ᠬᠤᠳᠤᠩ ᠠᠷᠠᠳ ᠤᠨ ᠲᠣᠭᠤᠷᠢᠭ ︽ᠳᠥᠷᠪᠡ ᠶᠢ ᠪᠦᠷᠢᠳᠦᠭᠦᠯᠦᠭᠰᠡᠨ︾ ᠰᠢᠯᠢᠳᠡᠭ ᠪᠠᠶᠢᠯᠳᠤᠭᠴᠢᠳ ᠲᠤ ᠭᠠᠪᠢᠶ᠎ᠠ ᠪᠠᠶᠢᠭᠤᠯᠤᠭᠰᠠᠨ ᠪᠠᠶᠠᠷ ᠤᠨ ᠮᠡᠳᠡᠭᠡ ᠬᠦᠷᠭᠡᠪᠡ
ᠨᠡᠶᠢᠲᠡᠯᠡᠭᠰᠡᠨ ᠴᠠᠭ᠄
2024/1/15
      ᠭᠠᠪᠢᠶ᠎ᠠ ᠪᠠᠶᠢᠭᠤᠯᠤᠭᠰᠠᠨ ᠪᠠᠶᠠᠷ ᠢ ᠭᠡᠷ ᠲᠡᠭᠡᠨ ᠬᠦᠷᠭᠡᠵᠦ᠂ ᠴᠡᠷᠢᠭ ᠢᠶᠠᠨ ᠬᠦᠷᠢᠶᠡᠯᠡᠨ ᠴᠡᠷᠢᠭ ᠤᠨ ᠭᠡᠷ ᠪᠦᠯᠢ ᠶᠢ ᠬᠠᠷᠠᠭᠠᠯᠵᠠᠬᠤ ᠨᠢ ᠬᠥᠮᠥᠰ ᠤᠨ ᠰᠡᠳᠬᠢᠯ ᠢ ᠳᠤᠯᠠᠭᠠᠴᠠᠭᠤᠯᠤᠨ᠎ᠠ᠃ ᠣᠶᠢᠷ᠎ᠠ ᠳᠤ᠂ ᠬᠤᠳᠤᠩ ᠠᠷᠠᠳ ᠤᠨ ᠲᠣᠭᠤᠷᠢᠭ ᠤᠨ ᠴᠡᠷᠢᠭ ᠠᠴᠠ ᠬᠠᠯᠠᠭᠳᠠᠭᠰᠠᠳ ᠤᠨ ᠦᠢᠯᠡᠴᠢᠯᠡᠭᠡᠨ ᠤ ᠥᠷᠲᠡᠭᠡ ︽ᠳᠥᠷᠪᠡ ᠶᠢ ᠪᠦᠷᠢᠳᠦᠭᠦᠯᠦᠭᠰᠡᠨ︾ ᠰᠢᠯᠢᠳᠡᠭ ᠪᠠᠶᠢᠯᠳᠤᠭᠴᠢ ᠪᠠ ︽ᠳᠥᠷᠪᠡ ᠶᠢ ᠪᠦᠷᠢᠳᠦᠭᠦᠯᠦᠭᠰᠡᠨ︾ ᠰᠢᠯᠢᠳᠡᠭ ᠴᠠᠭᠳᠠᠭᠠᠨ ᠳᠠᠷᠤᠭ᠎ᠠ ᠶᠢᠨ 2 ᠵᠢᠩᠬᠢᠨᠢ ᠠᠯᠪᠠᠨ ᠤ ᠴᠡᠷᠢᠭ ᠤᠨ ᠭᠡᠷ ᠪᠦᠯᠢ ᠳᠤ ᠭᠠᠪᠢᠶ᠎ᠠ ᠪᠠᠶᠢᠭᠤᠯᠤᠭᠰᠠᠨ ᠪᠠᠶᠠᠷ ᠤᠨ ᠮᠡᠳᠡᠭᠡ ᠬᠦᠷᠭᠡᠵᠦ᠂ ᠴᠡᠷᠢᠭ ᠪᠠ ᠴᠡᠷᠢᠭ ᠤᠨ ᠭᠡᠷ ᠪᠦᠯᠢ ᠳᠤ ᠢᠷᠠᠭᠤ ᠠᠯᠳᠠᠷ ᠢ ᠬᠠᠮᠲᠤ ᠪᠠᠷ ᠡᠳ᠋ᠯᠡᠭᠦᠯᠪᠡ᠃
     ᠬᠤᠳᠤᠩ ᠠᠷᠠᠳ ᠤᠨ ᠲᠣᠭᠤᠷᠢᠭ ᠤᠨ ᠴᠡᠷᠢᠭ ᠠᠴᠠ ᠬᠠᠯᠠᠭᠳᠠᠭᠰᠠᠳ ᠤᠨ ᠦᠢᠯᠡᠴᠢᠯᠡᠭᠡᠨ ᠤ ᠦᠷᠳᠡᠭᠡ ᠶᠢᠨ ᠠᠵᠢᠯᠲᠠᠳ ᠲᠤᠰ ᠲᠤᠰ ᠵᠢᠩᠬᠢᠨᠢ ᠠᠯᠪᠠᠨ ᠤ ᠴᠡᠷᠢᠭ ᠾᠧ ᠶᠠᠩ ᠶᠠᠩ ᠪᠣᠯᠣᠨ ᠺᠦ᠋ ᠴᠤᠤ ᠶᠢᠨ ᠭᠡᠷ ᠲᠤ ᠬᠦᠷᠴᠦ ᠴᠡᠷᠢᠭ ᠤᠨ ᠭᠡᠷ ᠪᠦᠯᠢ ᠶᠢᠨ ᠬᠢᠨ ᠲᠠᠢ ᠰᠡᠳᠬᠢᠯ ᠤᠨ ᠦᠭᠡ ᠪᠠᠨ ᠶᠠᠷᠢᠯᠴᠠᠵᠤ᠂ ᠭᠡᠷ ᠪᠦᠯᠢ ᠶᠢᠨ ᠪᠠᠶᠢᠳᠠᠯ ᠢ ᠨᠠᠷᠢᠨ ᠣᠶᠢᠯᠠᠭᠠᠵᠤ᠂ ᠲᠡᠳᠡᠨ ᠤ ᠬᠦᠰᠡᠯ ᠱᠠᠭᠠᠷᠳᠠᠯᠭ᠎ᠠ ᠶᠢ ᠰᠣᠨᠣᠰᠴᠤ᠂ ᠲᠡᠳᠡᠨ ᠤ ᠴᠡᠷᠢᠭ ᠠᠩᠭᠢ ᠳᠤ ᠰᠢᠯᠢᠳᠡᠭ ᠴᠢᠳᠠᠪᠤᠷᠢᠲᠠᠨ ᠢ ᠬᠥᠮᠥᠵᠢᠭᠦᠯᠦᠨ ᠬᠦᠷᠭᠡᠭᠰᠡᠨ ᠳᠤ ᠲᠠᠯᠠᠷᠬᠠᠵᠤ᠂ ᠭᠡᠷ ᠪᠦᠯᠢ ᠶᠢᠨ ᠬᠢᠨ ᠦᠷᠭᠦᠯᠵᠢᠯᠡᠨ ᠳᠡᠮᠵᠢᠵᠦ᠂ ᠬᠡᠦᠬᠡᠳ ᠤᠨ ᠢᠶᠠᠨ ᠴᠡᠷᠢᠭ ᠠᠩᠭᠢ ᠳᠠᠭᠠᠨ ᠴᠢᠷᠮᠠᠶᠢᠭᠰᠠᠨ ᠳᠡᠭᠡᠷ᠎ᠡ ᠪᠠᠨ ᠴᠢᠷᠮᠠᠶᠢᠵᠤ᠂ ᠲᠠᠬᠢᠨ ᠰᠢᠨ᠎ᠡ ᠭᠠᠪᠢᠶ᠎ᠠ ᠪᠠᠶᠢᠭᠤᠯᠬᠤ ᠶᠢ ᠵᠣᠷᠢᠭᠵᠢᠭᠤᠯᠬᠤ ᠶᠢ ᠬᠦᠰᠡᠪᠡ᠃
     ᠣᠶᠢᠷ᠎ᠠ ᠶᠢᠨ ᠵᠢᠯ ᠠᠴᠠ᠂ ᠬᠤᠳᠤᠩ ᠠᠷᠠᠳ ᠤᠨ ᠲᠣᠭᠤᠷᠢᠭ ᠤᠨ ᠴᠡᠷᠢᠭ ᠤᠨ ᠠᠯᠪᠠᠨ ᠠᠴᠠ ᠪᠠᠭᠤᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ ᠴᠡᠷᠢᠭ ᠤᠨ ᠠᠯᠪᠠᠨ ᠠᠴᠠ ᠪᠠᠭᠤᠭᠰᠠᠳ ᠤᠨ ᠬᠡᠷᠡᠭ ᠶᠠᠪᠤᠳᠠᠯ ᠤᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠴᠡᠷᠢᠭ ᠢᠶᠠᠨ ᠬᠦᠷᠢᠶᠡᠯᠡᠵᠦ ᠴᠡᠷᠢᠭ ᠤᠨ ᠭᠡᠷ ᠪᠦᠯᠢ ᠶᠢ ᠬᠠᠷᠠᠭᠠᠯᠵᠠᠬᠤ ᠡᠯ᠎ᠡ ᠵᠦᠢᠯ ᠤᠨ ᠲᠦᠷᠦ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ ᠲᠡᠭᠦᠯᠳᠡᠷᠵᠢᠭᠦᠯᠵᠦ᠂︽ᠨᠢᠭᠡ ᠬᠥᠮᠥᠨ ᠭᠠᠪᠢᠶ᠎ᠠ ᠪᠠᠶᠢᠭᠤᠯᠵᠤ ᠱᠠᠩᠨᠠᠯ ᠬᠦᠷᠳᠡᠪᠡᠯ᠂ ᠪᠦᠬᠦ ᠭᠡᠷ ᠢᠶᠠᠷ ᠢᠶᠠᠨ ᠥᠩᠭᠡ ᠬᠡᠷᠡᠯ ᠲᠠᠢ︾ ᠠᠭᠤᠷ ᠠᠮᠢᠰᠬᠤᠯ ᠢ ᠪᠦᠬᠦ ᠲᠠᠯ᠎ᠠ ᠪᠠᠷ ᠪᠤᠢ ᠪᠣᠯᠭᠠᠵᠤ᠂ ᠥᠷᠭᠡᠨ ᠤᠯᠠᠨ ᠲᠦᠮᠡᠨ ᠤ ᠤᠯᠤᠰ ᠢᠶᠠᠨ ᠬᠠᠶᠢᠷᠠᠯᠠᠵᠤ ᠴᠡᠷᠢᠭ ᠢᠶᠠᠨ ᠬᠦᠷᠢᠶᠡᠯᠡᠬᠦ ᠬᠠᠯᠠᠭᠤᠨ ᠰᠡᠳᠬᠢᠯᠭᠡ ᠶᠢ ᠬᠥᠭᠵᠢᠭᠡᠵᠡᠢ᠃ ᠳᠠᠷᠠᠭᠠᠴᠢ ᠶᠢᠨ ᠠᠯᠬᠤᠮ ᠳᠤ᠂ ᠬᠤᠳᠤᠩ ᠠᠷᠠᠳ ᠤᠨ ᠲᠣᠭᠤᠷᠢᠭ ᠤᠨ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ ᠴᠡᠷᠢᠭ ᠢᠶᠠᠨ ᠬᠦᠷᠢᠶᠡᠯᠡᠨ ᠴᠡᠷᠢᠭ ᠤᠨ ᠭᠡᠷ ᠪᠦᠯᠢ ᠶᠢ ᠬᠠᠷᠠᠭᠠᠯᠵᠠᠬᠤ ᠡᠯ᠎ᠡ ᠵᠦᠢᠯ ᠤᠨ ᠲᠦᠷᠦ ᠶᠢᠨ ᠪᠣᠳᠣᠯᠭ᠎ᠠ ᠶᠢ ᠦᠷᠭᠦᠯᠵᠢᠯᠡᠨ ᠨᠠᠷᠢᠨ ᠨᠢᠮᠪᠠᠢ ᠨᠠᠶᠢᠳᠠᠪᠤᠷᠢᠵᠢᠭᠤᠯᠵᠤ᠂︽ᠳᠥᠷᠪᠡ ᠶᠢ ᠬᠦᠨᠳᠦᠳᠬᠡᠬᠦ᠂ ᠲᠠᠪᠤ ᠶᠢ ᠬᠠᠯᠠᠮᠵᠢᠯᠠᠬᠤ᠂ ᠵᠢᠷᠭᠤᠭ᠎ᠠ ᠶᠢ ᠵᠠᠪᠠᠯ ᠰᠤᠷᠪᠤᠯᠵᠢᠯᠠᠬᠤ︾ ᠡᠯ᠎ᠡ ᠵᠦᠢᠯ ᠤᠨ ᠱᠠᠭᠠᠷᠳᠠᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠦᠢᠯᠡᠴᠢᠯᠡᠭᠡᠨ ᠤ ᠪᠠᠲᠤᠯᠠᠪᠤᠷᠢ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠨᠡᠩ ᠤᠯᠠᠨ ᠬᠦᠰᠡᠯ ᠵᠣᠷᠢᠯᠲᠠ ᠲᠠᠢ ᠵᠠᠯᠠᠭᠤᠴᠤᠳ ᠤᠨ ᠴᠡᠷᠢᠭ ᠤᠨ ᠬᠤᠸᠠᠷᠠᠨ ᠳᠤ ᠣᠷᠣᠯᠴᠠᠵᠤ ᠭᠠᠪᠢᠶ᠎ᠠ ᠪᠠᠶᠢᠭᠤᠯᠤᠨ ᠦᠢᠯᠡᠰ ᠪᠣᠰᠬᠠᠬᠤ ᠶᠢ ᠵᠣᠷᠢᠭᠵᠢᠭᠤᠯᠵᠤ᠂ ᠤᠯᠤᠰ ᠤᠨ ᠪᠠᠲᠤᠯᠠᠨ ᠬᠠᠮᠠᠭᠠᠯᠠᠯᠲᠠ ᠪᠣᠯᠣᠨ ᠴᠡᠷᠢᠭ ᠠᠩᠭᠢ ᠶᠢᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠳᠤ ᠢᠯᠡᠭᠦᠬᠡᠨ ᠬᠤᠪᠢ ᠨᠡᠮᠡᠷᠢ ᠦᠵᠡᠭᠦᠯᠬᠦ ᠶᠢ ᠵᠣᠷᠢᠭᠵᠢᠭᠤᠯᠤᠨ᠎ᠠ᠃      ᠢᠷᠡᠯᠲᠡ᠄ ᠬᠤᠳᠤᠩ ᠠᠷᠠᠳ ᠤᠨ ᠲᠤᠭᠤᠷᠢᠭ ᠤᠨ ᠵᠠᠰᠠᠭ ᠤᠨ ᠣᠷᠳᠣᠨ ᠤ ᠠᠯᠪᠠᠨ ᠰᠦᠯᠵᠢᠶ᠎ᠡ
 
ᠢᠷᠡᠯᠲᠡ᠄ ᠬᠤᠲᠤᠩ ᠠᠷᠠᠳ ᠤᠨ ᠲᠣᠭᠤᠷᠢᠭ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号