ᠬᠤᠳᠤᠩ ᠠᠷᠠᠳ ᠤᠨ ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠶᠢᠨ ᠠᠵᠢᠯᠴᠢᠨ ᠤ ᠯᠠᠯᠤ ᠶᠢᠨ ᠬᠤᠭᠤᠯᠠᠨ ᠭᠡᠷ ᠤᠨ ᠢᠳᠡᠭᠡᠨ ᠤ ᠮᠠᠲ᠋ᠧᠷᠢᠶᠠᠯ ᠬᠤᠳᠠᠯᠳᠤᠨ ᠠᠪᠬᠤ ᠦᠨ᠎ᠡ ᠶᠢ ᠠᠰᠠᠭᠤᠬᠤ ᠵᠠᠬᠢᠳᠠᠯ
ᠨᠡᠶᠢᠲᠡᠯᠡᠭᠰᠡᠨ ᠴᠠᠭ᠄
2024/1/11
ᠡᠯ᠎ᠡ ᠢᠳᠡᠭᠡᠨ ᠤ ᠮᠠᠲ᠋ᠧᠷᠢᠶᠠᠯ ᠬᠠᠩᠭᠠᠬᠤ ᠬᠤᠳᠠᠯᠳᠤᠭᠠᠴᠢᠨ ᠳᠤ᠄      ᠮᠠᠨ ᠤ ᠪᠠᠶᠢᠭᠤᠯᠭ᠎ᠠ ᠶᠢᠨ ᠱᠠᠭᠠᠷᠳᠠᠯᠭ᠎ᠠ ᠶᠢ ᠦᠨᠳᠦᠰᠦᠯᠡᠨ᠂ 2024 ᠣᠨ ᠤ 1 ᠰᠠᠷ᠎ᠠ ᠠᠴᠠ 2026 ᠣᠨ ᠤ 1 ᠰᠠᠷ᠎ᠠ ᠪᠣᠯᠲᠠᠯ᠎ᠠ ᠮᠠᠨ ᠤ ᠲᠣᠪᠴᠢᠶ᠎ᠠ ᠶᠢᠨ ᠠᠵᠢᠯᠴᠢᠨ ᠤ ᠯᠠᠯᠤ ᠶᠢᠨ ᠬᠤᠭᠤᠯᠠᠨ ᠭᠡᠷ ᠤᠨ ᠢᠳᠡᠭᠡᠨ ᠤ ᠮᠠᠲ᠋ᠧᠷᠢᠶᠠᠯ ᠬᠤᠳᠠᠯᠳᠤᠨ ᠠᠪᠬᠤ ᠲᠥᠷᠥᠯ ᠵᠦᠢᠯ ᠳᠤ ᠦᠨ᠎ᠡ ᠶᠢ ᠠᠰᠠᠭᠤᠬᠤ ᠪᠠᠷ ᠲᠥᠯᠥᠪᠯᠡᠵᠦ ᠪᠣᠶ᠂ ᠡᠷᠬᠢᠮ ᠺᠣᠮᠫᠠᠨᠢ ᠶᠢ ᠳᠣᠣᠷᠠᠬᠢ ᠠᠭᠤᠯᠭ᠎ᠠ ᠶᠢ ᠦᠨᠳᠦᠰᠦᠯᠡᠨ ᠦᠨ᠎ᠡ ᠮᠡᠳᠡᠭᠦᠯᠬᠦ ᠪᠠᠷ ᠴᠢᠩ ᠰᠡᠳᠬᠢᠯ ᠠᠴᠠ ᠪᠠᠨ ᠤᠷᠢᠵᠤ ᠪᠠᠶᠢᠨ᠎ᠠ᠃      ᠨᠢᠭᠡ᠂ ᠬᠤᠳᠠᠯᠳᠤᠨ ᠠᠪᠬᠤ ᠨᠢᠭᠡᠴᠢ᠄ ᠬᠤᠳᠤᠩ ᠠᠷᠠᠳ ᠤᠨ ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ      ᠬᠤᠶᠠᠷ᠂ ᠬᠤᠳᠠᠯᠳᠤᠨ ᠠᠪᠬᠤ ᠲᠥᠷᠥᠯ ᠵᠦᠢᠯ᠄ ᠠᠵᠢᠯᠴᠢᠨ ᠤ ᠯᠠᠯᠤ ᠶᠢᠨ ᠬᠤᠭᠤᠯᠠᠨ ᠭᠡᠷ ᠤᠨ ᠢᠳᠡᠭᠡᠨ ᠤ ᠮᠠᠲ᠋ᠧᠷᠢᠶᠠᠯ      ᠭᠤᠷᠪᠠ᠂ ᠲᠥᠰᠥᠪ ᠤᠨ ᠵᠣᠭᠤᠰ ᠤᠨ ᠲᠤᠭ᠎ᠠ᠄ 30 ᠲᠦᠮᠡᠨ ᠲᠥᠭᠦᠷᠢᠭ ︵ᠠᠷᠠᠳ ᠤᠨ ᠵᠣᠭᠤᠰ︶ ᠤᠨ ᠳᠣᠲᠣᠷ᠎ᠠ/ᠵᠢᠯ      ᠳᠥᠷᠪᠡ᠂ ᠦᠨ᠎ᠡ ᠮᠡᠳᠡᠭᠦᠯᠬᠦ ᠬᠠᠭᠤᠳᠠᠰᠤ ᠲᠤᠰᠢᠶᠠᠭᠰᠠᠨ ︵ᠳᠠᠭᠤᠰᠬᠤ︶ ᠴᠠᠭ᠄      ᠲᠤᠰ ᠦᠨ᠎ᠡ ᠯᠠᠪᠯᠠᠬᠤ ᠵᠠᠬᠢᠳᠠᠯ ᠢ ᠨᠡᠶᠢᠲᠡᠯᠡᠭᠰᠡᠨ ᠡᠳᠦᠷ ᠠᠴᠠ ᠡᠬᠢᠯᠡᠨ ᠭᠤᠷᠪᠠᠨ ᠡᠳᠦᠷ ᠤᠨ ᠳᠣᠲᠣᠷ᠎ᠠ᠃      ᠲᠠᠪᠤ᠂ ᠦᠨ᠎ᠡ ᠶᠢᠨ ᠬᠠᠭᠤᠳᠠᠰᠤ ᠲᠤᠰᠢᠶᠠᠬᠤ ᠠᠷᠭ᠎ᠠ ᠮᠠᠶ᠋ᠢᠭ᠄      ᠦᠨ᠎ᠡ ᠮᠡᠳᠡᠭᠦᠯᠬᠦ ᠨᠢᠭᠡᠴᠢ ᠦᠨ᠎ᠡ ᠮᠡᠳᠡᠭᠦᠯᠬᠦ ᠬᠠᠭᠤᠳᠠᠰᠤ ᠶᠢ ᠪᠢᠲᠡᠭᠦᠮᠵᠢᠯᠡᠭᠰᠡᠨ ᠤ ᠳᠠᠷᠠᠭ᠎ᠠ ᠬᠤᠳᠤᠩ ᠠᠷᠠᠳ ᠤᠨ ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠲᠣᠪᠴᠢᠶ᠎ᠠ ︵ᠤᠮᠠᠷᠠᠲᠤ ᠬᠤᠶᠠᠳᠤᠭᠠᠷ ᠴᠠᠭᠠᠷᠢᠭ ᠤᠨ ᠰᠢᠨ᠎ᠡ ᠬᠠᠶ᠋ᠢᠭ︶ ᠶᠢᠨ 205 ᠲᠠᠰᠤᠭ ᠲᠤ ᠰᠢᠤᠳᠠᠨ ᠢᠶᠠᠷ ᠢᠯᠡᠭᠡᠬᠦ ᠪᠤᠶᠤ ᠬᠦᠷᠭᠡᠵᠦ ᠥᠭᠭᠦᠨ᠎ᠡ᠃ ︵ᠲᠣᠳᠣᠷᠬᠠᠶᠢᠯᠠᠯᠲᠠ᠄ ᠦᠨ᠎ᠡ ᠮᠡᠳᠡᠭᠦᠯᠦᠭᠰᠡᠨ ᠮᠠᠲ᠋ᠧᠷᠢᠶᠠᠯ ᠤᠨ ᠭᠠᠷ ᠤᠨ ᠦᠰᠦᠭ ᠲᠠᠮᠠᠭ᠎ᠠ ᠨᠢ ᠡᠷᠬᠡᠪᠰᠢ ᠪᠦᠷᠢᠨ ᠭᠦᠢᠴᠡᠳ ᠪᠠᠶᠢᠬᠤ ᠬᠡᠷᠡᠭᠲᠡᠢ︶᠃      ᠵᠢᠷᠭᠤᠭ᠎ᠠ᠂ ᠮᠡᠳᠡᠭᠦᠯᠦᠭᠰᠡᠨ ᠦᠨ᠎ᠡ ᠶᠢ ᠳᠠᠭᠠᠬᠤ ᠨᠢᠭᠡᠴᠢ ᠶᠢᠨ ᠬᠠᠩᠭᠠᠬᠤ ᠶᠣᠰᠣᠲᠠᠢ ᠮᠠᠲ᠋ᠧᠷᠢᠶᠠᠯ      1.ᠬᠠᠤᠯᠢ ᠶᠢᠨ ᠡᠷᠬᠡᠲᠡᠨ ᠪᠤᠶᠤ ᠡᠷᠬᠡ ᠣᠯᠭᠤᠭᠰᠠᠨ ᠲᠥᠯᠥᠭᠡᠯᠡᠭᠴᠢ ᠶᠢᠨ ᠪᠡᠶ᠎ᠡ ᠶᠢᠨ ᠦᠨᠡᠮᠯᠡᠯ᠂ ᠡᠷᠬᠡ ᠣᠯᠭᠤᠭᠰᠠᠨ ᠨᠠᠶᠢᠳᠠᠯᠭ᠎ᠠ ᠶᠢᠨ ᠪᠢᠴᠢᠭ ︵ᠪᠠᠭᠤᠯᠭᠠᠪᠤᠷᠢ ᠳᠡᠭᠡᠷ᠎ᠡ ᠨᠢ ᠠᠯᠪᠠᠨ ᠲᠠᠮᠠᠭ᠎ᠠ ᠳᠠᠷᠤᠨ᠎ᠠ︶︔      2.ᠡᠵᠡᠩᠨᠡᠯᠲᠡ ᠶᠢᠨ ᠦᠨᠡᠮᠯᠡᠯ ︵ᠬᠠᠭᠤᠯᠪᠤᠷᠢ ᠳᠡᠭᠡᠷ᠎ᠡ ᠨᠢ ᠠᠯᠪᠠᠨ ᠲᠠᠮᠠᠭ᠎ᠠ ᠳᠠᠷᠤᠨ᠎ᠠ︶︔      3.ᠢᠳᠡᠭᠡᠨ ᠢ ᠡᠵᠡᠩᠨᠡᠬᠦ ᠵᠥᠪᠰᠢᠶᠡᠷᠡᠯ ᠤᠨ ᠦᠨᠡᠮᠯᠡᠯ ︵ᠪᠠᠭᠤᠯᠭᠠᠪᠤᠷᠢ ᠳᠤᠨᠢ ᠠᠯᠪᠠᠨ ᠲᠠᠮᠠᠭ᠎ᠠ ᠳᠠᠷᠤᠨ᠎ᠠ︶︔      4.ᠣᠶᠢᠷ᠎ᠠ ᠶᠢᠨ ᠨᠢᠭᠡᠳᠦᠭᠡᠷ ᠰᠠᠷ᠎ᠠ ᠳᠤ ᠪᠠᠶᠢᠩᠭᠤ ᠲᠣᠬᠢᠶᠠᠯᠳᠤᠳᠠᠭ ᠢᠳᠡᠭᠡᠨ ᠤ ᠮᠠᠲ᠋ᠧᠷᠢᠶᠠᠯ ᠤᠨ ᠦᠨ᠎ᠡ ᠶᠢᠨ ᠬᠦᠰᠦᠨᠦᠭᠲᠦ ︵ᠠᠯᠪᠠᠨ ᠲᠠᠮᠠᠭ᠎ᠠ ᠳᠠᠷᠤᠨ᠎ᠠ︶︔      5.ᠦᠨ᠎ᠡ ᠮᠡᠳᠡᠭᠦᠯᠬᠦ ᠬᠦᠰᠦᠨᠦᠭᠲᠦ ︵ᠠᠯᠪᠠᠨ ᠲᠠᠮᠠᠭ᠎ᠠ ᠳᠠᠷᠤᠨ᠎ᠠ︶︔      6.2023 ᠣᠨ ᠳᠤ ᠨᠢᠭᠡᠨᠲᠡ ᠭᠡᠷ᠎ᠡ ᠲᠣᠭᠲᠠᠭᠰᠠᠨ ᠨᠢᠭᠡᠴᠢ ᠶᠢᠨ ᠪᠦᠷᠢᠳᠬᠡᠯ ᠤᠨ ᠬᠦᠰᠦᠨᠦᠭᠲᠦ᠂ ᠭᠡᠷ᠎ᠡ ᠶᠢᠨ ᠪᠠᠭᠤᠯᠭᠠᠪᠤᠷᠢ ᠵᠡᠷᠭᠡ︔      ᠲᠤᠯᠤᠭ᠎ᠠ᠂ ᠦᠨ᠎ᠡ ᠯᠠᠪᠯᠠᠬᠤ᠄      ᠴᠠᠭ᠄ 2024 ᠣᠨ ᠤ 1 ᠰᠠᠷ᠎ᠠ ᠶᠢᠨ 15 ᠤ ᠡᠳᠦᠷ ᠤᠨ ᠦᠳᠡ ᠶᠢᠨ ᠡᠮᠦᠨᠡᠬᠢ 10 ᠴᠠᠭ      ᠭᠠᠵᠠᠷ᠄ ᠬᠤᠳᠤᠩ ᠠᠷᠠᠳ ᠤᠨ ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠲᠣᠪᠴᠢᠶ᠎ᠠ ᠶᠢᠨ ᠭᠤᠷᠪᠠᠳᠤᠭᠠᠷ ᠳᠠᠪᠬᠤᠷᠯᠢᠭ ᠤᠨ ᠪᠠᠭ᠎ᠠ ᠬᠤᠷᠠᠯ ᠤᠨ ᠭᠡᠷ      ᠦᠨ᠎ᠡ ᠠᠰᠠᠭᠤᠬᠤ ᠠᠷᠭ᠎ᠠ᠄ ᠬᠠᠮᠤᠭ ᠤᠨ ᠳᠣᠣᠷ᠎ᠠ ᠦᠨ᠎ᠡ ᠶᠢᠨ ᠠᠷᠭ᠎ᠠ      1.ᠲᠤᠰ ᠤᠳᠠᠭ᠎ᠠ ᠶᠢᠨ ᠦᠨ᠎ᠡ ᠠᠰᠠᠭᠤᠬᠤ ᠳᠤ ᠬᠠᠮᠤᠭ ᠤᠨ ᠴᠥᠭᠡᠨ ᠳᠡᠭᠡᠨ ᠭᠤᠷᠪᠠᠨ ᠭᠡᠷ ᠤᠨ ᠦᠨ᠎ᠡ ᠶᠢ  ᠠᠳᠠᠯᠢᠳᠬᠠᠬᠤ ᠶᠢᠨ ᠠᠷᠭ᠎ᠠ ᠶᠢ ᠪᠠᠲᠤᠯᠠᠨ᠎ᠠ᠂ ᠬᠡᠷᠪᠡ ᠦᠨ᠎ᠡ ᠮᠡᠳᠡᠭᠦᠯᠦᠭᠰᠡᠨ ᠨᠢᠭᠡᠴᠢ ᠨᠢ ᠭᠤᠷᠪᠠᠨ ᠭᠡᠷ ᠲᠤ ᠬᠦᠷᠦᠭᠰᠡᠨ ᠦᠭᠡᠢ ᠪᠣᠯ ᠲᠤᠰ ᠤᠳᠠᠭ᠎ᠠ ᠶᠢᠨ ᠦᠨ᠎ᠡ ᠠᠰᠠᠭᠤᠬᠤ ᠶᠢ ᠬᠦᠴᠦᠨ ᠦᠭᠡᠢ ᠪᠣᠯᠭᠠᠨ᠎ᠠ᠃      2.ᠦᠨ᠎ᠡ ᠮᠡᠳᠡᠭᠦᠯᠦᠭᠰᠡᠨ ᠨᠢᠭᠡᠴᠢ ᠶᠢᠨ ᠮᠡᠳᠡᠭᠦᠯᠦᠨ ᠬᠦᠷᠭᠡᠭᠰᠡᠨ ᠲᠤᠰ ᠵᠦᠢᠯᠡᠰ ᠤᠨ ᠬᠠᠩᠭᠠᠭᠰᠠᠨ ᠦᠨ᠎ᠡ ᠶᠢ ᠦᠨᠳᠦᠰᠦᠯᠡᠨ᠂ ᠬᠠᠮᠤᠭ ᠤᠨ ᠳᠣᠣᠷ᠎ᠠ ᠦᠨ᠎ᠡ ᠲᠠᠢ ᠨᠢ ᠳᠠᠭᠠᠭᠠᠴᠢᠯᠠᠯᠲᠠ ᠣᠯᠣᠨ᠎ᠠ᠃      3.ᠬᠡᠷᠪᠡ ᠨᠢᠭᠡᠳᠦᠭᠡᠷ ᠡᠭᠡᠯᠵᠢ ᠶᠢᠨ ᠦᠨ᠎ᠡ ᠮᠡᠳᠡᠭᠦᠯᠦᠭᠰᠡᠨ ᠤ ᠲᠠᠷᠠᠭ᠎ᠠ ᠬᠤᠶᠠᠷ ᠪᠤᠶᠤ ᠬᠤᠶᠠᠷ ᠠᠴᠠ ᠳᠡᠭᠡᠭᠰᠢ ᠬᠠᠮᠤᠭ ᠤᠨ ᠳᠣᠣᠷ᠎ᠠ ᠦᠨ᠎ᠡ ᠭᠠᠷᠤᠭᠰᠠᠨ ᠪᠠᠶᠢᠪᠠᠯ᠂ ᠡᠳᠡᠭᠡᠷ ᠦᠨ᠎ᠡ ᠮᠡᠳᠡᠭᠦᠯᠦᠭᠰᠡᠨ ᠨᠢᠭᠡᠴᠢ ᠠᠴᠠ ᠲᠠᠷᠠᠭ᠎ᠠ ᠨᠢᠭᠡ ᠡᠭᠡᠯᠵᠢ ᠶᠢᠨ ᠦᠨ᠎ᠡ ᠥᠷᠢᠰᠦᠯᠳᠦᠭᠦᠯᠦᠨ᠎ᠡ᠂ ᠪᠤᠰᠤᠳ ᠦᠨ᠎ᠡ ᠮᠡᠳᠡᠭᠦᠯᠦᠭᠰᠡᠨ ᠨᠢᠭᠡᠴᠢ ᠳᠡᠬᠢᠨ ᠣᠷᠣᠯᠴᠠᠬᠤ ᠦᠭᠡᠢ᠃      ᠨᠠᠢᠮᠠ᠂ ᠬᠠᠩᠭᠠᠬᠤ ᠠᠷᠭ᠎ᠠ᠄      1.ᠮᠠᠨ ᠤ ᠨᠢᠭᠡᠴᠢ ᠶᠢᠨ ᠬᠤᠯᠪᠣᠭᠳᠠᠯ ᠪᠦᠬᠦᠢ ᠬᠥᠮᠥᠰ ᠬᠠᠭᠠᠰ ᠡᠳᠦᠷ ᠤᠨ ᠡᠮᠦᠨ᠎ᠡ ︵ᠣᠨᠴᠠᠭᠠᠶ ᠪᠠᠶᠢᠳᠠᠯ  ᠨᠢ 1 ᠴᠠᠭ   ᠠᠴᠠ ᠳᠤᠲᠠᠭᠤ ᠦᠭᠡᠢ︶ ᠬᠡᠷᠡᠭᠰᠡᠬᠦ ᠢᠳᠡᠭᠡᠨ ᠤ ᠮᠠᠲ᠋ᠧᠷᠢᠶᠠᠯ ᠤᠨ ᠲᠥᠷᠥᠯ ᠵᠦᠢᠯ᠂ ᠲᠤᠭ᠎ᠠ ᠬᠡᠮᠵᠢᠶ᠎ᠡ ᠵᠡᠷᠭᠡ ᠦᠨᠳᠦᠰᠦᠨ ᠮᠡᠳᠡᠭᠡ ᠵᠠᠩᠭᠢ ᠪᠠᠨ ᠬᠠᠩᠭᠠᠯᠭ᠎ᠠ ᠶᠢᠨ ᠬᠤᠳᠠᠯᠳᠤᠭᠠᠴᠢᠨ ᠳᠤ ᠮᠡᠳᠡᠭᠦᠯᠵᠦ᠂ ᠬᠠᠩᠭᠠᠯᠭ᠎ᠠ ᠶᠢᠨ ᠬᠤᠳᠠᠯᠳᠤᠭᠠᠴᠢᠨ ᠲᠣᠭᠲᠠᠭᠰᠠᠨ ᠴᠠᠭ ᠲᠤ ᠮᠠᠨ ᠤ ᠨᠢᠭᠡᠴᠢ ᠶᠢᠨ ᠲᠣᠭᠲᠠᠭᠠᠭᠰᠠᠨ ᠭᠠᠵᠠᠷ ᠲᠤ ᠬᠦᠷᠭᠡᠵᠦ᠂ ᠬᠤᠶᠠᠷ ᠲᠠᠯ᠎ᠠ ᠶᠢᠨ ᠬᠥᠮᠥᠰ ᠬᠠᠮᠲᠤ ᠪᠠᠷ ᠰᠢᠯᠭᠠᠨ ᠠᠪᠤᠨ᠎ᠠ᠃      2.ᠬᠡᠷᠪᠡ ᠣᠨᠴᠠᠭᠠᠶ ᠪᠠᠶᠢᠳᠠᠯ ᠲᠣᠬᠢᠶᠠᠯᠳᠤᠪᠠᠯ᠂ ᠬᠠᠩᠭᠠᠯᠭ᠎ᠠ ᠶᠢᠨ ᠬᠤᠳᠠᠯᠳᠤᠭᠠᠴᠢᠨ ᠪᠠᠴᠢᠮ ᠪᠡᠯᠡᠳᠬᠡᠯ ᠲᠥᠰᠥᠯ ᠢᠶᠠᠨ ᠤᠷᠢᠳᠴᠢᠯᠠᠨ ᠪᠡᠯᠡᠳᠬᠡᠬᠦ ᠶᠢᠨ ᠬᠠᠮᠲᠤ ᠮᠠᠨ ᠤ ᠨᠢᠭᠡᠴᠢ ᠲᠠᠢ ᠢᠳᠡᠭᠡᠨ ᠤ ᠮᠠᠲ᠋ᠧᠷᠢᠶᠠᠯ ᠢ ᠲᠣᠬᠢᠷᠠᠭᠤᠯᠤᠨ ᠬᠦᠷᠭᠡᠬᠦ ᠠᠵᠢᠯ ᠢ ᠰᠠᠶᠢᠲᠤᠷ ᠨᠡᠪᠲᠡᠷᠡᠯᠴᠡᠨ ᠵᠣᠬᠢᠴᠠᠭᠤᠯᠵᠤ᠂ ᠬᠡᠷᠡᠭᠰᠡᠬᠦ ᠢᠳᠡᠭᠡᠨ ᠤ ᠮᠠᠲ᠋ᠧᠷᠢᠶᠠᠯ ᠢ ᠬᠡᠷᠡᠭᠴᠡᠭᠡ ᠪᠠᠷ ᠨᠢ ᠬᠦᠷᠭᠡᠬᠦ ᠶᠢ ᠪᠠᠲᠤᠯᠠᠬᠤ ᠬᠡᠷᠡᠭᠲᠡᠢ᠃      ᠬᠠᠷᠢᠯᠴᠠᠬᠤ ᠬᠥᠮᠥᠨ᠄ ᠵᠠᠩ ᠲᠢᠩ      ᠬᠠᠷᠢᠯᠴᠠᠬᠤ ᠤᠲᠠᠰᠤ᠄ 0471-3821024᠂ 13354890365      ᠳᠠᠭᠠᠯᠳᠤᠭᠤᠯᠤᠯ 1᠄ ᠳᠠᠭᠠᠬᠤ ᠵᠠᠬᠢᠳᠠᠯ      ᠳᠠᠭᠠᠯᠳᠤᠭᠤᠯᠤᠯ 2᠄ ᠦᠨ᠎ᠡ ᠮᠡᠳᠡᠭᠦᠯᠬᠦ ᠬᠦᠰᠦᠨᠦᠭᠲᠦ                        ᠬᠤᠳᠤᠩ ᠠᠷᠠᠳ ᠤᠨ ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ                              ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ                              2024 ᠣᠨ ᠤ 1 ᠰᠠᠷ᠎ᠠ ᠶᠢᠨ 10 ᠤ ᠡᠳᠦᠷ      ᠳᠠᠭᠠᠯᠳᠤᠭᠤᠯᠤᠯ᠄ 回民区城市管理综合执法局职工清真食堂食材采购询价函      ᠢᠷᠡᠯᠲᠡ᠄ ᠬᠤᠳᠤᠩ ᠠᠷᠠᠳ ᠤᠨ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠰᠦᠯᠵᠢᠶ᠎ᠡ
 
ᠢᠷᠡᠯᠲᠡ᠄ ᠬᠤᠲᠤᠩ ᠠᠷᠠᠳ ᠤᠨ ᠲᠣᠭᠤᠷᠢᠭ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号