4860 ᠰᠤᠷᠤᠭᠴᠢ ᠶᠢᠨ ᠣᠷᠣᠨ ᠲᠤᠭ᠎ᠠ ᠰᠢᠨ᠎ᠡ ᠪᠠᠷ ᠨᠡᠮᠡᠭᠳᠡᠭᠦᠯᠵᠦ᠂ ᠬᠤᠳᠤᠩ ᠠᠷᠠᠳ ᠤᠨ ᠲᠣᠭᠤᠷᠢᠭ ᠤᠨ ᠬᠡᠦᠬᠡᠳ ᠢ ᠰᠠᠶᠢᠨ ᠰᠤᠷᠭᠠᠭᠤᠯᠢ ᠳᠤ ᠣᠷᠣᠭᠤᠯᠤᠶ᠎ᠠ
ᠨᠡᠶᠢᠲᠡᠯᠡᠭᠰᠡᠨ ᠴᠠᠭ᠄
2024/1/11
     ︽ᠬᠡᠦᠬᠡᠳ ᠡᠨᠡ ᠵᠢᠯ ᠪᠠᠭ᠎ᠠ ᠰᠤᠷᠭᠠᠭᠤᠯᠢ   ᠶᠢᠨ ᠨᠢᠭᠡᠳᠦᠭᠡᠷ ᠣᠨ ᠳᠤ ᠰᠤᠷᠤᠯᠴᠠᠵᠤ ᠪᠠᠶᠢᠨ᠎ᠠ᠂ ᠪᠢ ᠰᠤᠷᠭᠠᠭᠤᠯᠢ   ᠶᠢᠨ ᠰᠠᠭᠤᠷᠢ ᠲᠠᠯᠪᠢᠬᠤ ᠠᠴᠠ ᠡᠬᠢᠯᠡᠨ ᠦᠵᠡᠵᠦ᠂ ᠡᠨᠡ ᠵᠢᠯ ᠤᠨ 9 ᠰᠠᠷ᠎ᠠ ᠳᠤ ᠲᠣᠭᠲᠠᠭᠰᠠᠨ ᠴᠠᠭ ᠲᠠᠭᠠᠨ ᠰᠤᠷᠭᠠᠭᠤᠯᠢ ᠡᠬᠢᠯᠡᠵᠡᠢ᠂ ᠨᠢᠭᠡ ᠵᠠᠮ ᠥᠩᠭᠡᠷᠡᠪᠡᠯ ᠰᠤᠷᠭᠠᠭᠤᠯᠢ ᠳᠠᠭᠠᠨ ᠬᠦᠷᠦᠨ᠎ᠡ᠂ ᠲᠣᠮᠣ ᠬᠥᠮᠥᠰ ᠪᠠ ᠬᠡᠦᠬᠡᠳ ᠤᠨ ᠶᠠᠷᠰᠢᠭ ᠢ ᠪᠠᠭᠠᠰᠬᠠᠵᠤ᠂ ᠠᠵᠢᠯ ᠳᠤ ᠭᠠᠷᠬᠤ ᠳᠠᠭᠠᠨ ᠴᠤ ᠰᠠᠨᠠᠭ᠎ᠠ ᠠᠮᠤᠷ ᠪᠠᠶᠢᠯ᠎ᠠ ᠪᠣᠯᠭᠠᠵᠠᠢ︾ ᠭᠡᠵᠦ ᠬᠡᠯᠡᠪᠡ᠃ 10 ᠰᠠᠷ᠎ᠠ ᠶᠢᠨ 25 ᠤ ᠡᠳᠦᠷ᠂ ᠬᠥᠬᠡᠬᠤᠲᠠ ᠶᠢᠨ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠲᠤᠷᠰᠢᠯᠲᠠ ᠶᠢᠨ ᠰᠤᠷᠭᠠᠭᠤᠯᠢ ᠶᠢᠨ ᠨᠢᠭᠡᠳᠦᠭᠡᠷ ᠣᠨ ᠤ ᠰᠣᠷᠣᠭᠴᠢ ᠶᠢᠨ ᠭᠡᠷ ᠤᠨ ᠠᠬᠠᠮᠠᠳ ᠯᠢᠦ ᠠᠪᠠᠭ᠋ᠠᠢ ᠪᠠᠶᠠᠷᠲᠠᠢ ᠪᠠᠷ ᠰᠤᠷᠪᠤᠯᠵᠢᠯᠠᠭᠴᠢ ᠳᠤ ᠬᠡᠯᠡᠪᠡ᠃      ᠣᠳᠣᠬᠢᠴᠢᠯᠠᠭᠰᠠᠨ ᠵᠢᠭᠠᠨ ᠰᠤᠷᠭᠠᠯᠲᠠ ᠶᠢᠨ ᠠᠰᠠᠷ᠂ ᠴᠡᠪᠡᠷ ᠴᠡᠮᠴᠡᠭᠡᠷ ᠬᠢᠴᠢᠶᠡᠯ ᠤᠨ ᠭᠡᠷ᠂ ᠤᠯᠠᠨ ᠴᠢᠳᠠᠮᠵᠢᠲᠤ ᠮᠡᠳᠡᠭᠦᠯᠦᠯᠲᠡ ᠶᠢᠨ ᠲᠢᠩᠬᠢᠮ᠂ ᠪᠡᠶ᠎ᠡ ᠶᠢᠨ ᠲᠠᠮᠢᠷ ᠤᠨ ᠣᠷᠳᠣᠨ᠂ ᠲᠠᠮᠢᠷ ᠤᠨ ᠲᠠᠯᠠᠪᠠᠢ ᠪᠣᠯᠣᠨ 2000 ᠬᠥᠮᠥᠨ ᠢ ᠪᠠᠭᠲᠠᠭᠠᠬᠤ ᠬᠤᠭᠤᠯᠠᠨ ᠭᠡᠷ ᠵᠢᠴᠢ ᠳᠤᠷᠠᠶᠢᠲᠠᠯ᠎ᠠ ᠬᠠᠷᠠᠭᠳᠠᠭᠰᠠᠨ ︽ᠰᠠᠬᠢᠨ ᠪᠠᠷᠠᠯᠠᠵᠥ ᠬᠠᠷᠢᠯᠴᠠᠨ ᠬᠠᠪᠰᠤᠷᠤᠯᠴᠠᠵᠤ᠂ ᠬᠦᠰᠡᠯ ᠵᠡᠭᠦᠳᠦ ᠪᠠᠨ ᠲᠡᠷᠭᠡᠯᠰᠢᠭᠦᠯᠵᠦ ᠬᠠᠮᠲᠤ ᠪᠠᠷ ᠠᠯᠤᠰ ᠢ ᠵᠣᠷᠢᠬᠤ︾ ᠰᠤᠷᠭᠠᠭᠤᠯᠢ ᠡᠷᠬᠢᠯᠡᠬᠦ ᠣᠶᠢᠯᠠᠭᠠᠭᠳᠠᠬᠤᠨ ᠤ ᠤᠷᠢᠶ᠎ᠠ ᠯᠣᠽᠦ᠋ᠩ ᠁      ᠡᠨᠡ ᠰᠤᠷᠭᠠᠭᠤᠯᠢ ᠳᠤ ᠬᠦᠷᠬᠦ ᠳᠤ᠂ ᠵᠢᠭᠠᠨ ᠰᠤᠷᠭᠠᠯᠲᠠ ᠶᠢᠨ ᠠᠰᠠᠷ ᠤᠨ ᠡᠮᠦᠨ᠎ᠡ ᠰᠤᠷᠭᠠᠭᠤᠯᠢ ᠶᠢᠨ ᠪᠣᠯᠪᠠᠰᠤᠷᠠᠯ ᠨᠢᠳᠦᠨ ᠳᠤ ᠲᠣᠳᠣᠷᠠᠵᠤ᠂ ᠡᠨᠡ ᠵᠢᠯ ᠤᠨ ᠨᠠᠮᠤᠷ ᠤᠨ ᠤᠯᠠᠷᠢᠯ ᠤᠨ ᠰᠢᠨ᠎ᠡ ᠰᠤᠷᠤᠯᠭ᠎ᠠ ᠶᠢᠨ ᠬᠤᠭᠤᠴᠠᠭ᠎ᠠ ᠡᠬᠢᠯᠡᠬᠦ ᠲᠠᠰᠢᠷᠠᠮ ᠢᠶᠠᠷ᠂ ᠡᠨᠡᠬᠦ ᠰᠠᠶ᠋ᠢᠬᠠᠨ ᠠᠰᠢᠭᠯᠠᠯᠲᠠ ᠳᠤ ᠣᠷᠣᠭᠤᠯᠤᠭᠰᠠᠨ ᠶᠢᠰᠦᠨ ᠵᠢᠯ ᠤᠨ ᠳᠦᠷᠢᠮᠲᠦ ᠰᠤᠷᠭᠠᠭᠤᠯᠢ ᠶᠢᠨ ᠠᠩᠬᠠᠨ ᠤ ᠪᠦᠯᠦᠭ ᠰᠤᠷᠤᠭᠴᠢᠳ ᠢ ᠤᠭᠲᠤᠨ ᠠᠪᠴᠢᠷᠠᠵᠠᠢ᠃      ︽ᠰᠤᠷᠭᠠᠭᠤᠯᠢ ᠳᠤ ᠨᠡᠶᠢᠲᠡ 1 ᠠᠴᠠ 9 ᠳ᠋ᠦ᠋ᠭᠡᠷ ᠣᠨ ᠤ 42 ᠵᠢᠭᠠᠨ ᠰᠤᠷᠭᠠᠯᠲᠠ ᠶᠢᠨ ᠠᠩᠭᠢ ᠲᠣᠬᠢᠷᠠᠭᠤᠯᠵᠤ᠂ ᠪᠠᠭ᠎ᠠ ᠠᠩᠭᠢ ᠶᠢᠨ ᠳᠦᠷᠢᠮᠲᠦ ᠵᠢᠭᠠᠨ ᠰᠤᠷᠭᠠᠯᠲᠠ ᠶᠢ ᠬᠡᠷᠡᠭᠵᠢᠭᠦᠯᠵᠦ᠂ ᠠᠩᠭᠢ ᠪᠦᠷᠢ ᠳᠤ 40 ᠬᠥᠮᠥᠨ ᠲᠠᠢ᠂ ᠣᠳᠣᠬᠠᠨ ᠳᠤ ᠪᠠᠭ᠎ᠠ ᠰᠤᠷᠭᠠᠭᠤᠯᠢ ᠶᠢᠨ ᠨᠢᠭᠡᠳᠦᠭᠡᠷ ᠣᠨ ᠤ 4 ᠠᠩᠭᠢ ᠪᠠ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠨᠢᠭᠡᠳᠦᠭᠡᠷ ᠣᠨ ᠤ 6 ᠠᠩᠭᠢ ᠶᠢᠨ ᠰᠤᠷᠤᠭᠴᠢ ᠡᠯᠰᠡᠬᠦ ᠠᠵᠢᠯ ᠢ ᠪᠡᠶᠡᠯᠡᠭᠦᠯᠵᠡᠢ︾᠃ ᠬᠤᠳᠤᠩ ᠠᠷᠠᠳ ᠤᠨ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠶᠢᠨ ᠳᠠᠷᠤᠭ᠎ᠠ ᠦ᠋ ᠬᠠᠢ ᠶᠢᠩ ᠤᠨ ᠲᠠᠨᠢᠯᠴᠠᠭᠤᠯᠤᠭᠰᠠᠨ ᠢᠶᠠᠷ᠂ ᠰᠤᠷᠭᠠᠭᠤᠯᠢ ᠨᠢ ᠨᠡᠶᠢᠰᠯᠡᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠲᠤᠷᠰᠢᠯᠲᠠ ᠶᠢᠨ ᠰᠤᠷᠭᠠᠭᠤᠯᠢ ᠪᠠ ᠬᠥᠬᠡᠬᠤᠲᠠ ᠶᠢᠨ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠰᠤᠷᠭᠠᠨ ᠬᠥᠮᠦᠵᠢᠯ ᠤᠨ ᠡᠬᠢ ᠪᠠᠶᠠᠯᠢᠭ ᠢ ᠣᠷᠣᠭᠤᠯᠤᠨ ᠠᠪᠴᠢᠷᠠᠵᠤ᠂ ᠬᠠᠮᠢᠶᠠᠷᠤᠯᠲᠠ ᠶᠢᠨ ᠪᠦᠯᠬᠦᠮ ᠵᠣᠬᠢᠶᠠᠨ ᠪᠠᠶᠢᠭᠤᠯᠵᠤ᠂ ᠪᠠᠭᠰᠢ ᠶᠢᠨ ᠬᠦᠴᠦᠨ ᠢ ᠲᠣᠬᠢᠷᠠᠭᠤᠯᠪᠠ᠃ ᠡᠨᠡ ᠬᠦ ᠶᠢᠰᠦᠨ ᠵᠢᠯ ᠤᠨ ᠳᠦᠷᠢᠮᠲᠦ ᠰᠤᠷᠭᠠᠭᠤᠯᠢ ᠶᠢ ᠠᠰᠢᠭᠯᠠᠯᠲᠠ ᠳᠤ ᠣᠷᠣᠭᠤᠯᠤᠭᠰᠠᠨ ᠤ ᠳᠠᠷᠠᠭ᠎ᠠ᠂ ᠬᠡᠰᠡᠭ ᠲᠣᠭᠤᠷᠢᠭ ᠤᠨ ᠰᠠᠭᠤᠭᠠᠯᠢ ᠠᠷᠠᠳ ᠤᠨ ᠦᠷ᠎ᠡ ᠬᠡᠦᠬᠡᠳ ᠤᠨ ᠭᠡᠷ ᠣᠶᠢᠷᠠᠯᠴᠠᠭ᠎ᠠ ᠰᠤᠷᠭᠠᠭᠤᠯᠢ ᠳᠤ ᠣᠷᠣᠬᠤ ᠬᠡᠷᠡᠭᠴᠡᠭᠡ ᠶᠢ ᠬᠠᠩᠭᠠᠭᠰᠠᠨ ᠢᠶᠠᠷ ᠪᠠᠷᠠᠬᠤ ᠦᠭᠡᠢ᠂ ᠬᠤᠳᠤᠩ ᠠᠷᠠᠳ ᠤᠨ ᠲᠣᠭᠤᠷᠢᠭ ᠤᠨ ᠰᠤᠷᠭᠠᠨ ᠬᠥᠮᠦᠵᠢᠯ ᠤᠨ ᠡᠬᠢ ᠪᠠᠶᠠᠯᠢᠭ ᠢ ᠰᠢᠯᠢᠳᠡᠭᠵᠢᠭᠦᠯᠦᠨ ᠲᠣᠬᠢᠷᠠᠭᠤᠯᠬᠤ ᠶᠢ ᠠᠬᠢᠭᠤᠯᠤᠭᠰᠠᠨ ᠪᠠᠶᠢᠨ᠎ᠠ᠃
     ᠥᠨᠢᠳᠡ ᠶᠢᠨ ᠶᠡᠭᠡ ᠪᠣᠳᠣᠯᠭ᠎ᠠ ᠶᠢ ᠪᠡᠶᠡᠯᠡᠭᠦᠯᠬᠦ ᠳᠤ ᠰᠤᠷᠭᠠᠨ ᠬᠥᠮᠦᠵᠢᠯ ᠢᠶᠠᠷ ᠦᠨᠳᠦᠰᠦ ᠪᠣᠯᠭᠠᠨ᠎ᠠ᠃      ᠣᠶᠢᠷ᠎ᠠ ᠶᠢᠨ ᠵᠢᠯ ᠠᠴᠠ᠂ ᠬᠤᠳᠤᠩ ᠠᠷᠠᠳ ᠤᠨ ᠲᠣᠭᠤᠷᠢᠭ ᠢᠮᠠᠭᠲᠠ ᠰᠤᠷᠭᠠᠨ ᠬᠥᠮᠦᠵᠢᠯ ᠢ ᠬᠠᠮᠤᠭ ᠤᠨ ᠶᠡᠭᠡ ᠠᠷᠠᠳ ᠤᠨ ᠠᠮᠢᠳᠤᠷᠠᠯ ᠤᠨ ᠦᠢᠯᠡᠰ ᠪᠣᠯᠭᠠᠨ ᠠᠳᠬᠤᠵᠤ᠂ ᠲᠤᠰ ᠭᠠᠵᠠᠷ ᠤᠨ ᠪᠣᠳᠠᠲᠤ ᠪᠠᠶᠢᠳᠠᠯ ᠳᠠᠭᠠᠨ ᠰᠠᠭᠤᠷᠢᠯᠠᠵᠤ᠂ ᠰᠤᠷᠭᠠᠨ ᠬᠥᠮᠦᠵᠢᠯ ᠢ ᠤᠷᠢᠳᠠᠪᠠᠷ ᠬᠥᠭᠵᠢᠭᠦᠯᠬᠦ ᠪᠠᠶᠢᠯᠳᠤᠬᠤ ᠪᠣᠳᠣᠯᠭ᠎ᠠ ᠶᠢ ᠪᠠᠷᠢᠮᠲᠠᠯᠠᠵᠤ᠂ ᠰᠤᠷᠭᠠᠨ ᠬᠥᠮᠦᠵᠢᠯ ᠤᠨ ᠶᠠᠰᠤ ᠴᠢᠨᠠᠷ ᠤᠨ ᠳᠡᠭᠡᠭᠰᠢᠯᠡᠯᠲᠡ ᠶᠢ ᠲᠠᠰᠤᠷᠠᠯᠳᠡ ᠦᠭᠡᠢ ᠠᠬᠢᠭᠤᠯᠵᠤ᠂ ᠠᠷᠠᠳ ᠤᠯᠠᠨ ᠤ ︽ᠰᠤᠷᠭᠠᠭᠤᠯᠢ ᠳᠤ ᠣᠷᠣᠬᠤ︾ ᠠᠴᠠ ︽ᠰᠠᠶᠢᠨ ᠰᠤᠷᠭᠠᠭᠤᠯᠢ ᠣᠷᠣᠬᠤ︾ ᠰᠠᠶᠢᠨ ᠰᠠᠶᠢᠬᠠᠨ ᠬᠦᠰᠡᠯ ᠡᠷᠡᠮᠡᠯᠵᠡᠯ ᠢ ᠬᠠᠩᠭᠠᠭᠰᠠᠨ ᠪᠠᠶᠢᠨ᠎ᠠ᠃      ᠬᠤᠳᠤᠩ ᠠᠷᠠᠳ ᠤᠨ ᠲᠣᠭᠤᠷᠢᠭ ᠲᠤ ᠪᠠᠶᠢᠩᠭᠤ ᠰᠠᠭᠤᠭ᠎ᠠ ᠬᠥᠮᠥᠨ ᠠᠮᠠ 45.3 ᠲᠦᠮᠡ᠂ ᠳᠤᠮᠳᠠᠳᠤ ᠪᠠᠭ᠎ᠠ ᠰᠤᠷᠭᠠᠭᠤᠯᠢ ᠳᠤ ᠰᠤᠷᠤᠯᠴᠠᠵᠤ ᠪᠠᠶᠢᠭ᠎ᠠ ᠰᠤᠷᠤᠭᠴᠢ 4.26 ᠲᠦᠮᠡ᠂ 0-6 ᠨᠠᠰᠤᠨ ᠤ ᠬᠡᠦᠬᠡᠳ 1.85 ᠲᠦᠮᠡ᠂ ᠤᠳᠤ ᠡᠯ᠎ᠡ ᠲᠦᠷᠦᠯ ᠤᠨ ᠰᠤᠷᠭᠠᠭᠤᠯᠢ᠂ ᠬᠡᠦᠬᠡᠳ ᠤᠨ ᠴᠡᠴᠡᠷᠯᠢᠭ 112 ᠪᠠᠶᠢᠵᠤ᠂ ᠣᠷᠣᠨ ᠲᠣᠭᠠᠨ ᠳᠤ ᠪᠠᠶᠢᠭ᠎ᠠ ᠪᠠᠭᠰᠢ 2790 ᠪᠤᠢ᠂ ᠰᠤᠷᠬᠤ ᠨᠠᠰᠤᠨ ᠠᠴᠠ ᠡᠮᠦᠨᠡᠬᠢ ᠪᠠ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠳᠤ ᠤᠳᠤ 14930 ᠰᠤᠷᠤᠭᠴᠢ ᠶᠢᠨ ᠣᠷᠣᠨ ᠲᠤᠭ᠎ᠠ ᠲᠠᠢ᠃ ᠰᠤᠷᠭᠠᠨ ᠬᠥᠮᠦᠵᠢᠯ ᠤᠨ ᠪᠠᠶᠢᠷᠢᠰᠢᠭᠤᠯᠤᠯᠲᠠ ᠳᠤ ︽ᠡᠮᠦᠨ᠎ᠡ ᠲᠠᠯ᠎ᠠ ᠨᠢ ᠣᠯᠠᠨ ᠤᠮᠠᠷ᠎ᠠ ᠨᠢ ᠴᠥᠭᠡᠨ᠂ ᠵᠡᠭᠦᠨ ᠲᠠᠯ᠎ᠠ ᠨᠢ ᠬᠦᠴᠦᠷᠬᠡᠭ ᠪᠠᠷᠠᠭᠤᠨ ᠲᠠᠯ᠎ᠠ ᠨᠢ ᠪᠠᠭᠤᠷᠠᠢ︾ ᠣᠨᠴᠠᠯᠢᠭ ᠢᠯᠡᠷᠡᠭᠰᠡᠨ ᠪᠠᠶᠢᠨ᠎ᠠ᠃      ᠠᠷᠠᠳ ᠲᠦᠮᠡᠨ ᠤ ᠰᠠᠨᠠᠭᠠᠨ ᠳᠤ ᠨᠡᠶᠢᠴᠡᠭᠰᠡᠨ ᠰᠤᠷᠭᠠᠨ ᠬᠥᠮᠦᠵᠢᠯ ᠢ ᠡᠷᠬᠢᠯᠡᠬᠦ ᠶᠢᠨ ᠭᠤᠣᠯᠳᠠᠯᠭ᠎ᠠ ᠨᠢ ᠬᠡᠦᠬᠡᠳ ᠢ ᠭᠡᠷ ᠤᠨ ᠡᠭᠦᠳᠡᠨ ᠳᠤᠨᠢ ᠥᠨᠳᠥᠷ ᠶᠠᠰᠤ ᠴᠢᠨᠠᠷ ᠲᠠᠢ ᠰᠤᠷᠭᠠᠭᠤᠯᠢ ᠳᠤ ᠰᠤᠷᠤᠯᠴᠠᠭᠤᠯᠬᠤ ᠶᠠᠪᠤᠳᠠᠯ ᠪᠣᠯᠣᠨ᠎ᠠ᠃      ᠰᠢᠯᠢᠳᠡᠭ ᠰᠤᠷᠭᠠᠨ ᠬᠥᠮᠦᠵᠢᠯ ᠤᠨ ᠲᠡᠩᠴᠡᠭᠦᠷᠢᠲᠡᠢ ᠬᠥᠭᠵᠢᠯᠲᠡ ᠶᠢ ᠠᠬᠢᠭᠤᠯᠬᠤ ᠶᠢᠨ ᠲᠥᠯᠥᠭᠡ᠂ ᠬᠤᠳᠤᠩ ᠠᠷᠠᠳ ᠤᠨ ᠲᠣᠭᠤᠷᠢᠭ ᠤᠨ ᠬᠥᠬᠡᠬᠤᠲᠠ ᠶᠢᠨ ︽ᠰᠤᠷᠤᠯᠴᠠᠬᠤ ᠳᠤ ᠲᠣᠬᠢᠷᠠᠮᠵᠢᠲᠠᠢ ᠬᠤᠲᠠ︾ ᠶᠢᠨ ᠪᠦᠲᠦᠭᠡᠨ ᠪᠠᠶᠢᠭᠤᠯᠤᠯᠲᠠ ᠶᠢᠨ ᠱᠠᠭᠠᠷᠳᠠᠯᠭ᠎ᠠ ᠶᠣᠰᠣᠭᠠᠷ᠂ ᠪᠠᠶᠢᠷᠢᠰᠢᠭᠤᠯᠤᠯᠲᠠ ᠶᠢᠨ ᠲᠥᠯᠦᠪᠵᠢᠭᠦᠯᠭᠡ ᠪᠠ ᠰᠤᠷᠭᠠᠨ ᠬᠥᠮᠦᠵᠢᠯ ᠤᠨ ᠬᠥᠭᠵᠢᠯᠲᠡ ᠶᠢᠨ ᠬᠡᠷᠡᠭᠴᠡᠭᠡ ᠲᠠᠢ ᠤᠶᠠᠯᠳᠤᠭᠤᠯᠤᠨ᠂ ᠤᠯᠠᠨ ᠵᠦᠢᠯ ᠤᠨ ᠪᠦᠲᠦᠮᠵᠢᠲᠡᠶ ᠠᠷᠭ᠎ᠠ ᠬᠡᠮᠵᠢᠶ᠎ᠡ ᠠᠪᠴᠤ᠂ ᠰᠠᠭᠤᠷᠢ ᠰᠤᠷᠭᠠᠨ ᠬᠥᠮᠦᠵᠢᠯ ᠤᠨ ᠪᠠᠭᠲᠠᠭᠠᠮᠵᠢ ᠶᠢ ᠥᠷᠭᠡᠳᠬᠡᠨ ᠶᠠᠰᠤ ᠴᠢᠨᠠᠷ ᠢ ᠳᠡᠭᠡᠭᠰᠢᠯᠡᠭᠦᠯᠬᠦ ᠶᠢ ᠶᠡᠭᠡ ᠪᠠᠷ ᠲᠦᠯᠬᠢᠨ ᠠᠬᠢᠭᠤᠯᠵᠤ᠂ ᠤᠷᠢᠳ ᠬᠤᠵᠢᠳ ᠲᠡᠮᠦᠷ ᠵᠠᠮ ᠤᠨ ᠨᠢᠭᠡᠳᠦᠭᠡᠷ ᠳᠤᠮᠳᠠᠳᠤ ᠰᠤᠷᠭᠠᠭᠤᠯᠢ᠂ ᠠᠷᠪᠠᠨ ᠵᠢᠷᠭᠤᠳᠤᠭᠠᠷ ᠳᠤᠮᠳᠠᠳᠤ ᠰᠤᠷᠭᠠᠭᠤᠯᠢ᠂ ᠪᠤᠶᠢᠷ ᠵᠠᠮ ᠤᠨ ᠪᠠᠭ᠎ᠠ ᠰᠤᠷᠭᠠᠭᠤᠯᠢ᠂ ᠲᠠᠪᠤᠳᠤᠭᠠᠷ ᠬᠡᠦᠬᠡᠳ ᠤᠨ ᠴᠡᠴᠡᠷᠯᠢᠭ ᠵᠡᠷᠭᠡ 7 ᠳᠤᠮᠳᠠᠳᠤ ᠪᠠᠭ᠎ᠠ ᠰᠤᠷᠭᠠᠭᠤᠯᠢ ᠶᠢᠨ ᠰᠤᠷᠭᠠᠨ ᠬᠥᠮᠦᠵᠢᠯ ᠤᠨ ᠪᠦᠯᠦᠭᠯᠡᠯ ᠪᠠ 7 ᠬᠡᠦᠬᠡᠳ ᠤᠨ ᠰᠤᠷᠭᠠᠨ ᠬᠥᠮᠦᠵᠢᠯ ᠤᠨ ᠪᠦᠯᠦᠭᠯᠡᠯ ᠢ ᠵᠣᠬᠢᠶᠠᠨ ᠪᠠᠶᠢᠭᠤᠯᠵᠤ᠂ ᠤᠤᠯ ᠤᠨ 13 ᠳᠤᠮᠳᠠᠳᠤ ᠰᠤᠷᠭᠠᠭᠤᠯᠢ ᠪᠠ 31 ᠳᠤᠮᠳᠠᠳᠤ ᠰᠤᠷᠭᠠᠭᠤᠯᠢ ᠶᠢ ᠠᠮᠢᠳᠤᠯᠢᠭ ᠪᠣᠯᠭᠠᠵᠤ᠂ ᠬᠥᠳᠡᠭᠡ ᠲᠣᠰᠬᠤᠨ ᠤ ᠬᠡᠳᠦᠨ ᠰᠤᠷᠭᠠᠭᠤᠯᠢ ᠶᠢᠨ ᠬᠥᠭᠵᠢᠯᠲᠡ ᠶᠢ ᠳᠠᠶᠢᠴᠢᠯᠠᠭᠰᠠᠨ ᠪᠠᠶᠢᠨ᠎ᠠ᠃      ᠡᠭᠦᠨ ᠤ ᠬᠠᠮᠲᠤ᠂ ᠣᠷᠣᠨ ᠪᠦᠰᠡ ᠶᠢᠨ ᠳᠣᠲᠣᠷᠠᠬᠢ ᠰᠢᠯᠢᠳᠡᠭ ᠰᠤᠷᠭᠠᠨ ᠬᠥᠮᠦᠵᠢᠯ ᠤᠨ ᠡᠬᠢ ᠪᠠᠶᠠᠯᠢᠭ ᠤᠨ ᠳᠠᠪᠠᠭᠤᠯᠢᠭ ᠢ ᠪᠠᠳᠠᠷᠠᠭᠤᠯᠵᠤ᠂︽ᠶᠢᠰᠦᠨ ᠰᠤᠷᠭᠠᠭᠤᠯᠢ ᠲᠤᠯᠤᠭᠠᠨ ᠴᠡᠴᠡᠷᠯᠢᠭ︾ ᠤᠨ ᠪᠦᠲᠦᠭᠡᠨ ᠪᠠᠶᠢᠭᠤᠯᠤᠯᠲᠠ ᠶᠢᠨ ᠬᠠᠷᠠᠯᠲᠠ ᠶᠢ ᠳᠤᠷᠠᠳᠪᠠ᠂ ᠲᠤᠬᠠᠶᠢᠯᠠᠪᠠᠯ 4 ᠳᠤᠮᠳᠠᠳᠤ ᠰᠤᠷᠭᠠᠭᠤᠯᠢ᠂ 5 ᠪᠠᠭ᠎ᠠ ᠰᠤᠷᠭᠠᠭᠤᠯᠢ᠂ 7 ᠬᠡᠦᠬᠡᠳ ᠤᠨ ᠴᠡᠴᠡᠷᠯᠢᠭ ᠢ ᠪᠦᠲᠦᠭᠡᠨ ᠪᠠᠶᠢᠭᠤᠯᠤᠨ᠎ᠠ᠃ ᠣᠳᠣᠬᠠᠨ ᠳᠤ ᠨᠢᠭᠡᠨᠲᠡ 12 ᠰᠤᠷᠭᠠᠭᠤᠯᠢ ᠶᠢᠨ ᠬᠦᠷᠢᠶᠡᠨ ᠤ ᠰᠢᠨ᠎ᠡ ᠪᠠᠷ ᠪᠠᠶᠢᠭᠤᠯᠬᠤ᠂ ᠥᠭᠡᠷᠡᠴᠢᠯᠡᠨ ᠪᠠᠶᠢᠭᠤᠯᠬᠤ ᠪᠠ ᠥᠷᠭᠡᠳᠬᠡᠨ ᠪᠠᠶᠢᠭᠤᠯᠬᠤ ᠵᠦᠢᠯᠡᠰ ᠢ ᠡᠬᠢᠯᠡᠭᠦᠯᠵᠦ᠂︽ᠳᠥᠷᠪᠡᠨ ᠰᠤᠷᠭᠠᠭᠤᠯᠢ ᠲᠠᠪᠤᠨ ᠴᠡᠴᠡᠷᠯᠢᠭ︾ ᠤᠨ ᠪᠦᠲᠦᠭᠡᠨ ᠪᠠᠶᠢᠭᠤᠯᠤᠯᠲᠠ ᠶᠢ ᠨᠢᠭᠡᠨᠲᠡ ᠪᠡᠶᠡᠯᠡᠭᠦᠯᠵᠦ᠂ 4860 ᠰᠤᠷᠤᠭᠴᠢ ᠶᠢᠨ ᠣᠷᠣᠨ ᠲᠤᠭ᠎ᠠ ᠶᠢ ᠰᠢᠨ᠎ᠡ ᠪᠠᠷ ᠨᠡᠮᠡᠭᠳᠡᠭᠦᠯᠵᠦ᠂ ᠵᠢᠱᠢᠯᠲᠡ ᠪᠠᠷ 2025 ᠣᠨ ᠪᠣᠯᠬᠤ ᠳᠤ ᠨᠡᠶᠢᠲᠡ 10560 ᠰᠤᠷᠤᠭᠴᠢ ᠶᠢᠨ ᠣᠷᠣᠨ ᠲᠤᠭ᠎ᠠ ᠶᠢ ᠰᠢᠨ᠎ᠡ ᠪᠠᠷ ᠨᠡᠮᠡᠭᠳᠡᠭᠦᠯᠦᠨ᠎ᠡ᠃
     ᠡᠨᠡ ᠵᠢᠯ᠂ ᠬᠤᠲᠣᠩ ᠠᠷᠠᠳ ᠤᠨ ᠲᠣᠭᠤᠷᠢᠭ ᠨᠠᠷᠠᠲᠤ ᠰᠤᠷᠭᠠᠭᠤᠯᠢ ᠶᠢᠨ ᠨᠠᠷᠠᠲᠤ ᠲᠥᠷᠥᠯ ᠲᠡᠮᠳᠡᠭᠲᠦ ᠶᠢᠨ ᠦᠢᠯᠡᠳᠦᠯ ᠢ ᠠᠰᠢᠭᠯᠠᠨ᠂ ᠭᠠᠳᠠᠭᠠᠳᠤ ᠳᠤ ᠰᠢᠯᠢᠳᠡᠭ ᠡᠬᠢ ᠪᠠᠶᠠᠯᠢᠭ ᠢ ᠣᠷᠣᠭᠤᠯᠤᠨ ᠠᠪᠴᠢᠷᠠᠵᠤ᠂ ᠬᠠᠮᠲᠤᠷᠠᠨ ᠰᠤᠷᠭᠠᠭᠤᠯᠢ ᠡᠷᠭᠢᠯᠡᠬᠦ ᠵᠠᠭᠪᠤᠷ ᠢ ᠰᠦᠪᠡᠭᠴᠢᠯᠡᠨ ᠦᠢᠯᠡᠳᠦᠯᠭᠡᠵᠢᠭᠦᠯᠵᠦ᠂ ᠤᠷᠢᠳ ᠬᠤᠵᠢᠳ ᠨᠡᠶᠢᠰᠯᠡᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠲᠤᠷᠰᠢᠯᠲᠠ ᠶᠢᠨ ᠰᠤᠷᠭᠠᠭᠤᠯᠢ ᠪᠠ ᠬᠥᠬᠡᠬᠤᠲᠠ ᠶᠢᠨ ᠨᠢᠭᠡᠳᠦᠭᠡᠷ ᠳᠤᠮᠳᠠᠳᠤ ᠰᠤᠷᠭᠠᠭᠤᠯᠢ ᠶᠢ ᠣᠷᠣᠭᠤᠯᠤᠨ ᠠᠪᠴᠢᠷᠠᠵᠤ᠂ ᠬᠥᠬᠡᠬᠤᠲᠠ ᠶᠢᠨ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠲᠤᠷᠰᠢᠯᠲᠠ ᠶᠢᠨ ᠰᠤᠷᠭᠠᠭᠤᠯᠢ ᠶᠢ ᠪᠠᠶᠢᠭᠤᠯᠪᠠ︔ ᠥᠪᠥᠷ ᠮᠣᠩᠭᠤᠯ ᠤᠨ ᠡᠳ᠋ ᠤᠨ ᠵᠠᠰᠠᠭ ᠠᠵᠤ ᠠᠬᠤᠢ ᠶᠢᠨ ᠶᠡᠭᠡ ᠰᠤᠷᠭᠠᠭᠤᠯᠢ ᠲᠠᠢ ᠬᠠᠮᠲᠤᠷᠠᠨ᠂ ᠡᠳ᠋ ᠤᠨ ᠵᠠᠰᠠᠭ ᠠᠵᠤ ᠠᠬᠤᠢ ᠶᠢᠨ ᠶᠡᠭᠡ ᠰᠤᠷᠭᠠᠭᠤᠯᠢ ᠶᠢᠨ ᠬᠠᠷᠢᠶᠠᠲᠤ ᠰᠤᠷᠭᠠᠭᠤᠯᠢ ᠪᠠᠶᠢᠭᠤᠯᠵᠤ︔ ᠬᠠᠢ ᠯᠢᠶᠠᠩ ᠰᠤᠷᠭᠠᠨ ᠬᠥᠮᠦᠵᠢᠯ ᠤᠨ ᠪᠦᠯᠦᠭᠯᠡᠯ ᠢ ᠣᠷᠣᠭᠤᠯᠤᠨ ᠠᠪᠴᠢᠷᠠᠵᠤ ᠬᠥᠬᠡᠬᠤᠲᠠ ᠶᠢᠨ ᠨᠠᠢᠮᠠᠳᠤᠭᠠᠷ ᠳᠤᠮᠳᠠᠳᠤ ᠰᠤᠷᠭᠠᠭᠤᠯᠢ ᠬᠢᠭᠡᠳ ᠬᠡᠲᠦ ᠪᠠᠭ᠎ᠠ ᠨᠠᠷᠠᠲᠤ ᠰᠤᠷᠭᠠᠭᠤᠯᠢ ᠶᠢᠨ ᠬᠠᠮᠲᠤ ᠶᠢᠨ ᠴᠣᠭᠴᠠ ᠶᠢ ᠬᠠᠮᠲᠤᠪᠠᠷ ᠪᠠᠶᠢᠭᠤᠯᠤᠨ᠎ᠠ᠃      ᠬᠠᠮᠲᠤᠷᠠᠨ ᠰᠤᠷᠭᠠᠭᠤᠯᠢ ᠡᠷᠭᠢᠯᠡᠬᠦ ᠪᠠᠷ ᠳᠠᠮᠵᠢᠭᠤᠯᠤᠨ᠂ 3 ᠰᠠᠭᠤᠷᠢ ︽ᠪᠦᠷᠢᠨ ᠭᠦᠢᠴᠡᠳ ᠶᠢᠰᠦᠨ ᠵᠢᠯ ᠤᠨ ᠳᠦᠷᠢᠮᠲᠦ︾ ᠰᠤᠷᠭᠠᠭᠤᠯᠢ ᠶᠢ ᠪᠠᠶᠢᠭᠤᠯᠵᠤ᠂ ᠣᠷᠣᠨ ᠪᠦᠰᠡ ᠶᠢᠨ ᠰᠤᠷᠭᠠᠨ ᠬᠥᠮᠦᠵᠢᠯ ᠢ ᠬᠥᠲᠥᠯᠥᠨ ᠳᠠᠭᠠᠭᠤᠯᠵᠤ ᠨᠥᠯᠥᠭᠡᠯᠡᠨ ᠳᠠᠶᠢᠴᠢᠯᠠᠵᠤ ᠪᠦᠬᠦᠯᠢ ᠴᠣᠭᠴᠠ ᠶᠢᠨ ᠳᠡᠭᠡᠭᠰᠢᠯᠡᠯᠲᠡ ᠶᠢ ᠪᠡᠶᠡᠯᠡᠭᠦᠯᠪᠡ᠃      ᠰᠤᠷᠭᠠᠨ ᠬᠥᠮᠦᠵᠢᠯ ᠤᠨ ᠦᠢᠯᠡᠰ ᠢ ᠬᠥᠭᠵᠢᠭᠦᠯᠦᠨ ᠮᠠᠨᠳᠤᠭᠤᠯᠬᠤ ᠳᠤ ᠲᠤᠭ᠎ᠠ ᠬᠡᠮᠵᠢᠶ᠎ᠡ ᠪᠠᠷ ᠭᠦᠢᠴᠡᠳ᠂ ᠪᠦᠲᠦᠴᠡ ᠵᠣᠬᠢᠰᠲᠠᠢ᠂ ᠪᠠᠭᠰᠢ ᠶᠢᠨ ᠮᠣᠷᠠᠯ ᠰᠢᠯᠢᠳᠡᠭ᠂ ᠲᠤᠬᠠᠶᠢᠯᠠᠭᠰᠠᠨ ᠠᠵᠢᠯ ᠳᠠᠭᠠᠨ ᠴᠠᠭᠠᠷᠠᠭᠰᠠᠨ ᠪᠠᠭᠰᠢ ᠶᠢᠨ ᠡᠩᠨᠡᠭᠡ ᠠᠴᠠ ᠰᠠᠯᠵᠤ ᠴᠢᠳᠠᠬᠤ ᠦᠭᠡᠢ ᠶᠤᠮ᠃      ᠬᠤᠲᠣᠩ ᠠᠷᠠᠳ ᠤᠨ ᠲᠣᠭᠤᠷᠢᠭ ᠤᠨ ᠰᠤᠷᠭᠠᠭᠤᠯᠢ ᠶᠢᠨ ᠵᠠᠬᠢᠷᠤᠯ ᠪᠣᠯᠣᠨ ᠰᠤᠷᠭᠠᠨ ᠬᠥᠮᠦᠵᠢᠯ ᠤᠨ ᠬᠠᠮᠢᠶᠠᠷᠤᠯᠲᠠ ᠶᠢᠨ ᠺᠠᠳ᠋ᠷ ᠢ ᠥᠷᠢᠰᠦᠯᠳᠦᠭᠦᠯᠦᠨ ᠤᠷᠢᠬᠤ ︽ᠳᠠᠪᠰᠢᠵᠤ ᠪᠣᠯᠬᠤ ᠮᠥᠷᠲᠡᠭᠡᠨ ᠪᠠᠭᠤᠵᠤ ᠴᠤ ᠪᠣᠯᠬᠤ︾ ᠲᠣᠭᠲᠠᠴᠠ ᠶᠢ ᠪᠠᠶᠢᠭᠤᠯᠬᠤ ᠪᠠᠷ ᠳᠠᠮᠵᠢᠭᠤᠯᠵᠤ᠂ ᠰᠤᠷᠭᠠᠨ ᠬᠥᠮᠦᠵᠢᠯ ᠤᠨ ᠴᠢᠳᠠᠪᠤᠷᠢᠲᠠᠨ ᠢ ᠡᠯᠰᠡᠬᠦ ᠡᠷᠴᠢᠮ ᠢᠶᠠᠨ ᠴᠢᠩᠭᠠᠷᠠᠭᠤᠯᠪᠠ᠃ ᠰᠢᠯᠢᠳᠡᠭ ᠬᠠᠮᠢᠶᠠᠷᠤᠯᠲᠠ ᠶᠢᠨ ᠺᠠᠳ᠋ᠷ᠂ ᠪᠠᠭᠰᠢ ᠪᠠ ᠲᠤᠰᠬᠠᠢ ᠲᠤᠰᠢᠶᠠᠯ ᠬᠠᠪᠰᠤᠷᠭᠠᠭᠰᠠᠨ ᠵᠢᠭᠠᠨ ᠰᠤᠳᠤᠯᠤᠭᠴᠢ ᠶᠢ ᠣᠷᠣᠭᠤᠯᠤᠨ ᠠᠪᠴᠢᠷᠠᠵᠤ᠂ ᠰᠤᠷᠭᠠᠨ ᠬᠥᠮᠦᠵᠢᠯ ᠤᠨ ᠴᠢᠳᠠᠪᠤᠷᠢᠲᠠᠨ ᠢ ᠬᠥᠮᠥᠵᠢᠭᠦᠯᠬᠦ ᠰᠢᠰᠲ᠋ᠧᠮᠵᠢ ᠶᠢ ᠰᠢᠯᠢᠳᠡᠭᠵᠢᠭᠦᠯᠦᠨ᠂ ᠪᠠᠭᠰᠢ ᠶᠢ ᠬᠦᠴᠦᠷᠬᠡᠭᠵᠢᠭᠦᠯᠬᠦ ᠲᠥᠯᠥᠪᠯᠡᠭᠡ ᠶᠢ ᠬᠡᠷᠡᠭᠵᠢᠭᠦᠯᠵᠦ᠂ ᠨᠠᠷᠠᠲᠤ ᠪᠠᠭᠰᠢ᠂ ᠨᠠᠷᠠᠲᠤ ᠰᠤᠷᠭᠠᠭᠤᠯᠢ ᠶᠢᠨ ᠵᠠᠬᠢᠷᠤᠯ᠂ ᠭᠤᠣᠯᠯᠠᠭᠴᠢ ᠪᠠᠭᠰᠢ ᠶᠢᠨ ᠨᠡᠮᠡᠭᠦᠷᠢ ᠨᠥᠬᠦᠪᠦᠷᠢ ᠶᠢᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠎ᠠ᠃      ᠣᠶᠢᠷ᠎ᠠ ᠶᠢᠨ 5 ᠵᠢᠯ ᠳᠤ᠂ ᠬᠤᠲᠣᠩ ᠠᠷᠠᠳ ᠤᠨ ᠲᠣᠭᠤᠷᠢᠭ ᠲᠤ 373 ᠪᠠᠭᠰᠢ ᠤᠷᠢᠨ ᠬᠡᠷᠡᠭᠯᠡᠭᠰᠡᠨ ᠪᠠ ᠣᠷᠣᠭᠤᠯᠤᠨ ᠠᠪᠴᠢᠷᠠᠵᠤ᠂ ᠪᠠᠭᠰᠢ ᠶᠢᠨ ᠡᠩᠨᠡᠭᠡᠨ ᠤ ᠳᠣᠲᠣᠷ᠎ᠠ ᠵᠢᠩᠬᠢᠨᠢ ᠠᠩᠭᠢ ᠠᠴᠠ ᠳᠡᠭᠡᠭᠰᠢᠬᠢ ᠰᠤᠷᠤᠯᠭ᠎ᠠ ᠶᠢᠨ ᠨᠠᠮᠲᠠᠷ ᠤᠨ ᠡᠵᠡᠯᠡᠬᠦ ᠬᠠᠷᠢᠴᠠᠯ 89% ᠳᠤ ᠬᠦᠷᠴᠦ᠂ ᠪᠠᠭᠰᠢ ᠶᠢᠨ ᠡᠩᠨᠡᠭᠡᠨ ᠳᠤ ᠥᠨᠳᠥᠷ ᠰᠤᠷᠤᠯᠭ᠎ᠠ ᠶᠢᠨ ᠨᠠᠮᠲᠠᠷ ᠲᠠᠢ᠂ ᠵᠠᠯᠠᠭᠤᠵᠢᠬᠤ ᠪᠠᠶᠢᠳᠠᠯ ᠠᠯᠬᠤᠮ ᠠᠯᠬᠤᠮ ᠢᠶᠠᠷ ᠢᠯᠡᠷᠡᠪᠡ᠃      ᠡᠨᠡ ᠵᠢᠯ᠂ ᠬᠤᠲᠣᠩ ᠠᠷᠠᠳ ᠤᠨ ᠲᠣᠭᠤᠷᠢᠭ ᠨᠢ ᠪᠥᠬᠦ ᠣᠷᠣᠨ ᠤ ᠠᠯᠪᠠᠨ ᠠᠴᠠ ᠡᠷᠭᠢᠯᠡᠭᠰᠡᠨ ᠳᠤᠮᠳᠠᠳᠤ ᠪᠠᠭ᠎ᠠ ᠰᠤᠷᠭᠠᠭᠤᠯᠢ ᠪᠠ ᠬᠡᠦᠬᠡᠳ ᠤᠨ ᠴᠡᠴᠡᠷᠯᠢᠭ ᠠᠴᠠ 14 ᠳᠡᠳ᠋ ᠵᠠᠬᠢᠷᠤᠯ ᠪᠠ ᠳᠡᠳ᠋ ᠴᠡᠴᠡᠷᠯᠢᠭ ᠤᠨ ᠳᠠᠷᠤᠭ᠎ᠠ ᠶᠢ ᠢᠯᠡ ᠪᠠᠷ ᠰᠣᠩᠭᠤᠨ ᠤᠷᠢᠵᠤ᠂ ᠲᠡᠳᠡᠨ ᠤ ᠣᠯᠠᠩᠬᠢ ᠨᠢ ᠰᠢᠨᠵᠢᠯᠡᠭᠡᠨ ᠤ ᠰᠠᠯᠠᠭ᠎ᠠ ᠶᠢᠨ ᠳᠠᠭᠠᠭᠤᠯᠤᠭᠴᠢ᠂ ᠵᠢᠭᠠᠨ ᠰᠤᠷᠭᠠᠬᠤ ᠴᠢᠳᠠᠪᠤᠷᠢᠲᠠᠨ ᠪᠣᠯᠣᠨ᠎ᠠ᠃
     ᠡᠭᠦᠨ ᠤ ᠵᠡᠷᠭᠡ ᠳᠤ᠂ ᠵᠢᠭᠠᠨ ᠰᠤᠳᠤᠯᠤᠭᠴᠢ ᠶᠢ ᠰᠣᠩᠭᠤᠨ ᠬᠡᠷᠡᠭᠯᠡᠬᠦ ᠠᠷᠭ᠎ᠠ ᠮᠠᠶ᠋ᠢᠭ ᠤᠨ ᠲᠠᠯ᠎ᠠ ᠪᠠᠷ ᠰᠢᠨ᠎ᠡ ᠶᠢ ᠡᠭᠦᠳᠴᠦ᠂︽ᠬᠤᠣᠰ ᠤᠷᠢᠯᠭ᠎ᠠ ᠶᠢᠨ ᠳᠦᠷᠢᠮ︾ ᠢᠶᠠᠷ ᠳᠠᠮᠵᠢᠭᠤᠯᠤᠨ ᠰᠢᠯᠢᠳᠡᠭ ᠪᠠᠭᠰᠢ ᠶᠢ ᠰᠣᠩᠭᠤᠨ ᠰᠢᠯᠵᠢᠭᠦᠯᠵᠦ ᠵᠢᠭᠠᠨ ᠰᠤᠳᠤᠯᠤᠭᠴᠢ ᠶᠢᠨ ᠡᠩᠨᠡᠭᠡ ᠳᠤ ᠣᠷᠣᠭᠤᠯᠤᠨ᠂ ᠡᠯ᠎ᠡ ᠰᠤᠷᠤᠯᠭ᠎ᠠ ᠶᠢᠨ ᠱᠠᠲᠤ ᠦᠶ᠎ᠡ ᠡᠯ᠎ᠡ ᠰᠢᠨᠵᠢᠯᠡᠭᠡᠨ ᠤ ᠰᠠᠯᠠᠭ᠎ᠠ ᠶᠢᠨ ᠲᠣᠬᠢᠷᠠᠭᠤᠯᠤᠯᠲᠠ ᠶᠢᠨ ᠱᠠᠭᠠᠷᠳᠠᠯᠭ᠎ᠠ ᠶᠢ ᠬᠠᠩᠭᠠᠵᠤ᠂ ᠵᠢᠭᠠᠨ ᠰᠤᠳᠤᠯᠤᠭᠴᠢ ᠶᠢᠨ ᠣᠷᠣᠨ ᠪᠦᠰᠡ ᠶᠢᠨ ᠳᠣᠲᠣᠷ᠎ᠠ ᠵᠦᠢ ᠵᠣᠬᠢᠰᠲᠠᠢ ᠰᠢᠯᠵᠢᠬᠦ ᠶᠢ ᠪᠡᠶᠡᠯᠡᠭᠦᠯᠦᠨ᠎ᠡ᠃      ᠡᠭᠦᠨ ᠠᠴᠠ ᠭᠠᠳᠠᠨ᠎ᠠ᠂︽ᠲᠣᠭᠤᠷᠢᠭ ᠠᠴᠠ ᠬᠠᠮᠢᠶᠠᠷᠴᠤ ᠰᠤᠷᠭᠠᠭᠤᠯᠢ ᠠᠴᠠ ᠤᠷᠢᠬᠤ︾ ᠥᠭᠡᠷᠡᠴᠢᠯᠡᠯᠲᠡ ᠶᠢ ᠭᠤᠣᠯᠳᠠᠯᠭ᠎ᠠ ᠲᠠᠢ ᠬᠡᠷᠡᠭᠵᠢᠭᠦᠯᠵᠦ᠂ ᠪᠠᠭᠰᠢ ᠶᠢᠨ ᠠᠵᠢᠯ ᠤᠨ ᠪᠠᠶᠢᠷᠢ ᠶᠢᠨ ᠪᠦᠲᠦᠴᠡ ᠶᠢᠨ ᠬᠠᠷᠢᠴᠠᠯ᠂ ᠮᠡᠷᠭᠡᠵᠢᠯ ᠤᠨ ᠴᠣᠯᠠ ᠦᠨᠡᠯᠡᠨ ᠲᠣᠭᠲᠠᠭᠠᠭᠰᠠᠨ ᠪᠠᠶᠢᠳᠠᠯ ᠢ ᠨᠢᠭᠡᠳᠦᠯᠲᠡᠢ ᠲᠥᠯᠥᠪᠯᠡᠨ ᠪᠣᠳᠣᠯᠬᠢᠯᠠᠵᠤ᠂︽ᠶᠠᠷᠢᠶᠠᠨ ᠤ ᠲᠠᠪᠴᠠᠩ ᠳᠤ ᠭᠠᠷᠬᠤ ᠦᠭᠡᠢ︾︽ᠶᠠᠷᠢᠶᠠᠨ ᠤ ᠲᠠᠪᠴᠠᠩ ᠳᠤ ᠭᠠᠷᠴᠤ ᠳᠡᠶᠢᠯᠬᠦ ᠦᠭᠡᠢ︾ ᠪᠠᠭᠰᠢ ᠳᠤ ᠮᠡᠷᠭᠡᠵᠢᠯ ᠤᠨ ᠴᠣᠯᠠ ᠦᠨᠡᠯᠡᠨ ᠲᠣᠭᠲᠠᠭᠠᠬᠤ ᠳᠤ ᠨᠢᠭᠡ ᠫᠢᠶᠣᠣ ᠪᠠᠷ ᠦᠭᠡᠶᠢᠰᠬᠡᠬᠦ ᠶᠢ ᠬᠡᠷᠡᠭᠵᠢᠭᠦᠯᠵᠦ᠂ ᠬᠢᠷᠢ ᠬᠡᠮ ᠢ ᠨᠢ ᠦᠵᠡᠬᠦ ᠦᠭᠡᠢ᠂ ᠵᠠᠯᠠᠭᠤ ᠪᠠᠭᠰᠢ ᠶᠢᠨ ᠵᠡᠷᠭᠡ ᠳᠡᠪᠰᠢᠬᠦ ᠵᠠᠮ ᠢ ᠨᠠᠪᠲᠠᠷᠡᠭᠦᠯᠵᠦ᠂ ᠪᠠᠭᠰᠢ ᠶᠢᠨ ᠡᠩᠨᠡᠭᠡ ᠶᠢᠨ ᠢᠳᠡᠪᠬᠢᠵᠢᠯ ᠢ ᠭᠦᠢᠴᠡᠳ ᠳᠠᠶᠢᠴᠢᠯᠠᠨ᠎ᠠ᠃      ᠲᠤᠭᠤᠷ ᠬᠦᠢᠯᠡᠰᠦᠨ ᠤ ᠦᠨᠦᠷ ᠬᠠᠩᠬᠤᠯᠵᠤ᠂ ᠡᠷᠡᠮᠡᠬᠡᠶᠢᠯᠡᠨ ᠳᠠᠪᠰᠢᠵᠤ ᠰᠢᠨ᠎ᠡ ᠬᠠᠭᠤᠳᠠᠰᠤ ᠶᠢ ᠪᠢᠴᠢᠭᠯᠡᠨ᠎ᠡ᠃      ︽ᠰᠤᠷᠭᠠᠭᠤᠯᠢ ᠳᠤ ᠣᠷᠣᠬᠤ︾ ᠠᠴᠠ ︽ᠰᠠᠶᠢᠨ ᠰᠤᠷᠭᠠᠭᠤᠯᠢ ᠣᠷᠣᠬᠤ︾ ᠬᠦᠷᠲᠡᠯ᠎ᠡ᠂︽ᠪᠦᠬᠦ ᠲᠠᠯ᠎ᠠ ᠪᠠᠷ ᠲᠦᠭᠡᠮᠡᠯᠵᠢᠭᠦᠯᠬᠦ︾ ᠠᠴᠠ︽ᠴᠢᠨᠠᠷ ᠰᠠᠶᠢᠲᠠᠢ ᠲᠡᠩᠴᠡᠭᠦᠷᠢᠲᠡᠢ ᠪᠠᠶᠢᠬᠤ︾ ᠬᠦᠷᠲᠡᠯ᠎ᠡ᠂︽ᠨᠢᠭᠡ ᠶᠢ ᠴᠦ ᠣᠷᠬᠢᠭᠳᠠᠭᠤᠯᠵᠤ ᠪᠣᠯᠬᠤ ᠦᠭᠡᠢ︾ ᠠᠴᠠ ︽ᠭᠡᠷ ᠤᠨ ᠡᠭᠦᠳᠡᠨ ᠳᠠᠬᠢ ᠰᠠᠶᠢᠨ ᠰᠤᠷᠭᠠᠭᠤᠯᠢ︾ ᠬᠦᠷᠲᠡᠯ᠎ᠡ᠂ ᠣᠳᠣᠬᠠᠨ ᠳᠤ᠂ ᠬᠤᠲᠣᠩ ᠠᠷᠠᠳ ᠤᠨ ᠲᠣᠭᠤᠷᠢᠭ ᠤᠨ ᠰᠤᠷᠭᠠᠨ ᠬᠥᠮᠦᠵᠢᠯ ᠤᠨ ᠰᠢᠨ᠎ᠡ ᠥᠨᠳᠦᠷᠯᠢᠭ ᠢ ᠪᠦᠬᠦ ᠬᠦᠴᠦᠨ ᠢᠶᠠᠷ ᠢᠶᠠᠨ ᠴᠣᠭᠴᠠᠯᠠᠵᠤ᠂ ᠠᠷᠠᠳ ᠲᠦᠮᠡᠨ ᠳᠤ ᠲᠠᠭᠠᠰᠢᠶᠠᠭᠳᠠᠭᠰᠠᠨ ᠰᠤᠷᠭᠠᠨ ᠬᠥᠮᠦᠵᠢᠯ ᠢ ᠰᠠᠶᠢᠲᠤᠷ ᠡᠷᠬᠢᠯᠡᠬᠦ ᠪᠠᠷ ᠬᠠᠷᠠᠯᠲᠠ ᠪᠣᠯᠭᠠᠵᠤ᠂ ᠰᠤᠷᠭᠠᠨ ᠬᠥᠮᠦᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠵᠠᠮ ᠢᠶᠠᠷ ᠲᠣᠮᠣ ᠠᠯᠬᠤᠮ ᠢᠶᠠᠷ ᠤᠷᠤᠭᠰᠢᠯᠠᠵᠤ ᠪᠠᠶᠢᠨ᠎ᠠ᠃      ᠢᠷᠡᠯᠲᠡ᠄ ᠬᠤᠳᠤᠩ ᠠᠷᠠᠳ ᠤᠨ ᠲᠤᠭᠤᠷᠢᠭ ᠤᠨ ᠵᠠᠰᠠᠭ ᠤᠨ ᠣᠷᠳᠣᠨ ᠤ ᠠᠯᠪᠠᠨ ᠰᠦᠯᠵᠢᠶ᠎ᠡ
 
ᠢᠷᠡᠯᠲᠡ᠄ ᠬᠤᠲᠤᠩ ᠠᠷᠠᠳ ᠤᠨ ᠲᠣᠭᠤᠷᠢᠭ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号