ᠬᠠᠶᠢᠰᠢ ᠵᠠᠮ ᠤᠨ ᠨᠡᠶᠢᠭᠡᠮ ᠲᠣᠭᠤᠷᠢᠭ ᠨᠣᠴᠣᠮᠠᠲᠠᠭᠠᠶ ᠪᠣᠳᠠᠰ ᠢ ᠴᠡᠪᠡᠷᠯᠡᠬᠦ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/1/15
      ᠬᠠᠷᠢᠶᠠᠲᠤ ᠣᠷᠣᠨ ᠤ ᠭᠠᠯ ᠤᠨ ᠭᠠᠮᠰᠢᠭ ᠢ ᠤᠷᠢᠳᠴᠢᠯᠠᠨ ᠰᠡᠷᠭᠡᠶᠢᠯᠡᠬᠦ ᠶᠢ ᠦᠨᠡᠨᠬᠦ ᠴᠢᠩᠭᠠᠳᠬᠠᠵᠤ᠂ ᠨᠣᠴᠣᠮᠠᠲᠠᠭᠠᠶ ᠪᠣᠳᠠᠰ ᠢ ᠢᠯᠭᠠᠷᠠᠭᠤᠯᠬᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠬᠠᠷᠢᠶᠠᠲᠤ ᠣᠷᠣᠨ ᠤ ᠰᠠᠭᠤᠭᠠᠯᠢ ᠠᠷᠠᠳ ᠤᠨ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨᠬᠦ ᠪᠠᠲᠤᠯᠠᠬᠤ ᠶᠢᠨ ᠲᠤᠰᠠᠳᠠ᠃ ᠣᠶᠢᠷ᠎ᠠ ᠳᠤ᠂ ᠬᠠᠶᠢᠰᠢ ᠵᠠᠮ ᠤᠨ ᠨᠡᠶᠢᠭᠡᠮ ᠲᠣᠭᠤᠷᠢᠭ ᠰᠠᠭᠤᠭᠠᠯᠢ ᠠᠷᠠᠳ ᠤᠨ ᠣᠷᠣᠨ ᠰᠠᠭᠤᠴᠠ ᠶᠢᠨ ᠲᠣᠭᠤᠷᠢᠭ ᠤᠨ ᠨᠣᠴᠣᠮᠠᠲᠠᠭᠠᠶ ᠪᠣᠳᠠᠰ ᠢ ᠴᠡᠪᠡᠷᠯᠡᠨ ᠠᠷᠢᠯᠭᠠᠬᠤ ᠤᠬᠠᠭᠤᠯᠭ᠎ᠠ ᠪᠠ ᠴᠡᠭᠴᠡᠯᠡᠨ ᠵᠠᠰᠠᠬᠤ ᠠᠵᠢᠯᠯᠠᠭ᠎ᠠ ᠥᠷᠨᠢᠭᠦᠯᠪᠡ᠃ ᠨᠡᠶᠢᠭᠡᠮ ᠲᠣᠭᠤᠷᠢᠭ ᠤᠨ ᠲᠤᠤᠷᠵᠢᠭᠰᠠᠨ ᠰᠦᠯᠵᠢᠶᠡᠨ ᠤ ᠬᠠᠮᠢᠶᠠᠷᠤᠯᠲᠠ ᠶᠢᠨ ᠠᠵᠢᠯᠲᠠᠨ ᠬᠤᠷᠢᠶᠠᠯᠡᠯ  ᠤᠨ ᠡᠭᠦᠳᠡᠨ ᠳᠣᠲᠣᠷᠠᠬᠢ ᠣᠪᠣᠭᠠᠯᠠᠨ ᠲᠠᠯᠪᠢᠭᠰᠠᠨ ᠪᠣᠳᠠᠰ᠂ ᠭᠡᠷ ᠤᠨ ᠠᠷᠤ ᠥᠪᠥᠷ ᠤᠨ ᠣᠪᠣᠭᠠᠯᠠᠨ ᠲᠠᠯᠪᠢᠭᠰᠠᠨ ᠪᠣᠳᠠᠰ᠂ ᠨᠣᠴᠣᠮᠠᠲᠠᠭᠠᠶ ᠪᠣᠳᠠᠰ ᠲᠤ ᠴᠢᠭᠯᠡᠭᠦᠯᠦᠨ᠂ ᠰᠠᠭᠤᠭᠠᠯᠢ ᠠᠷᠠᠳ ᠤᠨ ᠣᠪᠣᠭᠠᠯᠠᠨ ᠲᠠᠯᠪᠢᠭᠰᠠᠨ ᠬᠠᠶᠠᠭᠳᠠᠮᠠᠯ ᠬᠠᠭᠤᠴᠢᠨ ᠪᠣᠳᠠᠰ᠂ ᠬᠥᠭᠡᠰᠦᠨ ᠬᠠᠶᠢᠷᠴᠠᠭ᠂ ᠬᠤᠸᠠᠷ ᠤᠨ ᠫᠧᠩᠰᠠ᠂ ᠳᠡᠪᠢᠰᠬᠡᠷ᠂ ᠴᠢᠮᠡᠭᠯᠡᠯ ᠤᠨ ᠮᠠᠲ᠋ᠧᠷᠢᠶᠠᠯ ᠵᠡᠷᠭᠡ ᠶᠢ ᠨᠢᠭᠡᠳ ᠨᠢᠭᠡ ᠪᠠᠷ ᠪᠠᠶᠢᠴᠠᠭᠠᠨ ᠴᠡᠪᠡᠷᠯᠡᠨ᠎ᠡ᠃
     ᠴᠡᠪᠡᠷᠯᠡᠬᠦ ᠠᠵᠢᠯ ᠤᠨ ᠳᠤᠮᠳᠠ᠂ ᠨᠡᠶᠢᠭᠡᠮ ᠲᠣᠭᠤᠷᠢᠭ ᠤᠨ ᠬᠢᠨ ᠪᠠᠰᠠ ᠬᠠᠷᠢᠶ᠎ᠠ ᠣᠷᠣᠨ ᠤ ᠪᠠᠨ ᠰᠠᠭᠤᠭᠠᠯᠢ ᠠᠷᠠᠳ ᠲᠤ ᠭᠠᠯ ᠤᠨᠲᠠᠷᠠᠭᠠᠬᠤ ᠠᠮᠤᠷ ᠲᠦᠪᠰᠢᠨ ᠤ ᠶᠡᠷᠦ ᠶᠢᠨ ᠮᠡᠳᠡᠯᠭᠡ ᠶᠢ ᠤᠬᠠᠭᠤᠯᠵᠤ᠂ ᠰᠠᠭᠤᠭᠠᠯᠢ ᠠᠷᠠᠳ ᠲᠤ ᠭᠠᠯ ᠤᠨᠲᠠᠷᠠᠭᠠᠬᠤ ᠵᠠᠮ ᠢ ᠳᠤᠷ᠎ᠠ ᠪᠠᠷ ᠢᠶᠠᠨ ᠡᠵᠡᠯᠡᠨ ᠬᠡᠷᠡᠭᠯᠡᠵᠦ ᠪᠣᠯᠬᠤ ᠦᠭᠡᠢ᠂ ᠠᠮᠤᠷ ᠲᠦᠪᠰᠢᠨ ᠭᠠᠷᠬᠤ ᠡᠭᠦᠳᠡ᠂ ᠠᠰᠠᠷ ᠤᠨ ᠵᠠᠮ ᠢ ᠬᠠᠤᠯᠢ ᠪᠤᠰᠤ ᠪᠠᠷ ᠡᠵᠡᠯᠡᠨ ᠬᠡᠷᠡᠭᠯᠡᠵᠦ ᠪᠣᠯᠬᠤ ᠦᠭᠡᠢ᠂ ᠪᠥᠭᠯᠡᠵᠦ ᠪᠣᠯᠬᠤ ᠦᠭᠡᠢ᠂ ᠭᠠᠯ ᠤᠨᠲᠠᠷᠠᠭᠠᠬᠤ ᠵᠠᠮ ᠪᠠ ᠠᠰᠠᠷ ᠤᠨ ᠵᠠᠮ ᠤᠨ ᠰᠠᠭᠠᠳ ᠦᠭᠡᠢ ᠨᠡᠪᠲᠡᠷᠡᠬᠦ ᠶᠢ ᠤᠬᠠᠮᠰᠠᠷ ᠠᠴᠠ ᠪᠠᠨ ᠪᠠᠲᠤᠯᠠᠬᠤ ᠬᠡᠷᠡᠭᠲᠡᠢ ᠭᠡᠵᠦ ᠰᠠᠨᠠᠭᠤᠯᠤᠭᠰᠠᠨ ᠪᠠᠶᠢᠨ᠎ᠠ᠃ ᠰᠠᠭᠤᠭᠠᠯᠢ ᠠᠷᠠᠳ ᠤᠨ ᠡᠵᠡᠨ ᠬᠥᠮᠥᠨ ᠤ ᠵᠣᠷᠢᠭ ᠰᠠᠨᠠᠭ᠎ᠠ ᠪᠠᠷ ᠥᠪᠡᠷ ᠤᠨ ᠪᠡᠶ᠎ᠡ ᠠᠴᠠ ᠪᠠᠨ ᠡᠬᠢᠯᠡᠨ ᠬᠢᠵᠦ᠂ ᠭᠡᠷ ᠪᠦᠯᠢ ᠠᠴᠠ ᠪᠠᠨ ᠭᠠᠷᠳᠠᠨ᠂ ᠠᠰᠠᠷ ᠤᠨ ᠭᠤᠳᠤᠮᠵᠢ ᠠᠴᠠ ᠡᠬᠢᠯᠡᠨ ᠬᠢᠵᠦ᠂ ᠪᠣᠯᠪᠠᠰᠤᠨ ᠪᠤᠰᠤ ᠠᠵᠢᠯᠯᠠᠭ᠎ᠠ ᠳᠤ ᠬᠠᠷᠢᠯᠴᠠᠨ ᠬᠢᠨᠠᠯᠲᠠ ᠲᠠᠯᠪᠢᠵᠤ᠂ ᠠᠮᠤᠷ ᠲᠦᠪᠰᠢᠨ ᠠᠮᠢᠳᠤᠷᠠᠯ ᠤᠨ ᠣᠷᠴᠢᠨ ᠲᠣᠭᠤᠷᠢᠨ ᠢ ᠴᠢᠷᠮᠠᠶᠢᠨ ᠪᠤᠢ ᠪᠣᠯᠭᠠᠬᠤ ᠶᠢ ᠰᠠᠨᠠᠭᠠᠴᠢᠯᠠᠨ᠎ᠠ᠃      ᠲᠣᠰ ᠤᠳᠠᠭᠠᠨ ᠤ ᠥᠷᠨᠢᠭᠦᠯᠦᠭᠰᠡᠨ ᠨᠣᠴᠣᠮᠠᠲᠠᠭᠠᠶ ᠪᠣᠳᠠᠰ ᠢ ᠴᠡᠪᠡᠷᠯᠡᠬᠦ ᠠᠵᠢᠯᠯᠠᠭ᠎ᠠ ᠪᠠᠷ ᠳᠠᠮᠵᠢᠭᠤᠯᠤᠨ᠂ ᠬᠠᠷᠢᠶᠠᠲᠤ ᠣᠷᠣᠨ ᠤ ᠰᠠᠭᠤᠭᠠᠯᠢ ᠠᠷᠠᠳ ᠤᠨ ᠭᠠᠯ ᠤᠨᠲᠠᠷᠠᠭᠠᠬᠤ ᠠᠮᠤᠷ ᠲᠦᠪᠰᠢᠨ ᠤ ᠦᠵᠡᠯ ᠤᠬᠠᠮᠰᠠᠷ ᠢ ᠦᠨᠡᠨᠬᠦ ᠴᠢᠩᠭᠠᠳᠬᠠᠵᠤ᠂ ᠭᠠᠯ ᠤᠨ ᠭᠠᠮᠰᠢᠭ ᠤᠨ ᠳᠠᠯᠳᠠ ᠬᠡᠮ ᠢ ᠥᠪᠡᠰᠦᠪᠡᠨ ᠪᠠᠶᠢᠴᠠᠭᠠᠬᠤ ᠴᠢᠳᠠᠪᠤᠷᠢ ᠶᠢ ᠳᠡᠭᠡᠭᠰᠢᠯᠡᠭᠦᠯᠦᠨ᠂ ᠨᠣᠴᠣᠮᠠᠲᠠᠭᠠᠶ ᠪᠣᠳᠠᠰ ᠤᠨ ᠭᠠᠯ ᠭᠠᠷᠴᠤ ᠭᠠᠮᠰᠢᠭ ᠡᠭᠦᠰᠬᠡᠬᠦ ᠪᠣᠯᠣᠮᠵᠢ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠪᠠ᠃ ᠲᠠᠷᠠᠭᠠᠴᠢ ᠶᠢᠨ ᠠᠯᠬᠤᠮ ᠳᠤ᠂ ᠬᠠᠶᠢᠰᠢ ᠵᠠᠮ ᠤᠨ ᠨᠡᠶᠢᠭᠡᠮ ᠲᠣᠭᠤᠷᠢᠭ ᠤᠨ ᠬᠢᠨ ᠬᠠᠷᠢᠶᠠᠲᠤ ᠣᠷᠣᠨ ᠤ ᠪᠠᠨ ᠭᠠᠯ ᠤᠨᠲᠠᠷᠠᠭᠠᠬᠤ ᠠᠮᠤᠷ ᠲᠦᠪᠰᠢᠨ ᠤ ᠪᠠᠶᠢᠴᠠᠭᠠᠯᠲᠠ ᠶᠢᠨ ᠠᠵᠢᠯ ᠢ ᠭᠦᠨᠵᠡᠭᠡᠢ ᠥᠷᠨᠢᠭᠦᠯᠵᠦ᠂ ᠠᠵᠢᠯ ᠤᠨ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠤᠨ᠂ ᠠᠵᠢᠯ ᠤᠨ ᠠᠷᠭ᠎ᠠ ᠬᠡᠮᠵᠢᠶ᠎ᠡ ᠪᠠᠨ ᠨᠠᠷᠢᠯᠢᠭᠵᠢᠭᠤᠯᠵᠤ᠂ ᠭᠠᠯ ᠤᠨᠲᠠᠷᠠᠭᠠᠬᠤ ᠠᠮᠤᠷ ᠲᠦᠪᠰᠢᠨ ᠤ ᠣᠷᠴᠢᠨ ᠲᠣᠭᠤᠷᠢᠨ ᠢ ᠬᠦᠴᠦᠯᠡᠨ ᠴᠡᠪᠡᠷᠰᠢᠭᠦᠯᠵᠦ᠂ ᠨᠣᠴᠣᠮᠠᠲᠠᠭᠠᠶ ᠪᠣᠳᠠᠰ ᠢ ᠴᠡᠪᠡᠷᠯᠡᠭᠰᠡᠨ ᠦᠭᠡᠢ ᠠᠴᠠ ᠪᠣᠯᠵᠤ ᠴᠠᠭ ᠲᠤᠬᠠᠢ ᠳᠤᠨᠢ ᠭᠠᠯ ᠤᠨ ᠠᠶᠤᠯ ᠡᠭᠦᠰᠬᠡᠬᠦ ᠲᠦᠭᠰᠢᠭᠦᠷᠢ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠨ᠎ᠠ᠃       ᠢᠷᠡᠯᠲᠡ᠄ ᠬᠤᠳᠤᠩ ᠠᠷᠠᠳ ᠤᠨ ᠲᠤᠭᠤᠷᠢᠭ ᠤᠨ ᠵᠠᠰᠠᠭ ᠤᠨ ᠣᠷᠳᠣᠨ ᠤ ᠠᠯᠪᠠᠨ ᠰᠦᠯᠵᠢᠶ᠎ᠡ
 
ᠢᠷᠡᠯᠲᠡ᠄ ᠬᠤᠲᠤᠩ ᠠᠷᠠᠳ ᠤᠨ ᠲᠣᠭᠤᠷᠢᠭ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号