠠᠢ ᠬᠢᠴᠢᠶᠡᠯ ᠤᠨ ᠵᠠᠪᠰᠠᠷᠯᠠᠭ᠎ᠠ ᠶᠢᠨ ᠬᠥᠳᠡᠯᠭᠡᠭᠡᠨ ᠥᠷᠨᠢᠭᠦᠯᠵᠦ᠂ ᠡᠳᠦᠷ ᠪᠦᠷᠢ 30 ᠮᠢᠨᠦ᠋ᠲ ᠠᠴᠠ ᠳᠤᠲᠠᠭᠤ ᠦᠭᠡᠢ ᠶᠡᠭᠡ ᠬᠢᠴᠢᠶᠡᠯ ᠤᠨ ᠵᠠᠪᠰᠠᠷᠯᠠᠭ᠎ᠠ ᠶᠢᠨ ᠲᠠᠮᠢᠷ ᠤᠨ ᠬᠥᠳᠡᠯᠭᠡᠭᠡᠨ ᠲᠣᠬᠢᠷᠠᠭᠤᠯᠬᠤ ᠶᠢ ᠪᠠᠲᠤᠯᠠᠵᠤ᠂ ᠦᠳᠡ ᠶᠢᠨ ᠡᠮᠦᠨ᠎ᠡ ᠦᠳᠡ ᠶᠢᠨ ᠬᠤᠶᠢᠨ᠎ᠠ ᠲᠣᠰ ᠲᠣᠰ ᠨᠢᠭᠡ ᠤᠳᠠᠭ᠎ᠠ ᠨᠢᠳᠦᠨ ᠤ ᠡᠷᠡᠭᠦᠯᠵᠢᠯ ᠤᠨ ᠲᠠᠮᠢᠷ ᠲᠣᠬᠢᠷᠠᠭᠤᠯᠬᠤ ᠶᠢ ᠪᠠᠲᠤᠯᠠᠬᠤ ᠭᠡᠷᠡᠭᠳᠡᠢ︔ ᠰᠤᠷᠭᠠᠭᠤᠯᠢ ᠡᠷᠭᠢᠯᠡᠭᠦ ᠨᠥᠬᠦᠴᠡᠯ ᠬᠦᠴᠢᠷᠳᠡᠯ ᠲᠠᠢ ᠰᠤᠷᠭᠠᠭᠤᠯᠢ ᠳᠤ ︽ᠨᠢᠭᠡ ᠰᠤᠷᠭᠠᠭᠤᠯᠢ ᠨᠢᠭᠡ ᠲᠥᠰᠥᠯ︾ ᠤᠨ ᠪᠣᠳᠠᠲᠠᠢ ᠠᠷᠭ᠎ᠠ ᠲᠣᠭᠲᠠᠭᠠᠵᠤ᠂ ᠬᠢᠴᠢᠶᠡᠯ ᠤᠨ ᠵᠠᠪᠰᠠᠷᠯᠠᠭ᠎ᠠ ᠶᠢᠨ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠴᠠᠭ ᠢ  ᠴᠠᠭ ᠵᠥᠷᠢᠭᠦᠯᠦᠨ ᠲᠣᠬᠢᠷᠠᠭᠤᠯᠬᠤ ᠬᠡᠷᠡᠭᠲᠡᠢ᠃      ᠭᠤᠷᠪᠠ ᠳᠤ᠂ ᠬᠢᠴᠢᠶᠡᠯ ᠤᠨ ᠵᠠᠪᠰᠠᠷᠯᠠᠭ᠎ᠠ ᠶᠢᠨ ᠠᠮᠤᠷ ᠲᠦᠪᠰᠢᠨ ᠤ ᠠᠵᠢᠯ ᠢ ᠰᠠᠶᠢᠲᠤᠷ ᠬᠢᠬᠦ ᠬᠡᠷᠡᠭᠲᠡᠢ᠃ ᠡᠯ᠎ᠡ ᠭᠠᠵᠠᠷ ᠣᠷᠣᠨ ᠨᠤᠭᠤᠳ ᠰᠤᠷᠭᠠᠭᠤᠯᠢ ᠶᠢ ᠵᠢᠯᠣᠭᠤᠳᠤᠨ ᠬᠠᠮᠢᠶᠠᠷᠤᠯᠲᠠ ᠪᠠ ᠠᠮᠤᠷ ᠲᠦᠪᠰᠢᠨ ᠤ ᠰᠡᠷᠭᠡᠶᠢᠯᠡᠯᠲᠡ ᠶᠢᠨ ᠠᠷᠭ᠎ᠠ ᠬᠡᠮᠵᠢᠶ᠎ᠡ ᠶᠢ ᠰᠢᠨᠵᠢᠯᠡᠬᠦ ᠤᠬᠠᠭᠠᠨᠴᠢ ᠪᠠᠷ ᠬᠡᠷᠡᠭᠵᠢᠭᠦᠯᠵᠦ᠂ ᠭᠡᠷ ᠤᠨ ᠭᠠᠳᠠᠨᠠᠬᠢ ᠲᠠᠯᠠᠪᠤᠷ ᠭᠠᠵᠠᠷ ᠤᠨ ᠲᠤᠨᠤᠭ ᠲᠥᠬᠦᠭᠡᠷᠦᠮᠵᠢ ᠶᠢ ᠵᠢᠭᠰᠠᠭᠠᠨ ᠪᠠᠶᠢᠴᠠᠭᠠᠬᠤ ᠪᠠ ᠠᠵᠢᠯᠲᠠᠨ ᠠᠵᠢᠯᠴᠢᠨ ᠤ ᠵᠢᠵᠢᠭᠦᠷᠯᠡᠨ ᠰᠠᠬᠢᠬᠤ ᠶᠢ ᠴᠢᠩᠭᠠᠳᠬᠠᠨ᠂ ᠰᠤᠷᠤᠬᠴᠢᠳ ᠤᠨ ᠠᠮᠤᠷ ᠲᠦᠪᠰᠢᠨ ᠤ ᠶᠡᠷᠦ ᠶᠢᠨ ᠮᠡᠳᠡᠯᠭᠡ ᠶᠢᠨ ᠬᠥᠮᠦᠵᠢᠯ ᠢ ᠴᠢᠩᠭᠠᠳᠬᠠᠵᠤ᠂ ᠠᠮᠤᠷ ᠲᠦᠪᠰᠢᠨ ᠤ ᠠᠳᠡᠯ ᠤᠨ ᠲᠦᠭᠰᠢᠭᠦᠷᠢ ᠶᠢ ᠬᠠᠮᠤᠭ ᠤᠨ ᠳᠣᠣᠷ᠎ᠠ ᠪᠠᠶᠢᠯᠭᠠᠬᠤ ᠬᠡᠷᠡᠭᠲᠡᠢ᠃      ᠳᠥᠷᠪᠡ ᠳᠤ᠂ ᠬᠢᠨᠠᠨ ᠵᠢᠯᠤᠭᠤᠳᠴᠤ ᠪᠠᠶᠢᠴᠠᠭᠠᠬᠤ ᠪᠠ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠴᠢᠩᠭᠠᠳᠬᠠᠬᠤ ᠬᠡᠷᠡᠭᠲᠡᠢ᠃ᠡᠯ᠎ᠡ ᠭᠠᠵᠠᠷ ᠣᠷᠣᠨ ᠨᠤᠭᠤᠳ ᠪᠠᠶᠢᠩᠭᠤᠵᠢᠭᠰᠠᠨ ᠬᠢᠨᠠᠨ ᠵᠢᠯᠤᠭᠤᠳᠴᠤ ᠪᠠᠶᠢᠴᠠᠭᠠᠬᠤ ᠲᠣᠭᠲᠠᠴᠠ ᠶᠢ ᠪᠠᠶᠢᠭᠤᠯᠵᠤ᠂  ᠬᠢᠴᠢᠶᠡᠯ ᠤᠨ ᠵᠠᠪᠰᠠᠷᠯᠠᠭ᠎ᠠ ᠶᠢᠨ ᠬᠥᠳᠡᠯᠭᠡᠭᠡᠨ ᠢ ᠨᠠᠶᠢᠳᠠᠪᠤᠷᠢᠵᠢᠭᠤᠯᠵᠤ ᠪᠠᠶᠢᠭ᠎ᠠ ᠪᠠᠶᠢᠳᠠᠯ ᠳᠤ ᠠᠩᠬᠠᠷᠤᠯ ᠲᠠᠯᠪᠢᠵᠤ᠂ ᠢᠯᠡ ᠪᠠᠷ ᠪᠠᠶᠢᠴᠠᠭᠠᠵᠤ ᠳᠠᠯᠳᠠᠭᠤᠷ ᠰᠤᠷᠪᠤᠯᠵᠢᠯᠠᠬᠤ ᠶᠢ ᠪᠠᠶᠢᠩᠭᠤ ᠶᠢᠨ ᠴᠢᠨᠠᠷᠲᠠᠢ ᠥᠷᠨᠢᠭᠦᠯᠵᠦ᠂ ᠳᠤᠮᠳᠠᠳᠤ ᠪᠠᠭ᠎ᠠ ᠰᠤᠷᠭᠠᠭᠤᠯᠢ ᠶᠢᠨ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠢ ᠴᠢᠩᠭ᠎ᠠ ᠨᠠᠶᠢᠳᠠᠪᠤᠷᠢᠵᠢᠭᠤᠯᠬᠤ ᠶᠢ ᠵᠢᠭᠠᠨ ᠵᠢᠯᠤᠭᠤᠳᠴᠤ᠂ ᠰᠤᠷᠤᠬᠴᠢᠳ ᠤᠨ ᠬᠠᠤᠯᠢ ᠶᠣᠰᠣᠨ ᠤ ᠡᠷᠬᠡ ᠠᠰᠢᠭ ᠢ ᠪᠠᠲᠤᠯᠠᠬᠤ ᠬᠡᠷᠡᠭᠲᠡᠢ᠃ ᠰᠤᠷᠭᠠᠭᠤᠯᠢ ᠶᠢᠨ ᠬᠢᠴᠢᠶᠡᠯ ᠤᠨ ᠵᠠᠪᠰᠠᠷᠯᠠᠭ᠎ᠠ ᠶᠢᠨ ᠴᠠᠭ ᠢ ᠰᠢᠬᠠᠨ ᠡᠵᠡᠯᠡᠬᠦ ᠪᠠ ᠪᠠᠭᠠᠰᠬᠠᠬᠤ᠂ ᠰᠣᠷᠣᠬᠴᠢ ᠶᠢᠨ ᠬᠢᠴᠢᠶᠡᠯ ᠤᠨ ᠵᠠᠪᠰᠠᠷᠯᠠᠭ᠎ᠠ ᠶᠢᠨ ᠬᠥᠳᠡᠯᠭᠡᠭᠡᠨ ᠢ ᠳᠤᠷ᠎ᠠ ᠪᠠᠷ ᠢᠶᠠᠨ ᠬᠢᠵᠠᠭᠠᠷᠯᠠᠭᠰᠠᠨ ᠵᠣᠬᠢᠰ ᠦᠭᠡᠢ ᠦᠶᠯᠡ ᠠᠵᠢᠯᠯᠠᠭ᠎ᠠ ᠳᠤ ᠴᠢᠭᠯᠡᠭᠦᠯᠦᠨ ᠥᠪᠡᠷ ᠢ ᠪᠠᠨ ᠪᠠᠶᠢᠴᠠᠭᠠᠵᠤ ᠥᠪᠡᠷ ᠢ ᠪᠠᠨ ᠵᠠᠯᠠᠷᠠᠭᠤᠯᠬᠤ ᠶᠢ ᠥᠷᠨᠢᠭᠦᠯᠬᠦ ᠶᠢᠨ ᠬᠠᠮᠲᠤ ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠬᠦ ᠤᠲᠠᠰᠤ ᠶᠢ ᠨᠡᠶᠢᠲᠡᠯᠡᠵᠦ᠂ ᠨᠡᠶᠢᠭᠡᠮ ᠨᠡᠶᠢᠲᠡ ᠪᠠ ᠭᠡᠷ ᠤᠨ ᠠᠬᠠᠮᠠᠳ᠂ ᠰᠣᠷᠣᠬᠴᠢ ᠶᠢᠨ ᠬᠢᠨᠠᠯᠲᠠ ᠶᠢ ᠰᠠᠨᠠᠭᠠᠴᠢᠯᠠᠭ᠎ᠠ   ᠠᠴᠠ ᠪᠠᠨ ᠬᠦᠯᠢᠶᠡᠵᠦ᠂ ᠨᠠᠶᠢᠳᠠᠪᠤᠷᠢᠵᠢᠭᠤᠯᠤᠭᠰᠠᠨ ᠢᠶᠠᠷ ᠬᠦᠷᠦᠯᠴᠡᠬᠦ ᠦᠭᠡᠢ ᠰᠤᠷᠭᠠᠭᠤᠯᠢ ᠲᠠᠢ ᠪᠣᠯᠵᠣᠨ ᠶᠠᠷᠢᠯᠴᠠᠬᠤ ᠪᠠ ᠵᠠᠷᠯᠠᠨ ᠮᠡᠳᠡᠭᠳᠡᠬᠦ ᠶᠢᠨ ᠬᠠᠮᠲᠤ ᠵᠠᠷᠯᠢᠭᠳᠠᠵᠤ ᠪᠠᠶᠢᠭᠠᠳ ᠴᠡᠭᠴᠡᠯᠡᠨ ᠥᠭᠡᠷᠡᠴᠢᠯᠡᠭᠦᠯᠦᠨ᠎ᠡ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号