︽ᠰᠢᠨᠬᠤᠸᠠ ᠪᠠᠷᠠᠭᠤᠨ ᠵᠠᠮ ᠤᠨ ᠬᠡᠷᠡᠭ ᠡᠷᠬᠢᠯᠡᠬᠦ ᠭᠠᠵᠠᠷ︾ ᠡᠷᠦᠬᠡ ᠳᠤ ᠣᠷᠣᠵᠤ ᠳᠤᠯᠠᠭᠠᠯᠠᠭ᠎ᠠ ᠬᠠᠩᠭᠠᠬᠤ ᠶᠢ ᠬᠡᠮᠵᠢᠵᠦ ᠦᠨᠡᠨ ᠰᠡᠳᠬᠢᠯ ᠠᠴᠠ ᠪᠠᠨ ᠣᠯᠠᠨ ᠲᠦᠮᠡᠨ ᠳᠤ ᠠᠰᠠᠭᠤᠳᠠᠯ ᠰᠢᠢᠳᠪᠦᠷᠢᠯᠡᠨ᠎ᠡ
ᠨᠡᠶᠢᠲᠡᠯᠡᠭᠰᠡᠨ ᠴᠠᠭ᠄
2024/1/11
      ᠡᠪᠦᠯ ᠤᠨ ᠤᠯᠠᠷᠢᠯ ᠤᠨ ᠳᠤᠯᠠᠭᠠᠯᠭ᠎ᠠ ᠳᠤ ᠪᠠᠭ᠎ᠠ ᠶᠠᠪᠤᠳᠠᠯ ᠪᠢᠰᠢ᠂ ᠠᠷᠠᠳ ᠤᠯᠠᠨ ᠤ ᠠᠮᠢᠳᠤᠷᠠᠯ ᠲᠠᠢ ᠶᠡᠭᠡ ᠬᠤᠯᠪᠤᠭ᠎ᠠ ᠲᠠᠢ᠃ ᠰᠠᠭᠤᠭᠠᠯᠢ ᠠᠷᠠᠳ ᠤᠨ ᠳᠤᠯᠠᠭᠠᠯᠠᠭ᠎ᠠ ᠶᠢᠨ ᠠᠰᠠᠭᠤᠳᠠᠯ ᠬᠥᠮᠥᠰ ᠤᠨ ᠠᠩᠬᠠᠷᠤᠯ ᠢ ᠶᠡᠬᠡᠳᠡ ᠲᠠᠲᠠᠵᠤ᠂ ᠣᠶᠢᠷ᠎ᠠ ᠶᠢᠨ ᠡᠳᠦᠷ᠂ ᠰᠧ ᠾᠧ ᠰᠢᠩ ᠨᠡᠶᠢᠭᠡᠮ ᠲᠣᠭᠤᠷᠢᠭ ᠣᠶᠢᠷ᠎ᠠ ᠶᠢᠨ ᠬᠤᠭᠤᠴᠠᠭᠠᠨ ᠳᠠᠬᠢ ᠰᠠᠭᠤᠭᠠᠯᠢ ᠠᠷᠠᠳ ᠤᠨ ᠲᠤᠰᠬᠠᠭᠰᠠᠨ ᠳᠤᠯᠠᠭᠠᠯᠠᠭ᠎ᠠ ᠶᠢᠨ ᠬᠠᠯᠠᠭᠤᠨ ᠦᠭᠡᠢ ᠪᠠᠶᠢᠬᠤ ᠠᠰᠠᠭᠤᠳᠠᠯ ᠤᠨ ᠲᠤᠬᠠᠢ ᠡᠷᠦᠬᠡ ᠳᠤ ᠣᠷᠣᠵᠤ ᠰᠤᠷᠪᠤᠯᠵᠢᠯᠠᠵᠤ᠂ ᠰᠠᠭᠤᠭᠠᠯᠢ ᠠᠷᠠᠳ ᠤᠨ ᠪᠤᠳᠤᠯ ᠢ ᠨᠠᠷᠢᠨ ᠣᠶᠢᠯᠠᠭᠠᠵᠤ᠂ ᠰᠠᠨᠠᠯ ᠰᠠᠨᠠᠭᠤᠯᠭ᠎ᠠ ᠶᠢ ᠨᠠᠷᠢᠨ ᠬᠢᠨᠠᠮᠠᠭᠠᠢ ᠰᠣᠨᠣᠰᠴᠠᠢ᠃
     ᠨᠡᠶᠢᠭᠡᠮ ᠲᠣᠭᠤᠷᠢᠭ ᠤᠨ ᠠᠵᠢᠯᠲᠠᠨ ᠵᠢᠴᠢ ᠳᠤᠯᠠᠭᠠᠯᠭ᠎ᠠ ᠶᠢᠨ ᠺᠣᠮᠫᠠᠨᠢ ᠶᠢᠨ ᠠᠵᠢᠯᠲᠠᠨ ᠡᠷᠦᠬᠡ ᠳᠠᠷᠠᠭᠠᠯᠠᠨ ᠰᠠᠭᠤᠭᠠᠯᠢ ᠠᠷᠠᠳ ᠤᠨ ᠭᠡᠷ ᠲᠤ ᠣᠷᠣᠵᠤ ᠳᠤᠯᠠᠭᠠᠨ ᠤ ᠬᠡᠮᠵᠢᠭᠦᠷ ᠢᠶᠠᠷ ᠭᠡᠷ ᠤᠨ ᠳᠤᠯᠠᠭᠠᠨ ᠤ ᠬᠡᠮᠵᠢᠶ᠎ᠡ ᠶᠢ ᠬᠡᠮᠵᠢᠵᠦ᠂ ᠭᠡᠷ ᠤᠨ ᠳᠤᠯᠠᠭᠠᠨ ᠤ ᠲᠤᠭ᠎ᠠ ᠪᠠᠷᠢᠮᠲᠠ ᠶᠢ ᠴᠤᠭᠯᠠᠭᠤᠯᠤᠨ᠂ ᠰᠠᠭᠤᠭᠠᠯᠢ ᠠᠷᠠᠳ ᠤᠨ ᠭᠡᠷ ᠤᠨ ᠳᠤᠯᠠᠭᠠᠯᠭ᠎ᠠ ᠶᠢᠨ ᠪᠠᠶᠢᠳᠠᠯ᠂ ᠢᠯᠠᠩᠭᠤᠶ᠎ᠠ ᠳᠤᠯᠠᠭᠠᠯᠭ᠎ᠠ ᠶᠢᠨ ᠵᠠᠭᠠᠯᠳᠤᠯᠭ᠎ᠠ ᠨᠡᠯᠢᠶᠡᠳ ᠲᠥᠪᠯᠡᠷᠡᠭᠰᠡᠨ ᠣᠷᠣᠨ ᠪᠦᠰᠡ ᠶᠢ ᠨᠠᠷᠢᠨ ᠯᠠᠪᠯᠠᠵᠤ ᠠᠰᠠᠭᠤᠨ᠂ ᠬᠡᠷᠡᠭᠯᠡᠭᠴᠢᠳ ᠤᠨ ᠬᠦᠰᠡᠯ ᠱᠠᠭᠠᠷᠳᠠᠯᠭ᠎ᠠ ᠶᠢ ᠰᠣᠨᠣᠰᠴᠤ᠂ ᠬᠡᠷᠡᠭᠯᠡᠭᠴᠢᠳ ᠢ ᠬᠠᠪᠰᠤᠷᠤᠨ ᠳᠤᠯᠠᠭᠠᠯᠭ᠎ᠠ ᠶᠢᠨ ᠬᠦᠴᠢᠷ ᠠᠰᠠᠭᠤᠳᠠᠯ ᠢ ᠰᠢᠢᠳᠪᠦᠷᠢᠯᠡᠵᠦ ᠥᠭᠭᠦᠨ᠎ᠡ᠃ ᠰᠠᠭᠤᠭᠠᠯᠢ ᠠᠷᠠᠳ ᠤᠨ ᠭᠡᠷ ᠲᠤ ᠣᠴᠢᠬᠤ ᠪᠦᠷᠢ ᠨᠡᠶᠢᠭᠡᠮ ᠲᠣᠭᠤᠷᠢᠭ ᠤᠨ ᠠᠵᠢᠯᠲᠠᠨ ︽ᠪᠢ ᠲᠠᠨ ᠳᠤ ᠳᠤᠯᠠᠭᠠᠮᠵᠢ ᠠᠰᠠᠭᠤᠳᠠᠯ ᠪᠠᠶᠢᠬᠤ ᠡᠰᠡᠬᠦ ᠶᠢ ᠪᠠᠶᠢᠴᠠᠭᠠᠵᠤ ᠥᠭᠭᠦᠶ᠎ᠡ᠂ ᠤᠴᠢᠷ ᠲᠠᠢ ᠪᠣᠯ ᠲᠠ ᠵᠠᠪᠠᠯ ᠴᠠᠭ ᠲᠤᠬᠠᠢ ᠳᠤᠨᠢ ᠨᠠᠳᠠ ᠳᠤ ᠤᠲᠠᠰᠤᠳᠠᠭᠠᠷᠠᠢ᠂ ᠶᠠᠷᠰᠢᠭ ᠲᠦᠪᠡᠭ ᠠᠴᠠ ᠪᠢᠲᠡᠭᠡᠢ ᠠᠶᠤ︾ ᠭᠡᠵᠡᠢ᠃ ᠵᠠᠩ ᠡᠪᠦᠭᠡ᠄︽ᠲᠠ ᠨᠠᠷ ᠲᠤ ᠦᠨᠡᠬᠡᠷ ᠲᠠᠯᠠᠷᠬᠠᠵᠤ ᠪᠠᠶᠢᠨ᠎ᠠ᠂ ᠡᠶᠢᠮᠦ ᠬᠦᠢᠲᠡᠨ ᠡᠳᠦᠷ ᠲᠠ ᠨᠠᠷ ᠪᠠᠰᠠ ᠮᠠᠨ ᠤ ᠭᠡᠷ ᠲᠤ ᠢᠷᠡᠵᠦ ᠳᠤᠯᠠᠭᠠᠨ ᠤ ᠬᠡᠮᠵᠢᠶ᠎ᠡ ᠶᠢ ᠬᠡᠮᠵᠢᠭᠡᠳ ᠪᠠᠶᠢᠨ᠎ᠠ᠂ ᠦᠨᠡᠬᠡᠷ ᠲᠠᠯᠠᠷᠬᠠᠵᠤ ᠪᠠᠶᠢᠨ᠎ᠠ︾ ᠭᠡᠵᠦ ᠬᠡᠯᠡᠭᠰᠡᠨ ᠶᠦᠮ᠂ ᠡᠨᠡ ᠤᠳᠠᠭ᠎ᠠ ᠶᠢᠨ ᠳᠤᠯᠠᠭᠠᠨ ᠤ ᠬᠡᠮᠵᠢᠯᠲᠡ ᠳᠤ 10 ᠭᠠᠷᠤᠢ ᠡᠷᠦᠬᠡ ᠳᠤ ᠣᠷᠣᠪᠠ᠃
     ᠰᠧ ᠾᠧ ᠰᠢᠩ ᠨᠡᠶᠢᠭᠡᠮ ᠲᠣᠭᠤᠷᠢᠭ ᠰᠠᠭᠤᠭᠠᠯᠢ ᠠᠷᠠᠳ ᠤᠨ ᠳᠤᠯᠠᠭᠠᠯᠭ᠎ᠠ ᠶᠢᠨ ᠠᠰᠠᠭᠤᠳᠠᠯ ᠢ ᠦᠷᠭᠦᠯᠵᠢᠯᠡᠨ ᠠᠩᠬᠠᠷᠴᠤ᠂ ᠦᠨᠡᠨᠬᠦ ᠬᠠᠯᠠᠭᠤᠨ ᠳᠤᠯᠠᠭᠠᠨ ᠢ ᠰᠠᠭᠤᠭᠠᠯᠢ ᠠᠷᠠᠳ ᠲᠤ ᠬᠦᠷᠭᠡᠵᠦ᠂ ᠬᠠᠯᠠᠮᠵᠢᠯᠠᠯ ᠢ ᠰᠠᠭᠤᠭᠠᠯᠢ ᠠᠷᠠᠳ ᠤᠨ ᠰᠡᠳᠬᠢᠯ ᠳᠤ ᠬᠦᠷᠭᠡᠵᠦ᠂ ᠠᠷᠠᠳ ᠣᠯᠠᠨ ᠳᠤ ᠰᠠᠶᠢᠨ ᠶᠠᠪᠤᠳᠠᠯ ᠬᠢᠵᠦ᠂ ᠪᠣᠳᠠᠲᠠᠢ ᠶᠠᠪᠤᠳᠠᠯ ᠬᠢᠵᠦ ᠥᠭᠴᠡᠢ᠃      ᠢᠷᠡᠯᠲᠡ᠄ ᠬᠤᠳᠤᠩ ᠠᠷᠠᠳ ᠤᠨ ᠲᠤᠭᠤᠷᠢᠭ ᠤᠨ ᠵᠠᠰᠠᠭ ᠤᠨ ᠣᠷᠳᠣᠨ ᠤ ᠠᠯᠪᠠᠨ ᠰᠦᠯᠵᠢᠶ᠎ᠡ
 
ᠢᠷᠡᠯᠲᠡ᠄ ᠬᠤᠲᠤᠩ ᠠᠷᠠᠳ ᠤᠨ ᠲᠣᠭᠤᠷᠢᠭ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号