ᠤᠯᠤᠰ ᠲᠦᠷᠦ ᠶᠢᠨ ᠵᠥᠪᠯᠡᠯᠭᠡᠨ ᠤ ᠬᠥᠬᠡᠬᠤᠲᠠ ᠶᠢᠨ ᠬᠤᠳᠤᠩ ᠠᠷᠠᠳ ᠤᠨ ᠲᠣᠭᠤᠷᠢᠭ ᠤᠨ ᠠᠷᠪᠠᠳᠤᠭᠠᠷ ᠬᠤᠭᠤᠴᠠᠭᠠᠨ ᠤ ᠬᠤᠷᠢᠶ᠎ᠠ ᠶᠢᠨ ᠭᠤᠷᠪᠠᠳᠤᠭᠠᠷ ᠤᠳᠠᠭᠠᠨ ᠤ ᠬᠤᠷᠠᠯ ᠳᠤ ᠠᠮᠵᠢᠯᠲᠠ ᠲᠠᠢ ᠥᠨᠳᠥᠷᠯᠡᠪᠡ
ᠨᠡᠶᠢᠲᠡᠯᠡᠭᠰᠡᠨ ᠴᠠᠭ᠄
2024/1/11
      1 ᠰᠠᠷ᠎ᠠ ᠶᠢᠨ 9 ᠤ ᠡᠳᠦᠷ ᠤᠨ ᠦᠳᠡ ᠶᠢᠨ ᠡᠮᠦᠨ᠎ᠡ᠂ ᠤᠯᠤᠰ ᠲᠥᠷᠥ ᠶᠢᠨ ᠵᠥᠪᠯᠡᠯᠭᠡᠨ ᠤ ᠬᠤᠲᠣᠩ ᠠᠷᠠᠳ ᠤᠨ ᠲᠣᠭᠤᠷᠢᠭ ᠤᠨ ᠠᠷᠪᠠᠳᠤᠭᠠᠷ ᠬᠤᠭᠤᠴᠠᠭᠠᠨ ᠤ ᠬᠤᠷᠢᠶ᠎ᠠ ᠶᠢᠨ ᠭᠤᠷᠪᠠᠳᠤᠭᠠᠷ ᠤᠳᠠᠭᠠᠨ ᠤ ᠬᠤᠷᠠᠯ ᠳᠤ ᠣᠷᠣᠯᠴᠠᠭᠰᠠᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠠᠯᠤᠰ ᠬᠠᠷᠠᠭᠠᠨ ᠳᠠᠪᠲᠠᠮᠵᠢ ᠪᠠᠷ ᠰᠢᠭᠤᠳ ᠨᠡᠪᠲᠡᠷᠡᠭᠦᠯᠬᠦ ᠬᠡᠯᠪᠡᠷᠢ ᠪᠠᠷ ᠬᠤᠲᠣᠩ ᠠᠷᠠᠳ ᠤᠨ ᠲᠣᠭᠤᠷᠢᠭ ᠤᠨ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯᠳᠤᠭᠠᠨ ᠳᠤ ᠰᠤᠯᠠ ᠣᠷᠣᠯᠴᠠᠪᠠ᠃ ᠦᠳᠡ ᠶᠢᠨ ᠬᠤᠶᠢᠨ᠎ᠠ᠂ ︽ᠬᠤᠳᠤᠩ ᠠᠷᠠᠳ ᠤᠨ ᠲᠣᠭᠤᠷᠢᠭ ᠤᠨ ᠠᠷᠠᠳ ᠤᠨ ᠰᠢᠭᠦᠬᠦ ᠬᠤᠷᠢᠶᠠᠨ ᠤ ᠠᠵᠢᠯ ᠤᠨ ᠮᠡᠳᠡᠭᠦᠯᠦᠯᠲᠡ︾᠂︽ᠬᠤᠳᠤᠩ ᠠᠷᠠᠳ ᠤᠨ ᠲᠣᠭᠤᠷᠢᠭ ᠤᠨ ᠠᠷᠠᠳ ᠤᠨ ᠪᠠᠶᠢᠴᠠᠭᠠᠬᠤ ᠬᠤᠷᠢᠶᠠᠨ ᠤ ᠠᠵᠢᠯ ᠤᠨ ᠮᠡᠳᠡᠭᠦᠯᠦᠯᠲᠡ︾ ᠤᠨ ᠲᠣᠭᠤᠷᠢᠨ ᠳᠤ ᠳᠤᠭᠤᠶᠢᠯᠠᠩ ᠬᠤᠪᠢᠶᠠᠨ ᠶᠠᠷᠢᠯᠴᠠᠪᠠ᠃      ᠭᠡᠰᠢᠭᠦᠳ ᠤᠨ ᠦᠵᠡᠬᠦ ᠪᠠᠷ᠂ ᠬᠤᠶᠠᠷ ᠮᠡᠳᠡᠭᠦᠯᠦᠯᠲᠡ ᠶᠢᠨ ᠠᠭᠤᠯᠭ᠎ᠠ ᠨᠢ ᠪᠦᠬᠦ ᠲᠠᠯ᠎ᠠ ᠪᠠᠷ᠂ ᠲᠤᠭ᠎ᠠ ᠪᠠᠷᠢᠮᠲᠠ  ᠨᠢ ᠨᠠᠷᠢᠨ ᠪᠣᠳᠠᠲᠠᠢ ᠪᠠᠶᠢᠵᠤ᠂ ᠢᠳᠡᠪᠬᠢᠲᠡᠢ ᠪᠠᠷ ᠤᠷᠤᠭᠰᠢᠯᠠᠨ ᠲᠠᠪᠰᠢᠬᠤ ᠠᠵᠢᠯ ᠤᠨ ᠳᠦᠷᠰᠦ ᠪᠠᠶᠢᠳᠠᠯ ᠪᠣᠯᠣᠨ ᠦᠨᠡᠨ ᠢ ᠪᠠᠷᠢᠮᠲᠠᠯᠠᠨ ᠪᠣᠳᠠᠲᠠᠢ ᠶᠢ ᠡᠷᠬᠢᠮᠯᠡᠬᠦ ᠠᠵᠢᠯ ᠤᠨ ᠣᠪᠣᠷ ᠢ ᠭᠦᠢᠴᠡᠳ ᠲᠤᠰᠬᠠᠵᠤ᠂ ᠠᠷᠠᠳ ᠲᠦᠮᠡᠨ ᠤ ᠵᠣᠯ ᠵᠢᠷᠭᠠᠯᠲᠤ ᠰᠠᠶᠢᠨ ᠰᠠᠶᠢᠬᠠᠨ ᠠᠮᠢᠳᠤᠷᠠᠯ ᠢ ᠬᠦᠴᠦᠲᠡᠢ ᠪᠠᠲᠤᠯᠠᠪᠠ᠃
     ᠳᠤᠭᠤᠶᠢᠯᠠᠩ ᠬᠤᠪᠢᠶᠠᠨ ᠶᠠᠷᠢᠯᠴᠠᠭᠰᠠᠨ ᠤ ᠲᠠᠷᠠᠭ᠎ᠠ᠂ ᠰᠣᠩᠭᠤᠭᠤᠯᠢ ᠶᠢᠨ ᠶᠡᠭᠡ ᠬᠤᠷᠠᠯ ᠬᠢᠪᠡ᠃ ᠬᠤᠷᠠᠯ ᠳᠤ ᠣᠷᠣᠯᠴᠠᠬᠤ ᠶᠣᠰᠣᠲᠠᠢ ᠭᠡᠰᠢᠭᠦᠨ 186 ᠬᠥᠮᠥᠨ᠂ ᠡᠪᠡᠳᠴᠢᠨ ᠤ ᠰᠢᠯᠲᠠᠭᠠᠨ ᠠᠴᠠ ᠪᠣᠯᠵᠤ 11 ᠬᠥᠮᠥᠨ ᠠᠴᠠ ᠴᠢᠯᠦᠭᠡ ᠭᠤᠶᠤᠪᠠ᠂ ᠪᠣᠳᠠᠲᠠᠢ ᠣᠷᠣᠯᠴᠠᠭᠰᠠᠨ ᠨᠢ 175 ᠬᠥᠮᠥᠨ ᠪᠠᠶᠢᠵᠤ᠂ ᠤᠯᠤᠰ ᠲᠥᠷᠥ ᠶᠢᠨ ᠵᠥᠪᠯᠡᠯᠭᠡᠨ ᠤ ᠳᠦᠷᠢᠮ ᠳᠤ ᠲᠣᠭᠲᠠᠭᠠᠭᠰᠠᠨ ᠬᠥᠮᠥᠨ ᠤ ᠲᠤᠭ᠎ᠠ ᠳᠤ ᠨᠡᠶᠢᠴᠡᠪᠡ᠃ ᠬᠤᠷᠠᠯ ᠠᠴᠠ ᠵᠢᠶᠠ ᠰᠢᠶᠠᠨ ᠹᠥ᠋ᠩ ᠢ ᠲᠣᠭᠤᠷᠢᠭ ᠤᠨ ᠤᠯᠤᠰ ᠲᠦᠷᠦ ᠶᠢᠨ ᠵᠥᠪᠯᠡᠯᠭᠡᠨ ᠤ ᠠᠷᠪᠠᠳᠤᠭᠠᠷ ᠬᠤᠭᠤᠴᠠᠭᠠᠨ ᠤ ᠬᠤᠷᠢᠶ᠎ᠠ ᠶᠢᠨ ᠨᠠᠷᠢᠨ ᠪᠢᠴᠢᠭ ᠤᠨ ᠳᠠᠷᠤᠭ᠎ᠠ ᠪᠠᠷ ᠨᠥᠬᠦᠨ ᠰᠣᠩᠭᠤᠵᠤ᠂ ᠵᠢᠶᠠ ᠵᠢᠶᠠᠨ ᠲᠢᠩ ᠢ ᠪᠠᠶᠢᠩᠭᠤ ᠶᠢᠨ ᠬᠤᠷᠢᠶ᠎ᠠ ᠶᠢᠨ ᠭᠡᠰᠢᠭᠦᠨ ᠢᠶᠠᠷ ᠨᠥᠬᠦᠨ ᠰᠣᠩᠭᠤᠪᠠ᠃ ᠬᠤᠷᠠᠯᠳᠤᠭᠠᠨ ᠤ ᠬᠤᠭᠤᠴᠠᠭᠠᠨ ᠳᠤ᠂ ᠤᠯᠤᠰ ᠲᠦᠷᠦ ᠶᠢᠨ ᠵᠥᠪᠯᠡᠯᠭᠡᠨ ᠤ ᠪᠦᠬᠦ ᠭᠡᠰᠢᠭᠦᠳ ᠬᠡᠬᠦᠳᠡᠭ ᠴᠡᠭᠡᠵᠢᠨ ᠳᠡᠭᠡᠨ ᠪᠦᠬᠦ ᠲᠠᠯ᠎ᠠ ᠶᠢ ᠪᠤᠳᠤᠬᠤ ᠥᠨᠳᠥᠷ ᠵᠣᠭᠰᠣᠴᠠ᠂ ᠬᠥᠭᠵᠢᠯᠲᠡ ᠶᠢ ᠪᠤᠳᠤᠬᠤ ᠶᠡᠭᠡ ᠰᠡᠳᠬᠢᠯᠭᠡ᠂ ᠬᠦᠴᠦᠯᠡᠨ ᠴᠢᠷᠮᠠᠶᠢᠵᠤ ᠦᠢᠯᠡᠰ ᠪᠦᠲᠦᠭᠡᠬᠦ ᠰᠠᠶᠢᠨ ᠪᠠᠶᠢᠳᠠᠯ ᠢᠶᠠᠷ᠂ ᠦᠨᠡᠨ ᠰᠡᠳᠬᠢᠯ ᠤᠨ ᠦᠭᠡ ᠪᠠᠨ ᠬᠡᠯᠡᠵᠦ᠂ ᠪᠣᠳᠠᠲᠠᠢ ᠶᠢ ᠡᠷᠬᠢᠮᠯᠡᠬᠦ ᠠᠷᠭ᠎ᠠ ᠪᠣᠳᠣᠯᠭ᠎ᠠ ᠪᠠᠨ ᠳᠡᠪᠰᠢᠭᠦᠯᠵᠦ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ ᠴᠢᠩᠭ᠎ᠠ ᠡᠭᠦᠷᠭᠡ ᠬᠠᠷᠢᠭᠤᠴᠠᠯᠭ᠎ᠠ ᠶᠢ ᠢᠯᠡᠷᠡᠭᠦᠯᠵᠦ᠂ ᠤᠯᠤᠰ ᠲᠦᠷᠦ ᠶᠢᠨ ᠵᠥᠪᠯᠡᠯᠭᠡᠨ ᠤ ᠠᠵᠢᠯ ᠤᠨ ᠥᠷᠨᠢᠭᠦᠨ ᠪᠠᠳᠠᠷᠠᠩᠭᠤᠢ ᠠᠮᠢᠵᠢᠷᠠᠯ ᠤᠨ ᠬᠦᠴᠦᠨ ᠢ ᠢᠯᠡᠷᠡᠭᠦᠯᠪᠡ᠃
     ᠲᠠᠷᠠᠭ᠎ᠠ ᠨᠢ᠂ ᠤᠯᠤᠰ ᠲᠦᠷᠦ ᠶᠢᠨ ᠵᠥᠪᠯᠡᠯᠭᠡᠨ ᠤ ᠬᠤᠳᠤᠩ ᠠᠷᠠᠳ ᠤᠨ ᠲᠣᠭᠤᠷᠢᠭ ᠤᠨ ᠠᠷᠪᠠᠳᠤᠭᠠᠷ ᠬᠤᠭᠤᠴᠠᠭᠠᠨ ᠤ ᠬᠤᠷᠢᠶ᠎ᠠ ᠶᠢᠨ ᠭᠤᠷᠪᠠᠳᠤᠭᠠᠷ ᠤᠳᠠᠭᠠᠨ ᠤ ᠬᠤᠷᠠᠯ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠢ ᠬᠤᠷᠠᠯᠳᠤᠭᠤᠯᠵᠤ᠂ ᠠᠷᠪᠠᠳᠤᠭᠠᠷ ᠬᠤᠭᠤᠴᠠᠭᠠᠨ ᠤ ᠠᠩᠬᠠᠳᠤᠭᠠᠷ ᠬᠤᠷᠠᠯᠳᠤᠭᠠᠨ ᠠᠴᠠ ᠨᠠᠰᠢ᠂ ᠵᠠᠩ ᠢᠦᠢ ᠵᠡᠷᠭᠡ 35 ᠰᠢᠯᠢᠳᠡᠭ ᠰᠠᠨᠠᠯ ᠵᠥᠪᠯᠡᠯᠭᠡ ᠳᠤᠷᠠᠳᠤᠭᠰᠠᠳ᠂ ᠬᠤᠳᠤᠩ ᠠᠷᠠᠳ ᠤᠨ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠵᠡᠷᠭᠡ 18 ᠰᠠᠨᠠᠯ ᠵᠥᠪᠯᠡᠯᠭᠡ ᠶᠢ ᠳᠠᠭᠠᠭᠠᠨ ᠠᠪᠴᠤ ᠰᠢᠢᠳᠪᠦᠷᠢᠯᠡᠭᠰᠡᠨ ᠲᠡᠷᠢᠭᠦᠨ ᠤ ᠨᠢᠭᠡᠴᠢ᠂ ᠭᠤᠤ ᠯᠢᠩ ᠢᠦᠢ ᠵᠡᠷᠭᠡ 9 ᠨᠡᠷ᠎ᠡ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢᠨ ᠮᠡᠳᠡᠭᠡ ᠵᠠᠩᠭᠢ ᠶᠢ ᠲᠤᠰᠬᠠᠭᠰᠠᠨ ᠬᠤᠪᠢ ᠬᠥᠮᠥᠨ ᠪᠠ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠳᠤ ᠲᠣᠪᠣᠶᠢᠮ᠎ᠠ ᠬᠤᠪᠢ ᠨᠡᠮᠡᠷᠢ ᠦᠵᠡᠭᠦᠯᠦᠭᠰᠡᠨ ᠶᠠᠩ ᠲᠤᠤ ᠭᠡᠰᠢᠭᠦᠨ ᠢ ᠬᠥᠬᠢᠭᠦᠯᠦᠨ ᠰᠠᠶᠢᠰᠢᠶᠠᠪᠠ᠃
     ᠬᠠᠮᠤᠭ ᠰᠡᠭᠦᠯ ᠳᠤ᠂ ᠤᠯᠤᠰ ᠲᠥᠷᠥ ᠶᠢᠨ ᠵᠥᠪᠯᠡᠯᠭᠡᠨ ᠤ ᠬᠤᠲᠣᠩ ᠠᠷᠠᠳ ᠤᠨ ᠲᠣᠭᠤᠷᠢᠭ ᠤᠨ ᠠᠷᠪᠠᠳᠤᠭᠠᠷ ᠬᠤᠭᠤᠴᠠᠭᠠᠨ ᠤ ᠬᠤᠷᠢᠶ᠎ᠠ ᠶᠢᠨ ᠭᠤᠷᠪᠠᠳᠤᠭᠠᠷ ᠤᠳᠠᠭᠠᠨ ᠤ ᠬᠤᠷᠠᠯ ᠤᠨ ᠲᠡᠭᠦᠰᠬᠦ ᠶᠡᠭᠡ ᠬᠤᠷᠠᠯ ᠢ ᠬᠤᠷᠠᠯᠳᠤᠭᠤᠯᠵᠤ᠂ ᠤᠷᠢᠯᠭ᠎ᠠ ᠪᠠᠷ ᠣᠷᠣᠯᠴᠠᠭᠰᠠᠨ ᠪᠥᠭᠡᠳ ᠲᠡᠷᠢᠭᠦᠯᠡᠭᠴᠢ ᠶᠢᠨ ᠲᠠᠶᠢᠰᠠᠨ ᠳᠤ ᠰᠠᠭᠠᠲᠠᠭᠰᠠᠨ ᠤᠳᠤᠷᠢᠳᠤᠯᠭ᠎ᠠ᠄ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠲᠣᠩ ᠠᠷᠠᠳ ᠤᠨ ᠲᠣᠭᠤᠷᠢᠭ ᠤᠨ ᠬᠤᠷᠢᠶ᠎ᠠ ᠶᠢᠨ ᠱᠦᠵᠢ ᠵᠤᠤ ᠶᠠᠨ ᠷᠦ᠂ ᠲᠣᠭᠤᠷᠢᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠲᠣᠭᠤᠷᠢᠭ ᠤᠨ ᠳᠠᠷᠤᠭ᠎ᠠ ᠴᠢᠶᠣᠤ ᠸᠥ᠋ᠨ ᠵᠢᠶᠸ᠂ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠵᠠᠩ ᠬᠠᠢ ᠲᠤᠤ᠂ ᠲᠣᠭᠤᠷᠢᠭ ᠤᠨ ᠤᠯᠤᠰ ᠲᠦᠷᠦ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ ᠮᠠ ᠳ᠋ᠧ ᠠᠨ᠂ ᠲᠣᠭᠤᠷᠢᠭ ᠤᠨ ᠤᠯᠤᠰ ᠲᠦᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠯᠢᠦ ᠺᠦ᠋ᠨ᠂ ᠹᠦ᠋ ᠰᠢᠦᠢ ᠭᠠᠩ᠂ ᠵᠠᠩ ᠯᠢᠩ ᠸᠠᠩ᠂ ᠬᠠᠨ ᠰᠢᠦᠢ ᠳ᠋ᠦᠩ ᠵᠢᠴᠢ ᠲᠣᠭᠤᠷᠢᠭ ᠤᠨ ᠨᠠᠮ ᠤᠨ ᠬᠤᠷᠢᠶ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠵᠠᠰᠠᠭ ᠤᠨ ᠣᠷᠳᠣᠨ ᠪᠣᠯᠣᠨ ᠰᠢᠭᠦᠬᠦ ᠬᠤᠷᠢᠶ᠎ᠠ᠂ ᠪᠠᠶᠢᠴᠠᠭᠠᠬᠤ ᠬᠤᠷᠢᠶ᠎ᠠ ᠶᠢᠨ ᠡᠯ᠎ᠡ ᠤᠳᠤᠷᠢᠳᠤᠯᠭ᠎ᠠ  ᠪᠠᠶᠢᠨ᠎ᠠ᠃      ᠲᠡᠭᠦᠰᠬᠦ ᠶᠡᠭᠡ ᠬᠤᠷᠠᠯ ᠢ ᠵᠠᠩ ᠯᠢᠩ ᠸᠠᠩ ᠡᠷᠬᠢᠯᠡᠪᠡ᠃      ᠬᠤᠷᠠᠯᠳᠤᠭᠠᠨ ᠠᠴᠠ ︽ᠤᠯᠤᠰ ᠲᠦᠷᠦ ᠶᠢᠨ ᠵᠥᠪᠯᠡᠯᠭᠡᠨ ᠤ ᠬᠤᠲᠣᠩ ᠠᠷᠠᠳ ᠤᠨ ᠲᠣᠭᠤᠷᠢᠭ ᠤᠨ ᠠᠷᠪᠠᠳᠤᠭᠠᠷ ᠬᠤᠭᠤᠴᠠᠭᠠᠨ ᠤ ᠬᠤᠷᠢᠶ᠎ᠠ ᠶᠢᠨ ᠭᠤᠷᠪᠠᠳᠤᠭᠠᠷ ᠤᠳᠠᠭᠠᠨ ᠤ ᠬᠤᠷᠠᠯ ᠤᠨ ᠰᠠᠨᠠᠯ ᠵᠥᠪᠯᠡᠯᠭᠡ ᠶᠢ ᠬᠢᠨᠠᠨ ᠪᠠᠶᠢᠴᠠᠭᠠᠭᠰᠠᠨ ᠪᠠᠶᠢᠳᠠᠯ ᠤᠨ ᠲᠤᠬᠠᠢ ᠮᠡᠳᠡᠭᠦᠯᠦᠯᠲᠡ︾︽ᠤᠯᠤᠰ ᠲᠦᠷᠦ ᠶᠢᠨ ᠵᠥᠪᠯᠡᠯᠭᠡᠨ ᠤ ᠬᠤᠲᠣᠩ ᠠᠷᠠᠳ ᠤᠨ ᠲᠣᠭᠤᠷᠢᠭ ᠤᠨ ᠠᠷᠪᠠᠳᠤᠭᠠᠷ ᠬᠤᠭᠤᠴᠠᠭᠠᠨ ᠤ ᠬᠤᠷᠢᠶ᠎ᠠ ᠶᠢᠨ ᠭᠤᠷᠪᠠᠳᠤᠭᠠᠷ ᠤᠳᠠᠭᠠᠨ ᠤ ᠬᠤᠷᠠᠯ ᠤᠨ ᠤᠯᠤᠰ ᠲᠦᠷᠦ ᠶᠢᠨ ᠵᠥᠪᠯᠡᠯᠭᠡᠨ ᠤ ᠬᠤᠲᠣᠩ ᠠᠷᠠᠳ ᠤᠨ ᠲᠣᠭᠤᠷᠢᠭ ᠤᠨ ᠠᠷᠪᠠᠳᠤᠭᠠᠷ ᠬᠤᠭᠤᠴᠠᠭᠠᠨ ᠤ ᠬᠤᠷᠢᠶᠠᠨ ᠤ ᠪᠠᠶᠢᠩᠭᠤ ᠶᠢᠨ ᠬᠤᠷᠢᠶᠠᠨ ᠤ ᠠᠵᠢᠯ ᠤᠨ ᠮᠡᠳᠡᠭᠦᠯᠦᠯᠲᠡ ᠶᠢᠨ ᠲᠤᠬᠠᠢ ᠰᠢᠢᠳᠪᠦᠷᠢ︾ ᠪᠠ ︽ᠤᠯᠤᠰ ᠲᠦᠷᠦ ᠶᠢᠨ ᠵᠥᠪᠯᠡᠯᠭᠡᠨ ᠤ ᠬᠤᠲᠣᠩ ᠠᠷᠠᠳ ᠤᠨ ᠲᠣᠭᠤᠷᠢᠭ ᠤᠨ ᠠᠷᠪᠠᠳᠤᠭᠠᠷ ᠬᠤᠭᠤᠴᠠᠭᠠᠨ ᠤ ᠬᠤᠷᠢᠶ᠎ᠠ ᠶᠢᠨ ᠭᠤᠷᠪᠠᠳᠤᠭᠠᠷ ᠤᠳᠠᠭᠠᠨ ᠤ ᠬᠤᠷᠠᠯ ᠤᠯᠤᠰ ᠲᠦᠷᠦ ᠶᠢᠨ ᠰᠢᠢᠳᠪᠦᠷᠢ︾ ᠶᠢ ᠪᠠᠲᠤᠯᠠᠪᠠ᠃
     ᠮᠠ ᠳ᠋ᠧ ᠠᠨ ᠲᠡᠭᠦᠰᠬᠦ ᠶᠡᠭᠡ ᠬᠤᠷᠠᠯ ᠳᠡᠭᠡᠷ᠎ᠡ ᠶᠠᠷᠢᠶ᠎ᠠ ᠲᠠᠯᠪᠢᠬᠤ ᠳᠠᠭᠠᠨ ᠵᠢᠭᠠᠵᠤ ᠭᠠᠷᠭᠠᠭᠰᠠᠨ ᠨᠢ᠂ ᠬᠤᠷᠠᠯ ᠤᠨ ᠬᠤᠭᠤᠴᠠᠭᠠᠨ ᠳᠤ᠂ ᠪᠦᠬᠦ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠢᠮᠠᠭᠲᠠ ᠲᠡᠭᠦᠰ ᠲᠡᠭᠦᠯᠳᠡᠷ ᠤᠶᠤᠨ ᠰᠠᠨᠠᠭᠠᠨ ᠤ ᠳᠦᠷᠰᠦ ᠪᠠᠶᠢᠳᠠᠯ ᠪᠣᠯᠣᠨ ᠳᠡᠭᠡᠳᠦ ᠬᠡᠮᠵᠢᠶᠡᠨ ᠤ ᠤᠯᠤᠰ ᠲᠦᠷᠦ ᠶᠢᠨ ᠬᠠᠷᠢᠭᠤᠴᠠᠯᠭ᠎ᠠ ᠪᠠᠷ ᠡᠯ᠎ᠡ ᠵᠦᠢᠯ ᠤᠨ ᠮᠡᠳᠡᠭᠦᠯᠦᠯᠲᠡ ᠶᠢ ᠨᠠᠷᠢᠨ ᠬᠢᠨᠠᠮᠠᠭᠠᠢ ᠬᠢᠨᠠᠨ ᠵᠥᠪᠯᠡᠵᠦ᠂ ᠵᠥᠪᠳᠡᠯᠴᠡᠵᠦ᠂ ᠶᠠᠷᠢᠯᠴᠠᠵᠤ᠂ ᠴᠢᠳᠠᠯ ᠤᠨ ᠢᠶᠠᠨ ᠬᠢᠷᠢ ᠪᠠᠷ ᠮᠡᠷᠭᠡᠨ ᠦᠭᠡ ᠬᠡᠯᠡᠵᠦ᠂ ᠪᠣᠳᠠᠲᠠᠢ ᠶᠢ ᠡᠷᠬᠢᠮᠯᠡᠬᠦ ᠠᠷᠭ᠎ᠠ ᠪᠣᠳᠣᠯᠭ᠎ᠠ ᠳᠡᠪᠰᠢᠭᠦᠯᠵᠦ᠂ ᠰᠢᠨ᠎ᠡ ᠶᠢ ᠡᠭᠦᠳᠬᠦ ᠠᠷᠭ᠎ᠠ ᠬᠡᠮᠵᠢᠶ᠎ᠡ ᠶᠢ ᠰᠦᠪᠡᠭᠴᠢᠯᠡᠵᠦ᠂ ᠰᠢᠨ᠎ᠡ ᠴᠠᠭ ᠦᠶ᠎ᠡ ᠶᠢᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ ᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠬᠠᠷᠢᠭᠤᠴᠠᠯᠭ᠎ᠠ᠂ ᠠᠷᠠᠳ ᠤᠨ ᠲᠥᠯᠥᠭᠡ ᠵᠢᠳᠬᠦᠬᠦ ᠰᠡᠳᠬᠢᠯ᠂ ᠬᠤᠪᠢ ᠨᠡᠮᠡᠷᠢ ᠦᠵᠡᠭᠦᠯᠬᠦ ᠴᠢᠳᠠᠪᠤᠷᠢ ᠪᠣᠯᠣᠨ ᠪᠣᠳᠠᠲᠠᠢ ᠶᠢ ᠡᠷᠬᠢᠮᠯᠡᠬᠦ ᠰᠤᠷᠲᠠᠯ ᠢ ᠪᠦᠬᠦ ᠲᠠᠯ᠎ᠠ ᠪᠠᠷ ᠢᠯᠡᠷᠡᠭᠦᠯᠪᠡ᠃ ᠬᠤᠷᠠᠯ ᠲᠡᠭᠦᠰ ᠠᠮᠵᠢᠯᠲᠠ ᠲᠠᠢ ᠶᠠᠪᠤᠭᠳᠠᠵᠤ᠂ ᠲᠤᠭ ᠢᠶᠠᠨ ᠥᠨᠳᠥᠷ ᠮᠠᠨᠳᠤᠭᠤᠯᠤᠭᠰᠠᠨ᠂ ᠰᠡᠳᠬᠢᠯ ᠢᠶᠠᠨ ᠨᠢᠭᠡᠳᠬᠡᠨ ᠬᠦᠴᠦᠨ ᠢᠶᠠᠨ ᠨᠢᠭᠲᠠᠷᠠᠭᠤᠯᠤᠭᠰᠠᠨ᠂ ᠪᠦᠯᠬᠦᠮᠳᠡᠨ ᠲᠡᠮᠡᠴᠡᠭᠰᠡᠨ᠂ ᠪᠣᠳᠠᠲᠠᠢ ᠶᠢ ᠡᠷᠬᠢᠮᠯᠡᠭᠰᠡᠨ ᠥᠨᠳᠥᠷ ᠪᠦᠲᠦᠮᠵᠢᠲᠡᠢ ᠶᠡᠭᠡ ᠬᠤᠷᠠᠯ ᠪᠣᠯᠵᠤ᠂ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠲᠤᠰᠬᠠᠢ ᠵᠥᠪᠯᠡᠬᠦ ᠪᠠᠶᠢᠭᠤᠯᠤᠮᠵᠢ ᠪᠣᠯᠤᠭᠰᠠᠨ ᠥᠪᠡᠷᠮᠢᠴᠡ ᠳᠠᠪᠠᠭᠤᠯᠢᠭ ᠢ ᠭᠦᠢᠴᠡᠳ ᠢᠯᠡᠷᠡᠭᠦᠯᠵᠦ᠂ ᠪᠦᠬᠦ ᠶᠠᠪᠤᠴᠠ ᠶᠢᠨ ᠠᠷᠠᠳ ᠤᠨ ᠠᠷᠠᠳᠴᠢᠯᠠᠯ ᠤᠨ ᠠᠮᠢᠵᠢᠷᠠᠯ ᠤᠨ ᠬᠦᠴᠦᠨ ᠢ ᠭᠦᠢᠴᠡᠳ ᠢᠯᠡᠷᠡᠭᠦᠯᠵᠦ᠂ ᠪᠦᠬᠦ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ ᠤ ᠡᠭᠦᠷᠭᠡ ᠲᠤᠰᠢᠶᠠᠯ ᠢᠶᠠᠨ ᠭᠦᠢᠴᠡᠳᠬᠡᠬᠦ ᠴᠤᠭ ᠵᠢᠪᠬᠤᠭ᠎ᠠ ᠶᠢ ᠭᠦᠢᠴᠡᠳ ᠢᠯᠡᠷᠡᠭᠦᠯᠪᠡ᠃      ᠮᠠ ᠳ᠋ᠧ ᠠᠨ᠂ 2024 ᠣᠨ ᠪᠣᠯ ᠰᠢᠨ᠎ᠡ ᠳᠤᠮᠳᠠᠳᠤ ᠤᠯᠤᠰ ᠪᠣᠯᠣᠨ ᠠᠷᠠᠳ ᠤᠨ ᠤᠯᠤᠰ ᠲᠦᠷᠦ ᠶᠢᠨ ᠵᠥᠪᠯᠡᠯᠭᠡᠨ ᠪᠠᠶᠢᠭᠤᠯᠤᠭᠳᠠᠭᠰᠠᠨ 75 ᠵᠢᠯ ᠤᠨ ᠤᠢ ᠪᠣᠯᠣᠨ᠎ᠠ᠂ ᠮᠥᠨᠴᠦ ᠬᠤᠲᠣᠩ ᠠᠷᠠᠳ ᠤᠨ ᠲᠣᠭᠤᠷᠢᠭ ᠤᠨ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ᠂ ᠲᠤᠰᠢᠶᠠᠯ ᠳᠤ ᠳᠠᠪᠰᠢᠵᠤ ᠭᠦᠢᠴᠡᠵᠦ ᠳᠠᠪᠠᠵᠤ ᠭᠠᠷᠬᠤ ᠴᠢᠬᠤᠯᠠ ᠨᠢᠭᠡ ᠵᠢᠯ ᠪᠣᠯᠣᠨ᠎ᠠ᠃ ᠰᠢᠨ᠎ᠡ ᠲᠡᠦᠬᠡ ᠶᠢᠨ ᠴᠢᠩ ᠳᠡᠭᠡᠷ᠎ᠡ ᠵᠣᠭᠰᠣᠵᠤ᠂ ᠲᠣᠭᠤᠷᠢᠭ ᠤᠨ ᠤᠯᠤᠰ ᠲᠦᠷᠦ ᠶᠢᠨ ᠵᠥᠪᠯᠡᠯᠭᠡᠨ ᠨᠢᠭᠡ ᠰᠡᠳᠬᠢᠯ ᠢᠶᠠᠷ ᠨᠠᠮ ᠳᠠᠭᠠᠨ ᠬᠠᠨᠳᠤᠵᠤ᠂ ᠵᠣᠭᠰᠣᠴᠠ ᠪᠠᠨ ᠳᠡᠭᠡᠭᠰᠢᠯᠡᠭᠦᠯᠵᠦ᠂ ᠢᠮᠠᠭᠲᠠ ᠣᠷᠣᠨ ᠤ ᠨᠠᠮ ᠤᠨ ᠬᠤᠷᠢᠶ᠎ᠠ ᠲᠠᠢ ᠠᠳᠠᠯᠢ ᠴᠢᠭᠯᠡᠯ ᠲᠠᠢ ᠪᠠᠶᠢᠬᠤ ᠬᠡᠷᠡᠭᠲᠡᠢ︔ ᠨᠢᠭᠡ ᠰᠡᠳᠬᠢᠯ ᠢᠶᠠᠷ ᠠᠵᠢᠯ ᠬᠢᠵᠦ᠂ ᠶᠡᠭᠡ ᠲᠠᠯ᠎ᠠ ᠳᠤ ᠦᠢᠯᠡᠴᠢᠯᠡᠵᠦ᠂ ᠢᠮᠠᠭᠲᠠ ᠬᠥᠭᠵᠢᠯᠲᠡ ᠲᠠᠢ ᠬᠠᠮᠲᠤ ᠤᠷᠤᠭᠰᠢᠯᠠᠬᠤ ᠬᠡᠷᠡᠭᠲᠡᠢ︔ ᠨᠢᠭᠡ ᠰᠡᠳᠬᠢᠯ ᠢᠶᠠᠷ ᠠᠷᠠᠳ ᠲᠦᠮᠡᠨ ᠤ ᠲᠥᠯᠥᠭᠡ ᠵᠢᠳᠬᠦᠵᠦ᠂ ᠵᠣᠷᠢᠯᠲᠠ ᠪᠠᠨ ᠪᠠᠲᠤ ᠴᠡᠭᠡᠵᠢᠯᠡᠵᠦ᠂ ᠢᠮᠠᠭᠲᠠ ᠤᠯᠠᠨ ᠲᠦᠮᠡᠨ ᠲᠠᠢ ᠰᠡᠳᠬᠢᠯ ᠢᠶᠠᠨ ᠨᠢᠭᠡᠳᠬᠡᠬᠦ ᠬᠡᠷᠡᠭᠲᠡᠢ︔ ᠨᠢᠭᠡ ᠰᠡᠳᠬᠢᠯ ᠢᠶᠠᠷ ᠲᠥᠪ ᠭᠤᠣᠯᠴᠢ ᠪᠠᠷ ᠠᠵᠢᠯᠯᠠᠵᠤ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠢᠮᠠᠭᠲᠠ ᠴᠠᠭ ᠦᠶ᠎ᠡ ᠲᠠᠢ ᠵᠡᠷᠭᠡᠪᠡᠷ ᠤᠷᠤᠭᠰᠢᠯᠠᠬᠤ ᠬᠡᠷᠡᠭᠲᠡᠢ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠢᠮᠠᠭᠲᠠ ᠪᠠᠷᠢᠮᠲᠠᠯᠠᠵᠤ᠂ ᠶᠡᠷᠦᠩᠬᠡᠢ ᠱᠦᠵᠢ ᠰᠢ ᠶᠢᠨ ᠫᠢᠩ ᠶᠢᠨ ᠠᠷᠠᠳ ᠤᠨ ᠤᠯᠤᠰ ᠲᠥᠷᠥ ᠶᠢᠨ ᠵᠥᠪᠯᠡᠯᠭᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠪᠣᠯᠣᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠬᠤᠭᠤᠴᠠᠭᠠᠨ ᠳᠠᠬᠢ ᠴᠢᠬᠤᠯᠠ ᠵᠢᠭᠠᠪᠤᠷᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠨᠡᠪᠲᠡᠷᠡᠲᠡᠯ᠎ᠡ ᠣᠶᠢᠯᠠᠭᠠᠵᠤ ᠪᠣᠳᠠᠲᠠᠶᠢᠵᠢᠭᠤᠯᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠲᠣᠩ ᠠᠷᠠᠳ ᠤᠨ ᠲᠣᠭᠤᠷᠢᠭ ᠤᠨ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠨᠡᠩ ᠲᠡᠭᠦᠯᠳᠡᠷ ᠪᠠᠶᠢᠳᠠᠯ᠂ ᠨᠡᠩ ᠪᠣᠳᠠᠲᠠᠢ ᠶᠢ ᠡᠷᠬᠢᠮᠯᠡᠬᠦ ᠰᠤᠷᠲᠠᠯ᠂ ᠨᠡᠩ ᠬᠦᠴᠦᠲᠡᠢ ᠠᠷᠭ᠎ᠠ ᠬᠡᠮᠵᠢᠶ᠎ᠡ᠂ ᠨᠡᠩ ᠯᠠᠪᠳᠠᠭᠤᠨ ᠪᠠᠲᠤᠲᠠᠢ ᠠᠵᠢᠯ ᠢᠶᠠᠷ ᠰᠢᠨ᠎ᠡ ᠴᠠᠭ ᠦᠶ᠎ᠡ ᠶᠢᠨ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠬᠦᠴᠦᠯᠡᠨ ᠠᠬᠢᠭᠤᠯᠬᠤ ᠬᠡᠷᠡᠭᠲᠡᠢ᠃
     ᠰᠦᠷ ᠵᠢᠪᠬᠤᠯᠠᠩᠲᠤ ᠤᠯᠤᠰ ᠤᠨ ᠰᠦᠯᠳᠡ ᠳᠠᠭᠤᠤ ᠶᠢᠨ ᠠᠶᠠᠰ ᠳᠤᠮᠳᠠ᠂ ᠳᠤᠮᠳᠠᠳᠤ ᠤᠯᠤᠰ ᠤᠨ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠬᠥᠬᠡᠬᠤᠲᠠ ᠶᠢᠨ ᠬᠤᠲᠣᠩ ᠠᠷᠠᠳ ᠤᠨ ᠲᠣᠭᠤᠷᠢᠭ ᠤᠨ ᠠᠷᠪᠠᠳᠤᠭᠠᠷ ᠬᠤᠭᠤᠴᠠᠭᠠᠨ ᠤ ᠬᠤᠷᠢᠶ᠎ᠠ ᠶᠢᠨ ᠭᠤᠷᠪᠠᠳᠤᠭᠠᠷ ᠤᠳᠠᠭᠠᠨ ᠤ ᠬᠤᠷᠠᠯ ᠠᠮᠵᠢᠯᠲᠠ ᠲᠠᠢ ᠥᠨᠳᠥᠷᠯᠡᠪᠡ︕       ᠢᠷᠡᠯᠲᠡ᠄ ᠬᠤᠳᠤᠩ ᠠᠷᠠᠳ ᠤᠨ ᠲᠤᠭᠤᠷᠢᠭ ᠤᠨ ᠵᠠᠰᠠᠭ ᠤᠨ ᠣᠷᠳᠣᠨ ᠤ ᠠᠯᠪᠠᠨ ᠰᠦᠯᠵᠢᠶ᠎ᠡ
 
ᠢᠷᠡᠯᠲᠡ᠄ ᠬᠤᠲᠤᠩ ᠠᠷᠠᠳ ᠤᠨ ᠲᠣᠭᠤᠷᠢᠭ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号