ᠡᠨᠡ ᠵᠢᠯ ᠮᠠᠨ ᠤ ᠬᠤᠲᠠ 3000 ᠢᠵᠢ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢ ᠴᠤᠭᠯᠠᠭᠤᠯᠵᠤ ᠪᠦᠲᠦᠭᠡᠨ ᠪᠠᠶᠢᠭᠤᠯᠬᠤ ᠪᠠᠷ ᠪᠣᠶ
ᠨᠡᠶᠢᠲᠡᠯᠡᠭᠰᠡᠨ ᠴᠠᠭ᠄
2024/1/11
      ︵ᠰᠤᠷᠪᠤᠯᠵᠢᠯᠠᠭᠴᠢ ᠶᠦᠨ ᠶᠠᠨ ᠹᠠᠩ ᠳᠠᠳᠤᠯᠭ᠎ᠠ ᠶᠢᠨ ᠰᠤᠷᠪᠤᠯᠵᠢᠯᠠᠭᠴᠢ ᠷᠥᠸᠧ ᠬᠥ᠋︶ ᠬᠤᠲᠠ ᠶᠢᠨ ᠵᠠᠰᠠᠭ ᠤᠨ ᠣᠷᠳᠣᠨ ᠤ ᠰᠣᠨᠢᠨ ᠮᠡᠳᠡᠭᠡᠨ ᠤ ᠠᠯᠪᠠᠨ ᠭᠡᠷ ᠤᠨ ᠲᠦᠷᠦᠭᠦᠬᠡᠨ ᠬᠤᠷᠠᠯᠳᠤᠭᠤᠯᠤᠭᠰᠠᠨ ᠰᠣᠨᠢᠨ ᠮᠡᠳᠡᠭᠡ ᠨᠡᠶᠢᠲᠡᠯᠡᠬᠦ ᠬᠤᠷᠠᠯ ᠠᠴᠠ ᠣᠶᠢᠯᠠᠭᠠᠭᠰᠠᠨ ᠨᠢ᠂ ᠡᠨᠡ ᠵᠢᠯ ᠮᠠᠨ ᠤ ᠬᠤᠲᠠ 3000 ᠢᠵᠢ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢ ᠴᠤᠭᠯᠠᠭᠤᠯᠤᠨ ᠪᠦᠲᠦᠭᠡᠨ ᠪᠠᠶᠢᠭᠤᠯᠵᠤ᠂ ᠮᠠᠨ ᠤ ᠬᠤᠲᠠ ᠳᠤ ᠠᠵᠢᠯ ᠣᠯᠵᠤ ᠦᠢᠯᠡᠰ ᠴᠣᠭᠴᠠᠯᠠᠭᠰᠠᠨ ᠣᠶᠤᠲᠠᠳ ᠤᠨ ᠣᠷᠣᠨ ᠰᠠᠭᠤᠴᠠ ᠶᠢᠨ ᠬᠦᠴᠢᠷᠳᠡᠯ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠬᠦ ᠪᠠᠷ ᠪᠠᠶᠢᠨ᠎ᠠ᠃      ᠣᠶᠢᠯᠠᠭᠠᠭᠰᠠᠨ ᠢᠶᠠᠷ᠂ 2021 ᠣᠨ ᠠᠴᠠ ᠡᠬᠢᠯᠡᠨ᠂ ᠮᠠᠨ ᠤ ᠬᠤᠲᠠ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠢ ᠶᠡᠭᠡ ᠪᠠᠷ ᠬᠥᠭᠵᠢᠭᠦᠯᠪᠡ᠃ 2023 ᠣᠨ ᠤ ᠵᠢᠯ ᠤᠨ ᠡᠴᠦᠰ ᠪᠣᠯᠲᠠᠯ᠎ᠠ᠂ ︽ᠲᠦᠷᠢᠶᠡᠰᠦᠯᠡᠬᠦ᠂ ᠬᠤᠳᠠᠯᠳᠤᠨ ᠠᠪᠬᠤ᠂ ᠥᠭᠡᠷᠡᠴᠢᠯᠡᠨ ᠪᠠᠶᠢᠭᠤᠯᠬᠤ ︵ᠥᠭᠡᠷᠡᠴᠢᠯᠡᠬᠦ︶᠂ ᠰᠢᠨ᠎ᠡ ᠪᠠᠷ ᠪᠠᠶᠢᠭᠤᠯᠬᠤ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠪᠦᠲᠦᠭᠡᠨ ᠪᠠᠶᠢᠭᠤᠯᠤᠭᠰᠠᠨ ᠠᠮᠤᠭᠤᠯᠠᠩ ᠣᠷᠣᠨ ᠰᠠᠭᠤᠴᠠ ᠶᠢᠨ ᠲᠥᠷᠥᠯ ᠵᠦᠢᠯ ᠳᠤ ᠲᠣᠬᠢᠷᠠᠭᠤᠯᠤᠯᠲᠠ ᠬᠢᠬᠦ︾ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ 1.5 ᠲᠦᠮᠡᠨ ᠢᠵᠢ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢ ᠴᠤᠭᠯᠠᠭᠤᠯᠤᠨ ᠪᠦᠲᠦᠭᠡᠨ ᠪᠠᠶᠢᠭᠤᠯᠵᠤ᠂ 2024 ᠣᠨ ᠳᠤ ᠪᠠᠰᠠ 3000 ᠢᠵᠢ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢ ᠴᠤᠭᠯᠠᠭᠤᠯᠤᠨ ᠪᠦᠲᠦᠭᠡᠨ ᠪᠠᠶᠢᠭᠤᠯᠬᠤ ᠪᠠᠷ ᠪᠠᠶᠢᠨ᠎ᠠ᠃      ᠰᠣᠨᠢᠨ ᠮᠡᠳᠡᠭᠡ ᠨᠡᠶᠢᠲᠡᠯᠡᠬᠦ ᠬᠤᠷᠠᠯ ᠳᠡᠭᠡᠷ᠎ᠡ ᠳᠡᠭᠡᠳᠦ ᠰᠤᠷᠭᠠᠭᠤᠯᠢ ᠲᠡᠭᠦᠰᠦᠭᠰᠡᠳ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ᠂ ᠣᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠵᠢᠴᠢ ᠲᠦᠷᠢᠶᠡᠰᠦᠯᠡᠬᠦ ᠬᠤᠳᠠᠯᠳᠤᠨ ᠠᠪᠬᠤ ᠨᠥᠬᠦᠪᠦᠷᠢ ᠣᠯᠭᠤᠬᠤ ᠪᠠᠷᠢᠮᠵᠢᠶ᠎ᠠ ᠶᠢ ᠬᠡᠷᠬᠢᠨ ᠭᠤᠶᠤᠴᠢᠯᠠᠬᠤ ᠲᠤᠬᠠᠢ ᠨᠠᠷᠢᠨ ᠲᠣᠳᠣᠷᠬᠠᠶᠢᠯᠠᠯᠲᠠ ᠬᠢᠵᠡᠢ᠃      ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢ ᠭᠤᠶᠤᠴᠢᠯᠠᠬᠤ ᠨᠥᠬᠦᠴᠡᠯ ᠨᠢ᠂ ᠪᠦᠬᠦᠯᠢ 18 ᠨᠠᠰᠤ ᠬᠦᠷᠦᠭᠰᠡᠨ᠂ ᠮᠠᠨ ᠤ ᠬᠤᠲᠠ ᠳᠤ ᠠᠵᠢᠯ ᠣᠯᠣᠭᠰᠠᠨ ᠪᠤᠶᠤ ᠠᠳᠠᠯ ᠦᠢᠯᠡᠰ ᠴᠣᠭᠴᠠᠯᠠᠭᠰᠠᠨ᠂ ᠲᠣᠰ ᠬᠥᠮᠥᠨ ᠵᠢᠴᠢ ᠭᠡᠷ ᠪᠦᠯᠢ ᠶᠢᠨ ᠪᠦᠷᠢᠯᠳᠦᠭᠦᠨ ᠨᠢ ᠮᠠᠨ ᠤ ᠬᠤᠲᠠ ᠳᠤ ᠥᠪᠡᠷ ᠤᠨ ᠣᠷᠣᠨ ᠰᠠᠭᠤᠴᠠ ᠦᠭᠡᠢ ᠮᠥᠷᠲᠡᠭᠡᠨ ᠬᠤᠳᠠᠯᠳᠤᠭᠠᠨ ᠳᠤ ᠬᠡᠷᠡᠭᠯᠡᠬᠦ ᠭᠡᠷ ᠪᠠᠶᠢᠰᠢᠩ᠂ ᠠᠯᠪᠠᠯᠠᠬᠤ ᠠᠰᠠᠷ ᠪᠤᠶᠤ ᠪᠤᠰᠤᠳ ᠪᠡᠯᠡ ᠣᠷᠣᠭᠤᠯᠤᠯᠲᠠ ᠶᠢᠨ ᠴᠢᠨᠠᠷᠲᠠᠢ ᠭᠡᠷ ᠪᠠᠶᠢᠰᠢᠩ ᠬᠤᠳᠠᠯᠳᠤᠨ ᠠᠪᠤᠭᠰᠠᠨ ᠦᠭᠡᠢ᠂ ᠣᠷᠣᠯᠭ᠎ᠠ ᠨᠢ ᠬᠠᠷᠢᠴᠠᠩᠭᠤᠢ ᠲᠣᠭᠲᠠᠪᠤᠷᠢᠲᠠᠢ ᠪᠠᠶᠢᠬᠤ᠂ ᠳᠡᠭᠡᠷᠡᠬᠢ ᠨᠥᠬᠦᠴᠡᠯ ᠤᠳ ᠢ ᠬᠠᠮᠲᠤ ᠳᠤᠨᠢ ᠬᠠᠩᠭᠠᠪᠠᠯ᠂ ᠬᠥᠬᠡᠬᠤᠲᠠ ᠶᠢᠨ ᠣᠷᠣᠨ ᠰᠠᠭᠤᠴᠠ ᠶᠢᠨ ᠲᠦᠷᠢᠶᠡᠰᠦᠯᠡᠯ ᠤᠨ App ᠢᠶᠠᠷ ᠳᠠᠮᠵᠢᠭᠤᠯᠤᠨ ᠰᠦᠯᠵᠢᠶᠡᠨ ᠳᠡᠭᠡᠷ᠎ᠡ ᠭᠤᠶᠤᠴᠢᠯᠠᠵᠤ ᠪᠣᠯᠣᠨ᠎ᠠ᠃      ᠣᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠭᠤᠶᠤᠴᠢᠯᠠᠬᠤ ᠨᠥᠬᠦᠴᠡᠯ ᠪᠣᠯ᠂ ᠲᠣᠰ ᠬᠤᠲᠠ ᠶᠢᠨ ᠡᠷᠦᠬᠡ ᠠᠮᠠ ᠶᠢᠨ ᠲᠠᠩᠰᠠ ᠲᠠᠢ ᠭᠤᠶᠤᠴᠢᠯᠠᠭᠴᠢ ᠪᠦᠬᠦᠯᠢ 18 ᠨᠠᠰᠤ ︵ᠪᠦᠬᠦᠯᠢ 65 ᠠᠴᠠ ᠳᠡᠭᠡᠭᠰᠢ ᠨᠠᠰᠤ ᠲᠠᠢ ᠪᠣᠯ ᠬᠠᠷᠠᠭᠠᠯᠵᠠᠨ ᠬᠠᠮᠠᠭᠠᠯᠠᠬᠤ ᠬᠥᠮᠥᠨ ᠲᠠᠢ ᠪᠠᠶᠢᠬᠤ ᠬᠡᠷᠡᠭᠲᠡᠢ︶᠂ ᠲᠣᠰ ᠬᠤᠲᠠ ᠳᠤ ᠣᠷᠣᠨ ᠰᠠᠭᠤᠴᠠ ᠦᠭᠡᠢ ︵ᠭᠤᠶᠤᠴᠢᠯᠠᠭᠴᠢ ᠶᠢᠨ ᠨᠡᠷ᠎ᠡ ᠳᠣᠣᠷ᠎ᠠ ᠶᠠᠮᠠᠷ ᠴᠤ ᠬᠡᠯᠪᠡᠷᠢ ᠶᠢᠨ ᠭᠡᠷ ᠬᠥᠷᠥᠩᠭᠡ ᠶᠢᠨ ᠮᠡᠳᠡᠭᠡ ᠵᠠᠩᠭᠢ ᠪᠠᠶᠢᠬᠤ ᠦᠭᠡᠢ︶᠂ ᠭᠡᠷ ᠪᠦᠯᠢ ᠶᠢᠨ ᠬᠥᠮᠥᠨ ᠳᠤᠮᠳᠠᠴᠢ ᠶᠢᠨ ᠰᠠᠷ᠎ᠠ ᠶᠢᠨ ᠣᠷᠣᠯᠭ᠎ᠠ ᠨᠢ ᠲᠦᠷᠦᠭᠦᠸ ᠵᠢᠯ ᠤᠨ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠶᠢᠨ 7 ᠳᠠᠬᠢᠨ ᠠᠴᠠ ᠳᠣᠣᠷ᠎ᠠ ᠪᠠᠶᠢᠬᠤ ᠬᠡᠷᠡᠭᠲᠡᠢ᠃      ᠲᠣᠰ ᠬᠤᠲᠠ ᠶᠢᠨ ᠪᠤᠰᠤ ᠡᠷᠦᠬᠡ ᠠᠮᠠ ᠶᠢᠨ ᠲᠠᠩᠰᠠ ᠲᠠᠢ ᠭᠤᠶᠤᠴᠢᠯᠠᠭᠴᠢ ᠪᠦᠬᠦᠯᠢ 18 ᠨᠠᠰᠤ ︵ᠪᠦᠬᠦᠯᠢ 65 ᠠᠴᠠ ᠳᠡᠭᠡᠭᠰᠢ ᠨᠠᠰᠤ ᠲᠠᠢ ᠪᠣᠯ ᠬᠠᠷᠠᠭᠠᠯᠵᠠᠨ ᠬᠠᠮᠠᠭᠠᠯᠠᠬᠤ ᠬᠥᠮᠥᠨ ᠲᠠᠢ ᠪᠠᠶᠢᠬᠤ ᠬᠡᠷᠡᠭᠲᠡᠢ︶᠂ ᠲᠣᠰ ᠬᠤᠲᠠ ᠳᠤ ᠣᠷᠣᠨ ᠰᠠᠭᠤᠴᠠ ᠦᠭᠡᠢ ︵ᠭᠤᠶᠤᠴᠢᠯᠠᠭᠴᠢ ᠶᠢᠨ ᠨᠡᠷ᠎ᠡ ᠳᠣᠣᠷ᠎ᠠ ᠶᠠᠮᠠᠷ ᠴᠤ ᠬᠡᠯᠪᠡᠷᠢ ᠶᠢᠨ ᠭᠡᠷ ᠬᠥᠷᠥᠩᠭᠡ ᠶᠢᠨ ᠮᠡᠳᠡᠭᠡ ᠵᠠᠩᠭᠢ ᠪᠠᠶᠢᠬᠤ ᠦᠭᠡᠢ︶᠂ ᠭᠡᠷ ᠪᠦᠯᠢ ᠶᠢᠨ ᠬᠥᠮᠥᠨ ᠳᠤᠮᠳᠠᠴᠢ ᠶᠢᠨ ᠰᠠᠷ᠎ᠠ ᠶᠢᠨ ᠣᠷᠣᠯᠭ᠎ᠠ  ᠨᠢ ᠲᠦᠷᠦᠭᠦᠸ ᠵᠢᠯ ᠤᠨ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠪᠠᠷᠢᠮᠵᠢᠶ᠎ᠠ ᠶᠢᠨ 7 ᠳᠠᠬᠢᠨ ᠠᠴᠠ ᠳᠣᠣᠷ᠎ᠠ ᠪᠠᠶᠢᠵᠤ᠂ ᠮᠠᠨ ᠤ ᠬᠤᠲᠠ ᠳᠤ ᠦᠷᠭᠦᠯᠵᠢᠯᠡᠨ ᠬᠤᠶᠠᠷ ᠵᠢᠯ ᠨᠡᠶᠢᠭᠡᠮ ᠤᠨ ᠪᠠᠲᠤᠯᠠᠭ᠎ᠠ ᠪᠤᠶᠤ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠲᠤᠰᠢᠶᠠᠭᠰᠠᠨ ᠪᠠᠶᠢᠬᠤ ᠬᠡᠷᠡᠭᠲᠡᠢ ︵ᠭᠤᠶᠤᠴᠢᠯᠠᠭᠰᠠᠨ ᠡᠳᠦᠷ ᠠᠴᠠ ᠡᠬᠢᠯᠡᠵᠦ ᠪᠣᠳᠣᠨ᠎ᠠ︶᠃      ᠭᠡᠷ ᠲᠦᠷᠢᠶᠡᠰᠦᠯᠡᠬᠦ ᠨᠥᠬᠦᠪᠦᠷᠢ ᠶᠢᠨ ᠪᠠᠷᠢᠮᠵᠢᠶ᠎ᠠ ᠨᠢ᠂ ᠳ᠋ᠣᠺᠲ᠋ᠣᠷᠠᠨᠲ ᠰᠠᠷ᠎ᠠ ᠪᠦᠷᠢ 1000 ᠲᠥᠭᠦᠷᠢᠭ᠂ ᠠᠰᠫᠢᠷᠠᠨᠲ ᠰᠠᠷ᠎ᠠ ᠪᠦᠷᠢ 800 ᠲᠥᠭᠦᠷᠢᠭ᠂ ᠵᠢᠩᠬᠢᠨᠢ ᠠᠩᠭᠢ ᠶᠢᠨ ᠰᠣᠷᠣᠭᠴᠢ ᠰᠠᠷ᠎ᠠ ᠪᠦᠷᠢ 500 ᠲᠥᠭᠦᠷᠢᠭ᠂ ᠲᠤᠰᠬᠠᠢ ᠮᠡᠷᠭᠡᠵᠢᠯ ︵ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ︶ ᠤᠨ ᠰᠤᠷᠤᠭᠴᠢ ᠰᠠᠷ᠎ᠠ ᠪᠦᠷᠢ 300 ᠲᠥᠭᠦᠷᠢᠭ᠂ ᠨᠥᠬᠦᠪᠦᠷᠢ ᠥᠭᠬᠦ ᠬᠤᠭᠤᠴᠠᠭ᠎ᠠ ᠶᠢ 24 ᠰᠠᠷ᠎ᠠ ᠠᠴᠠ ᠬᠡᠲᠦᠷᠡᠭᠦᠯᠬᠦ ᠦᠭᠡᠢ᠃ ᠭᠡᠷ ᠪᠠᠶᠢᠰᠢᠩ ᠬᠤᠳᠠᠯᠳᠤᠨ ᠠᠪᠬᠤ ᠨᠥᠬᠦᠪᠦᠷᠢ ᠶᠢᠨ ᠪᠠᠷᠢᠮᠵᠢᠶ᠎ᠠ ᠨᠢ᠂ ᠳ᠋ᠣᠺᠲ᠋ᠣᠷᠠᠨᠲ 10 ᠲᠦᠮᠡᠨ ᠲᠥᠭᠦᠷᠢᠭ᠂ ᠠᠰᠫᠢᠷᠠᠨᠲ 5 5ᠲᠦᠮᠡᠨ ᠲᠥᠭᠦᠷᠢᠭ᠂ ᠵᠢᠩᠬᠢᠨᠢ ᠠᠩᠭᠢ ᠶᠢᠨ ᠰᠣᠷᠣᠭᠴᠢ 3 ᠲᠦᠮᠡᠨ ᠲᠥᠭᠦᠷᠢᠭ᠂ ᠲᠤᠰᠬᠠᠢ ᠮᠡᠷᠭᠡᠵᠢᠯ ︵ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ︶ ᠤᠨ ᠰᠤᠷᠤᠭᠴᠢ 2 ᠲᠦᠮᠡᠨ ᠲᠥᠭᠦᠷᠢᠭ ᠪᠣᠯᠣᠨ᠎ᠠ᠃
 
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号