2024 ᠣᠨ ᠤ ᠬᠤᠲᠣᠩ ᠠᠷᠠᠳ ᠤᠨ ᠲᠣᠭᠤᠷᠢᠭ ᠤᠨ ᠬᠠᠯᠠᠭᠤᠨ ᠰᠡᠳᠬᠢᠯ ᠢᠶᠠᠷ ᠠᠵᠢᠯ ᠣᠯᠭᠤᠯᠲᠠ ᠶᠢ ᠠᠬᠢᠭᠤᠯᠬᠤ ᠲᠤᠬᠠᠢ ᠶᠢᠨ ᠲᠠᠯᠠᠪᠤᠷ ᠤᠨ ᠠᠵᠢᠯᠲᠠᠨ ᠡᠯᠰᠡᠬᠦ ᠬᠤᠷᠠᠯ
ᠨᠡᠶᠢᠲᠡᠯᠡᠭᠰᠡᠨ ᠴᠠᠭ᠄
2024/1/12
     ᠡᠯ᠎ᠡ ᠬᠥᠮᠥᠨ ᠬᠡᠷᠡᠭᠯᠡᠬᠦ ᠨᠢᠭᠡᠴᠢ᠂ ᠥᠷᠭᠡᠨ ᠣᠯᠠᠨ ᠠᠵᠢᠯ ᠡᠷᠢᠭᠰᠡᠳ ᠲᠤ᠄      ᠪᠦᠬᠦ ᠲᠠᠯ᠎ᠠ ᠶᠢᠨ ᠣᠯᠠᠨ ᠨᠡᠶᠢᠲᠡ ᠶᠢᠨ ᠠᠵᠢᠯ ᠣᠯᠭᠤᠯᠲᠠ ᠶᠢ ᠠᠬᠢᠭᠤᠯᠬᠤ ᠳᠤ ᠦᠢᠯᠡᠴᠢᠯᠡᠬᠦ ᠨᠡᠩ ᠴᠢᠨᠠᠷ ᠰᠠᠶᠢᠲᠠᠢ ᠠᠵᠢᠯ ᠣᠯᠭᠤᠯᠲᠠ ᠶᠢ ᠠᠬᠢᠭᠤᠯᠵᠤ᠂ ᠳᠡᠭᠡᠳᠦ ᠰᠤᠷᠭᠠᠭᠤᠯᠢ ᠲᠡᠭᠦᠰᠦᠭᠰᠡᠳ ᠪᠣᠯᠣᠨ ᠡᠯ᠎ᠡ ᠲᠦᠷᠦᠯ ᠤᠨ ᠠᠵᠢᠯ ᠡᠷᠢᠭᠰᠡᠳ ᠲᠤ ᠬᠥᠮᠥᠨ ᠤ ᠬᠦᠴᠦᠨ ᠤ ᠡᠬᠢ ᠪᠠᠶᠠᠯᠢᠭ ᠤᠨ ᠬᠠᠩᠭᠠᠯᠭ᠎ᠠ ᠬᠡᠷᠡᠭᠴᠡᠭᠡ ᠶᠢᠨ ᠲᠠᠪᠴᠠᠩ ᠪᠠᠶᠢᠭᠤᠯᠵᠤ᠂ ᠬᠥᠬᠡᠬᠤᠲᠠ ᠶᠢᠨ ᠬᠤᠲᠣᠩ ᠠᠷᠠᠳ ᠤᠨ ᠲᠣᠭᠤᠷᠢᠭ ᠤᠨ ᠬᠥᠮᠥᠨ ᠤ ᠬᠦᠴᠦᠨ ᠤ ᠡᠬᠢ ᠪᠠᠶᠠᠯᠢᠭ ᠪᠣᠯᠣᠨ ᠨᠡᠶᠢᠭᠡᠮ ᠤᠨ ᠪᠠᠲᠤᠯᠠᠪᠤᠷᠢ ᠶᠢᠨ ᠲᠣᠪᠴᠢᠶ᠎ᠠ ᠠᠴᠠ 2024 ᠣᠨ ᠤ 1 ᠰᠠᠷ᠎ᠠ ᠶᠢᠨ 27 ᠤ ᠡᠳᠦᠷ ᠬᠥᠬᠡᠬᠤᠲᠠ ᠶᠢᠨ ᠬᠤᠲᠣᠩ ᠠᠷᠠᠳ ᠤᠨ ᠲᠣᠭᠤᠷᠢᠭ ᠤᠨ ᠸᠠᠨ ᠳ᠋ᠠ ᠲᠠᠯᠠᠪᠠᠶ ᠶᠢᠨ ᠨᠢᠭᠡᠳᠦᠭᠡᠷ ᠳᠠᠪᠬᠤᠷᠯᠢᠭ ᠤᠨ ᠳᠤᠮᠳᠠ ᠲᠢᠩᠬᠢᠮ ᠳᠤ 2024 ᠣᠨ ᠤ ᠬᠤᠲᠣᠩ ᠠᠷᠠᠳ ᠤᠨ ᠲᠣᠭᠤᠷᠢᠭ ᠤᠨ ᠠᠵᠢᠯ ᠣᠯᠭᠤᠯᠲᠠ ᠶᠢ ᠠᠬᠢᠭᠤᠯᠬᠤ ᠲᠤᠬᠠᠢ ᠶᠢᠨ ᠲᠠᠯᠠᠪᠠᠢ ᠶᠢᠨ ᠠᠵᠢᠯᠲᠠᠨ ᠡᠯᠰᠡᠬᠦ ᠴᠤᠭᠯᠠᠭᠠᠨ ᠤ ᠠᠵᠢᠯᠯᠠᠭ᠎ᠠ ᠥᠷᠨᠢᠭᠦᠯᠵᠦ᠂ ᠡᠯ᠎ᠡ ᠬᠥᠮᠥᠨ ᠬᠡᠷᠡᠭᠯᠡᠬᠦ ᠨᠢᠭᠡᠴᠢ ᠪᠣᠯᠣᠨ ᠥᠷᠭᠡᠨ ᠤᠯᠠᠨ ᠠᠵᠢᠯ ᠡᠷᠢᠭᠰᠡᠳ ᠢ ᠤᠷᠢᠵᠤ ᠣᠷᠣᠯᠴᠠᠭᠤᠯᠬᠤ ᠪᠠᠷ ᠲᠣᠭᠲᠠᠪᠠ᠃ ᠠᠵᠢᠯᠯᠠᠭ᠎ᠠ ᠶᠢᠨ ᠲᠤᠬᠠᠢ ᠪᠣᠳᠠᠲᠠᠢ ᠮᠡᠳᠡᠭᠳᠡᠯ ᠨᠢ ᠳᠣᠣᠷᠠᠬᠢ ᠮᠡᠲᠦ᠄      ᠨᠢᠭᠡ᠂ ᠠᠵᠢᠯᠯᠠᠭ᠎ᠠ ᠶᠢᠨ ᠭᠤᠣᠯ ᠰᠡᠳᠦᠪ      2024 ᠣᠨ ᠤ ᠬᠤᠲᠣᠩ ᠠᠷᠠᠳ ᠤᠨ ᠲᠣᠭᠤᠷᠢᠭ ᠤᠨ ᠬᠠᠯᠠᠭᠤᠨ ᠰᠡᠳᠬᠢᠯ ᠢᠶᠠᠷ ᠠᠵᠢᠯ ᠣᠯᠭᠤᠯᠲᠠ ᠶᠢ ᠠᠬᠢᠭᠤᠯᠬᠤ ᠲᠤᠬᠠᠢ ᠶᠢᠨ ᠲᠠᠯᠠᠪᠤᠷ ᠤᠨ ᠠᠵᠢᠯᠲᠠᠨ ᠡᠯᠰᠡᠬᠦ ᠬᠤᠷᠠᠯ      ᠬᠤᠶᠠᠷ᠂ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ      ᠭᠤᠣᠯᠯᠠᠨ ᠡᠷᠭᠢᠯᠡᠭᠰᠡᠨ ᠨᠢᠭᠡᠴᠢ᠄ ᠬᠥᠬᠡᠬᠤᠲᠠ ᠶᠢᠨ ᠬᠤᠲᠣᠩ ᠠᠷᠠᠳ ᠤᠨ ᠲᠣᠭᠤᠷᠢᠭ ᠤᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ      ᠬᠠᠪᠰᠤᠷᠤᠨ ᠬᠢᠬᠦ ᠨᠢᠭᠡᠴᠢ᠄ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠥᠬᠡᠬᠤᠲᠠ ᠶᠢᠨ ᠬᠤᠲᠣᠩ ᠠᠷᠠᠳ ᠤᠨ ᠲᠣᠭᠤᠷᠢᠭ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ      ᠬᠥᠬᠡᠬᠤᠲᠠ ᠶᠢᠨ ᠬᠤᠲᠣᠩ ᠠᠷᠠᠳ ᠤᠨ ᠲᠣᠭᠤᠷᠢᠭ ᠤᠨ ᠴᠡᠷᠢᠭ ᠠᠴᠠ ᠬᠠᠯᠠᠭᠳᠠᠭᠰᠠᠳ ᠤᠨ ᠶᠠᠪᠤᠳᠠᠯ ᠤᠨ ᠲᠣᠪᠴᠢᠶ᠎ᠠ      ᠡᠪ ᠬᠠᠮᠲᠤ ᠵᠠᠯᠠᠭᠤᠴᠤᠳ ᠤᠨ ᠡᠪᠯᠡᠯ ᠤᠨ ᠬᠥᠬᠡᠬᠤᠲᠠ ᠶᠢᠨ ᠬᠤᠲᠣᠩ ᠠᠷᠠᠳ ᠤᠨ ᠲᠣᠭᠤᠷᠢᠭ ᠤᠨ ᠬᠤᠷᠢᠶ᠎ᠠ      ᠳᠠᠭᠠᠭᠠᠨ ᠭᠦᠢᠴᠡᠳᠬᠡᠬᠦ ᠨᠢᠭᠡᠴᠢ᠄ ᠬᠥᠬᠡᠬᠤᠲᠠ ᠶᠢᠨ ᠬᠤᠲᠣᠩ ᠠᠷᠠᠳ ᠤᠨ ᠲᠣᠭᠤᠷᠢᠭ ᠤᠨ ᠸᠠᠨ ᠳ᠋ᠠ ᠲᠠᠯᠠᠪᠠᠶ ᠶᠢᠨ ᠬᠤᠳᠠᠯᠳᠤᠭᠠᠨ ᠤ ᠬᠠᠮᠢᠶᠠᠷᠤᠯᠲᠠ ᠶᠢᠨ ᠬᠢᠵᠠᠭᠠᠷᠲᠤ ᠺᠣᠮᠫᠠᠨᠢ      ᠥᠪᠥᠷ ᠮᠣᠩᠭᠤᠯ ᠤᠨ ᠴᠢ ᠮᠢᠩ ᠰᠢᠨ ᠴᠢᠳᠠᠪᠤᠷᠢᠲᠠᠨ ᠰᠢᠨᠵᠢᠯᠡᠬᠦ ᠤᠬᠠᠭᠠᠨ ᠮᠡᠷᠭᠡᠵᠢᠯ ᠤᠨ ᠬᠥᠭᠵᠢᠯᠲᠡ ᠶᠢᠨ ᠬᠢᠵᠠᠭᠠᠷᠲᠤ ᠺᠣᠮᠫᠠᠨᠢ      ᠭᠤᠷᠪᠠ᠂ ᠠᠵᠢᠯᠯᠠᠭᠠᠨ ᠤ ᠴᠠᠭ ᠵᠢᠴᠢ ᠭᠠᠵᠠᠷ᠄ ᠠᠵᠢᠯᠯᠠᠭᠠᠨ ᠤ ᠴᠠᠭ᠄ 2024 ᠣᠨ ᠤ 1 ᠳ᠋ᠦ᠋ᠭᠡᠷ ᠰᠠᠷ᠎ᠠ ᠶᠢᠨ 27 ᠤ ᠡᠳᠦᠷ ︵ᠭᠠᠷᠠᠭ ᠤᠨ ᠵᠢᠷᠭᠤᠭᠠᠨ︶ ᠤᠨ 14᠄ 00 ︱ 18᠄ 00      ᠠᠵᠢᠯᠯᠠᠭ᠎ᠠ ᠶᠢᠨ ᠭᠠᠵᠠᠷ᠄ ᠬᠥᠬᠡᠬᠤᠲᠠ ᠶᠢᠨ ᠬᠤᠲᠣᠩ ᠠᠷᠠᠳ ᠤᠨ ᠲᠣᠭᠤᠷᠢᠭ ᠤᠨ ᠸᠠᠨ ᠳ᠋ᠠ ᠲᠠᠯᠠᠪᠠᠶ ᠶᠢᠨ ᠨᠢᠭᠡᠳᠦᠭᠡᠷ ᠳᠠᠪᠬᠤᠷᠯᠢᠭ ᠤᠨ ᠳᠤᠮᠳᠠ ᠲᠢᠩᠬᠢᠮ      ᠭᠤᠷᠪᠠ᠂ ᠠᠵᠢᠯᠯᠠᠭᠠᠨ ᠤ ᠬᠡᠯᠪᠡᠷᠢ      ᠲᠣᠰ ᠤᠳᠠᠭᠠᠨ ᠤ ᠠᠵᠢᠯᠲᠠᠨ ᠡᠯᠰᠡᠬᠦ ᠴᠤᠭᠯᠠᠭᠠᠨ ᠳᠤ ᠬᠤᠷᠠᠯ ᠳᠤ ᠣᠷᠣᠯᠴᠠᠭᠰᠠᠨ ᠨᠢᠭᠡᠴᠢ ᠳᠤ ᠦᠨ᠎ᠡ ᠲᠥᠯᠥᠪᠦᠷᠢ ᠦᠭᠡᠢ ᠪᠠᠷ ᠰᠢᠷᠡᠭᠡ ᠰᠠᠨᠳᠠᠯᠢ ᠲᠣᠬᠢᠷᠠᠭᠤᠯᠵᠤ᠂ ᠠᠵᠢᠯᠲᠠᠨ ᠡᠯᠰᠡᠬᠦ ᠳᠡᠯᠭᠡᠨ ᠦᠵᠡᠭᠦᠯᠬᠦ ᠲᠣᠮᠣ ᠵᠠᠷ ᠭᠠᠷᠭᠠᠵᠤ᠂ ᠠᠵᠢᠯ ᠡᠷᠢᠭᠰᠡᠳ ᠨᠢ ᠠᠵᠤ ᠠᠬᠤᠶᠢᠯᠠᠯ ᠲᠠᠢ ᠨᠢᠭᠤᠷᠲᠠᠨ ᠶᠠᠷᠢᠯᠴᠠᠵᠤ᠂ ᠠᠵᠤ ᠠᠬᠤᠶᠢᠯᠠᠯ ᠤᠨ ᠠᠵᠢᠯᠲᠠᠨ ᠡᠯᠰᠡᠬᠦ ᠬᠡᠷᠡᠭᠴᠡᠭᠡ ᠪᠠ ᠠᠵᠢᠯ ᠤᠨ ᠪᠠᠶᠢᠷᠢ ᠶᠢᠨ ᠱᠠᠭᠠᠷᠳᠠᠯᠭ᠎ᠠ ᠶᠢ ᠣᠶᠢᠯᠠᠭᠠᠬᠤ ᠶᠢᠨ ᠬᠠᠮᠲᠤ ᠥᠪᠡᠷ ᠤᠨ ᠲᠣᠪᠴᠢ ᠨᠠᠮᠲᠠᠷ ᠢᠶᠠᠨ ᠦᠯᠡᠳᠡᠭᠡᠵᠦ᠂ ᠤᠷᠢᠭᠳᠠᠵᠤ ᠠᠮᠵᠢᠯᠲᠠ ᠣᠯᠬᠤ ᠨᠣᠷᠮ᠎ᠠ ᠶᠢ ᠳᠡᠭᠡᠭᠰᠢᠯᠡᠭᠦᠯᠵᠦ ᠪᠣᠯᠣᠨ᠎ᠠ᠃      ᠳᠥᠷᠪᠡ᠂ ᠦᠢᠯᠡᠴᠢᠯᠡᠬᠦ ᠡᠲᠡᠭᠡᠳ      ︵ᠨᠢᠭᠡ︶ ᠳᠡᠭᠡᠳᠦ ᠰᠤᠷᠭᠠᠭᠤᠯᠢ ᠲᠡᠭᠦᠰᠦᠭᠰᠡᠳ᠂ ᠮᠠᠯᠴᠢᠨ ᠲᠠᠷᠢᠶᠠᠴᠢᠨ ᠬᠦᠴᠦ ᠶᠠᠪᠤᠭᠰᠠᠳ᠂ ᠬᠤᠲᠠ ᠪᠠᠯᠭᠠᠰᠤ ᠶᠢᠨ ᠠᠵᠢᠯ ᠠᠯᠳᠠᠭᠰᠠᠳ᠂ ᠶᠠᠳᠠᠭᠤ ᠠᠴᠠ ᠠᠩᠭᠢᠵᠢᠷᠠᠭᠰᠠᠨ ᠬᠥᠳᠡᠯᠮᠦᠷᠢ ᠬᠦᠴᠦᠨ᠂ ᠴᠡᠷᠢᠭ ᠠᠴᠠ ᠬᠠᠯᠠᠭᠳᠠᠭᠰᠠᠳ ᠵᠡᠷᠭᠡ ᠭᠤᠣᠯᠳᠠᠯᠭ᠎ᠠ ᠲᠠᠢ ᠨᠡᠶᠢᠲᠡ ᠴᠣᠭᠴᠠ ᠵᠢᠴᠢ ᠪᠤᠰᠤᠳ ᠠᠵᠢᠯ ᠡᠷᠢᠬᠦ ᠬᠡᠷᠡᠭᠴᠡᠭᠡ ᠱᠠᠭᠠᠷᠳᠠᠯᠭ᠎ᠠ ᠲᠠᠢ ᠡᠯ᠎ᠡ ᠲᠥᠷᠥᠯ ᠤᠨ ᠬᠥᠮᠥᠰ᠃      ︵ᠬᠤᠶᠠᠷ︶ ᠤᠷᠢᠨ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠲᠠᠢ ᠡᠯ᠎ᠡ ᠲᠥᠷᠥᠯ ᠤᠨ ᠬᠥᠮᠥᠨ ᠬᠡᠷᠡᠭᠯᠡᠬᠦ ᠨᠢᠭᠡᠴᠢ᠃      ᠲᠠᠪᠤ᠂ ᠬᠤᠷᠠᠯ ᠳᠤ ᠣᠷᠣᠯᠴᠠᠬᠤ ᠱᠠᠭᠠᠷᠳᠠᠯᠭ᠎ᠠ ᠵᠢᠴᠢ ᠨᠡᠷ᠎ᠡ ᠮᠡᠳᠡᠭᠦᠯᠬᠦ ᠠᠷᠭ᠎ᠠ ᠬᠡᠯᠪᠡᠷᠢ      ︵ᠨᠢᠭᠡ︶ ᠬᠤᠷᠠᠯ ᠳᠤ ᠣᠷᠣᠯᠴᠠᠭᠰᠠᠨ ᠨᠢᠭᠡᠴᠢ ᠨᠢ ᠡᠵᠡᠩᠨᠡᠯᠲᠡ ᠶᠢᠨ ᠭᠡᠷᠡᠴᠢ ᠦᠨᠡᠮᠯᠡᠯ ᠨᠢ ᠪᠦᠷᠢᠨ ᠭᠦᠢᠴᠡᠳ᠂ ᠦᠢᠯᠡᠳᠪᠦᠷᠢᠯᠡᠯ ᠡᠵᠡᠩᠨᠡᠯᠲᠡ ᠶᠢᠨ ᠪᠠᠶᠢᠳᠠᠯ ᠨᠢ ᠰᠠᠶᠢᠨ ᠪᠠᠶᠢᠵᠤ᠂ ᠤᠯᠤᠰ ᠤᠨ ᠬᠥᠳᠡᠯᠮᠦᠷᠢ ᠶᠢᠨ ᠬᠠᠤᠯᠢ ᠴᠠᠭᠠᠵᠠ ᠬᠠᠤᠯᠢ ᠲᠣᠭᠲᠠᠭᠠᠯ ᠢ ᠵᠢᠷᠤᠮᠯᠠᠨ ᠰᠠᠬᠢᠵᠤ᠂ ᠠᠵᠢᠯᠴᠢᠨ ᠬᠡᠷᠡᠭᠯᠡᠭᠰᠡᠨ ᠮᠠᠭᠤ ᠲᠡᠮᠳᠡᠭᠯᠡᠯ ᠦᠭᠡᠢ ᠪᠠᠶᠢᠬᠤ ᠶᠢᠨ ᠬᠠᠮᠲᠤ ᠲᠣᠰ ᠤᠳᠠᠭᠠᠨ ᠤ ᠤᠷᠢᠨ ᠬᠡᠷᠡᠭᠯᠡᠬᠦ ᠠᠵᠢᠯᠯᠠᠭ᠎ᠠ ᠳᠤ ᠢᠳᠡᠪᠬᠢᠲᠡᠢ ᠬᠠᠮᠵᠢᠯᠴᠠᠨ ᠤᠷᠢᠨ ᠬᠡᠷᠡᠭᠯᠡᠬᠦ ᠠᠵᠢᠯᠯᠠᠭ᠎ᠠ ᠳᠤ ᠬᠡᠷᠡᠭᠰᠡᠬᠦ ᠮᠠᠲ᠋ᠧᠷᠢᠶᠠᠯ ᠢ ᠬᠠᠩᠭᠠᠵᠤ᠂ ᠢᠳᠡᠪᠬᠢᠲᠡᠢ ᠪᠠᠷ ᠨᠡᠷ᠎ᠡ ᠮᠡᠳᠡᠭᠦᠯᠵᠦ ᠬᠤᠷᠠᠯ ᠳᠤ ᠣᠷᠣᠯᠴᠠᠬᠤ ᠬᠡᠷᠡᠭᠲᠡᠢ᠃      ︵ᠬᠤᠶᠠᠷ︶ ᠬᠤᠷᠠᠯ ᠳᠤ ᠣᠷᠣᠯᠴᠠᠭᠰᠠᠨ ᠨᠢᠭᠡᠴᠢ ᠨᠢ ᠬᠠᠮᠢᠶ᠎ᠠ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ ᠤᠨ ᠲᠣᠭᠲᠠᠭᠠᠯ ᠢ ᠵᠢᠷᠤᠮᠯᠠᠬᠤ ᠬᠡᠷᠡᠭᠲᠡᠢ᠃ ᠶᠠᠮᠠᠷᠪᠠ ᠬᠡᠯᠪᠡᠷᠢ ᠪᠠᠷ ᠠᠵᠢᠯ ᠡᠷᠢᠭᠰᠡᠳ ᠠᠴᠠ ᠶᠠᠮᠠᠷ ᠴᠤ ᠰᠦᠢᠳᠬᠡᠯ ᠬᠤᠷᠢᠶᠠᠵᠤ ᠪᠣᠯᠬᠤ ᠦᠭᠡᠢ᠂ ᠦᠵᠡᠭᠦᠯᠦᠯᠭᠡ ᠶᠢᠨ ᠣᠷᠣ ᠶᠢ ᠳᠤᠷ᠎ᠠ ᠪᠠᠷ ᠢᠶᠠᠨ ᠪᠤᠰᠤᠳ ᠲᠤ ᠵᠢᠭᠡᠯᠡᠭᠦᠯᠬᠦ ᠪᠤᠶᠤ ᠪᠤᠰᠤᠳ ᠠᠵᠤ ᠠᠬᠤᠶᠢᠯᠠᠯ ᠲᠠᠢ ᠬᠠᠮᠲᠤᠷᠠᠨ ᠬᠡᠷᠡᠭᠯᠡᠵᠦ ᠪᠣᠯᠬᠤ ᠦᠭᠡᠢ᠃      ︵ᠭᠤᠷᠪᠠ︶ ᠬᠤᠷᠠᠯ ᠳᠤ ᠣᠷᠣᠯᠴᠠᠭᠰᠠᠨ ᠨᠢᠭᠡᠴᠢ ᠪᠠ ᠠᠵᠢᠯ ᠡᠷᠢᠭᠰᠡᠳ ᠬᠤᠷᠠᠯ ᠤᠨ ᠲᠠᠯᠠᠪᠠᠶ ᠶᠢᠨ ᠴᠡᠪᠡᠷ ᠲᠡᠭᠰᠢ ᠪᠠᠶᠢᠬᠤ ᠶᠢ ᠠᠩᠬᠠᠷᠴᠤ᠂ ᠤᠷᠢᠵᠤ ᠬᠡᠷᠡᠭᠯᠡᠭᠰᠡᠨ ᠮᠠᠲ᠋ᠧᠷᠢᠶᠠᠯ᠂ ᠤᠷᠢᠭᠳᠠᠭᠰᠠᠨ ᠲᠣᠪᠴᠢ ᠨᠠᠮᠲᠠᠷ ᠵᠡᠷᠭᠡ ᠪᠢᠴᠢᠭ ᠮᠠᠲ᠋ᠧᠷᠢᠶᠠᠯ ᠢᠶᠠᠨ ᠬᠤᠷᠠᠯ ᠤᠨ ᠲᠠᠯᠠᠪᠠᠶ ᠳᠤ ᠭᠡᠭᠡᠵᠦ ᠪᠣᠯᠬᠤ ᠦᠭᠡᠢ᠃      ︵ᠳᠥᠷᠪᠡ︶ ᠲᠣᠰ ᠤᠳᠠᠭᠠᠨ ᠤ ᠠᠵᠢᠯᠲᠠᠨ ᠡᠯᠰᠡᠬᠦ ᠴᠤᠭᠯᠠᠭᠠᠨ ᠪᠣᠯ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯᠲᠠᠨ ᠡᠯᠰᠡᠬᠦ ᠴᠤᠭᠯᠠᠭᠠᠨ ᠪᠣᠯᠣᠨ᠎ᠠ᠂ ᠠᠵᠤ ᠠᠬᠤᠶᠢᠯᠠᠯ ᠪᠠ ᠠᠵᠢᠯ ᠡᠷᠢᠭᠰᠡᠳ ᠠᠴᠠ ᠶᠠᠮᠠᠷ ᠴᠤ ᠰᠦᠢᠳᠬᠡᠯ ᠬᠤᠷᠢᠶᠠᠬᠤ ᠦᠭᠡᠢ᠃      ︵ᠲᠠᠪᠤ︶ ᠬᠤᠷᠠᠯ ᠳᠤ ᠣᠷᠣᠯᠴᠠᠬᠤ ᠪᠠᠷ ᠨᠡᠷ᠎ᠡ ᠮᠡᠳᠡᠭᠦᠯᠬᠦ ᠠᠰᠠᠭᠤᠨ ᠯᠠᠪᠯᠠᠬᠤ ᠤᠲᠠᠰᠤ᠄ 0471 ︱ 3484038᠂ 15335589473                  ᠬᠥᠬᠡᠬᠤᠲᠠ ᠶᠢᠨ ᠬᠤᠲᠣᠩ ᠠᠷᠠᠳ ᠤᠨ ᠲᠣᠭᠤᠷᠢᠭ ᠤᠨ ᠬᠥᠮᠦᠨ ᠤ ᠬᠦᠴᠦᠨ ᠤ                       ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ                           2024 ᠣᠨ ᠤ 1 ᠰᠠᠷ᠎ᠠ ᠶᠢᠨ 11 ᠤ ᠡᠳᠦᠷ      ᠢᠷᠡᠯᠲᠡ᠄ ᠬᠤᠲᠣᠩ ᠠᠷᠠᠳ ᠤᠨ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠰᠦᠯᠵᠢᠶ᠎ᠡ
 
ᠢᠷᠡᠯᠲᠡ᠄ ᠬᠤᠲᠤᠩ ᠠᠷᠠᠳ ᠤᠨ ᠲᠣᠭᠤᠷᠢᠭ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号