ᠬᠤᠳᠤᠩ ᠠᠷᠠᠳ ᠤᠨ ᠲᠤᠭᠤᠷᠢᠭ ᠤᠨ ᠣᠷᠣᠯᠠᠨ ᠳᠠᠩᠰᠠᠯᠠᠬᠤ ᠪᠠᠶᠢᠭᠤᠯᠤᠮᠵᠢ ᠶᠢᠨ ᠲᠣᠭᠲᠠᠭᠰᠠᠨ ᠬᠤᠭᠤᠴᠠᠭᠠᠨ ᠳᠤ ᠵᠠᠰᠠᠪᠤᠷᠢ ᠣᠷᠣᠭᠤᠯᠬᠤ ᠰᠢᠰᠲ᠋ᠧᠮ ᠤᠨ ᠬᠡᠪ ᠤᠨ ᠪᠤᠰᠤ ᠲᠤᠭ᠎ᠠ ᠪᠠᠷᠢᠮᠲᠠ ᠶᠢᠨ ᠲᠤᠬᠠᠢ ᠠᠯᠪᠠᠨ ᠵᠠᠷ
ᠨᠡᠶᠢᠲᠡᠯᠡᠭᠰᠡᠨ ᠴᠠᠭ᠄
2024/1/15
      ᠥᠪᠥᠷ ᠮᠣᠩᠭᠤᠯ ᠤᠨ ᠶᠤᠸᠠᠨ ᠳ᠋ᠥᠸᠧ ᠳ᠋ᠥᠸᠧ ᠡᠳ᠋ ᠤᠨ ᠶᠠᠪᠤᠳᠠᠯ ᠤᠨ ᠬᠠᠮᠢᠶᠠᠷᠤᠯᠲᠠ ᠶᠢᠨ ᠬᠢᠵᠠᠭᠠᠷᠲᠤ ᠺᠣᠮᠫᠠᠨᠢ᠂ ᠬᠥᠬᠡᠬᠤᠲᠠ ᠶᠢᠨ ᠳ᠋ᠧ ᠰᠢᠶᠠᠩ ᠨᠢᠭᠲᠠᠯᠠᠨ ᠪᠤᠳᠤᠬᠤ ᠦᠢᠯᠡᠴᠢᠯᠡᠭᠡᠨ ᠤ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠵᠢᠶᠠ ᠶᠤᠸᠠᠨ ᠡᠳ᠋ ᠤᠨ ᠶᠠᠪᠤᠳᠠᠯ ᠤᠨ ᠯᠠᠪᠯᠠᠯᠭ᠎ᠠ ᠶᠢᠨ ᠦᠢᠯᠡᠴᠢᠯᠡᠭᠡᠨ ᠤ ᠬᠢᠵᠠᠭᠠᠷᠲᠤ ᠺᠣᠮᠫᠠᠨᠢ ᠳᠤ᠄      ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠢᠭᠲᠠᠯᠠᠨ ᠪᠤᠳᠤᠭᠴᠢ ᠶᠢᠨ ᠬᠠᠤᠯᠢ︾᠂︽ᠣᠷᠣᠯᠠᠨ ᠲᠠᠩᠰᠠ ᠲᠡᠮᠳᠡᠭᠯᠡᠬᠦ ᠬᠠᠮᠢᠶᠠᠷᠤᠯᠲᠠ ᠶᠢᠨ ᠠᠷᠭ᠎ᠠ︾᠂︽ᠨᠢᠭᠲᠠᠯᠠᠨ ᠪᠤᠳᠤᠭᠴᠢ ᠶᠢᠨ ᠰᠠᠭᠤᠷᠢ ᠠᠵᠢᠯ ᠤᠨ ᠵᠢᠷᠤᠮᠵᠢᠯ︾᠂︽ᠨᠢᠭᠲᠠᠯᠠᠨ ᠪᠤᠳᠤᠭᠴᠢ ᠶᠢᠨ ᠲᠠᠩᠰᠠ ᠡᠪᠬᠡᠮᠡᠯ ᠤᠨ ᠬᠠᠮᠢᠶᠠᠷᠤᠯᠲᠠ ᠶᠢᠨ ᠠᠷᠭ᠎ᠠ︾ ᠵᠡᠷᠭᠡ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠦᠨᠳᠦᠰᠦᠯᠡᠨ᠂ ᠣᠷᠣᠯᠠᠨ ᠲᠠᠩᠰᠠ ᠲᠡᠮᠳᠡᠭᠯᠡᠬᠦ ᠪᠠᠶᠢᠭᠤᠯᠤᠮᠵᠢ ᠶᠢᠨ ᠣᠷᠣᠯᠠᠨ ᠲᠠᠩᠰᠠ ᠲᠡᠮᠳᠡᠭᠯᠡᠬᠦ ᠲᠤᠬᠠᠶᠢᠯᠠᠭᠰᠠᠨ ᠠᠵᠢᠯ ᠥᠷᠨᠢᠭᠦᠯᠬᠦ ᠶᠢ ᠦᠨᠡᠨᠬᠦ ᠵᠢᠷᠤᠮᠵᠢᠭᠤᠯᠵᠤ᠂ ᠣᠷᠣᠯᠠᠨ ᠲᠠᠩᠰᠠ ᠲᠡᠮᠳᠡᠭᠯᠡᠬᠦ ᠦᠢᠯᠡᠴᠢᠯᠡᠭᠡᠨ ᠤ ᠶᠠᠰᠤ ᠴᠢᠨᠠᠷ ᠢ ᠪᠠᠲᠤᠯᠠᠨ᠎ᠠ᠃      ᠪᠥᠬᠦ ᠤᠯᠤᠰ ᠤᠨ ᠣᠷᠣᠯᠠᠨ ᠳᠠᠩᠰᠠᠯᠠᠬᠤ ᠪᠠᠶᠢᠭᠤᠯᠤᠮᠵᠢ ᠶᠢᠨ ᠬᠠᠮᠢᠶᠠᠷᠤᠯᠲᠠ ᠶᠢᠨ ᠰᠢᠰᠲ᠋ᠧᠮ ᠤᠨ ᠪᠠᠶᠢᠴᠠᠭᠠᠯᠲᠠ ᠪᠠᠷ ᠳᠡᠮᠵᠢᠨ ᠡᠨᠡ ᠭᠤᠷᠪᠠᠨ ᠺᠣᠮᠫᠠᠨᠢ ᠳᠤ ᠳᠣᠣᠷᠠᠬᠢ ᠮᠡᠲᠦ ᠠᠰᠠᠭᠤᠳᠠᠯ ᠣᠷᠣᠰᠢᠵᠤ ᠪᠣᠶ᠄      ᠥᠪᠥᠷ ᠮᠣᠩᠭᠤᠯ ᠤᠨ ᠶᠤᠸᠠᠨ ᠳ᠋ᠥᠸᠧ ᠳ᠋ᠥᠸᠧ ᠡᠳ᠋ ᠤᠨ ᠶᠠᠪᠤᠳᠠᠯ ᠤᠨ ᠬᠠᠮᠢᠶᠠᠷᠤᠯᠲᠠ ᠶᠢᠨ ᠬᠢᠵᠠᠭᠠᠷᠲᠤ ᠺᠣᠮᠫᠠᠨᠢ᠄      ᠪᠠᠶᠢᠭᠤᠯᠤᠮᠵᠢ ᠶᠢᠨ ᠠᠵᠢᠯ ᠤᠨ ᠬᠠᠷᠢᠭᠤᠴᠠᠯᠭᠠᠲᠠᠨ ᠤ ᠦᠨᠡᠮᠯᠡᠯ ᠤᠨ ᠨᠣᠮᠧᠷ ᠨᠢ ᠬᠤᠭᠤᠰᠤᠨ᠂ ᠪᠠᠶᠢᠭᠤᠯᠤᠮᠵᠢ ᠶᠢᠨ ᠲᠤᠰᠬᠠᠢ ᠠᠵᠢᠯᠲᠠᠨ ᠤ ᠦᠨᠡᠮᠯᠡᠯ ᠤᠨ ᠨᠣᠮᠧᠷ ᠨᠢ ᠬᠤᠭᠤᠰᠤᠨ      ᠬᠥᠬᠡᠬᠤᠲᠠ ᠶᠢᠨ ᠳ᠋ᠧ ᠰᠢᠶᠠᠩ ᠨᠢᠭᠲᠠᠯᠠᠨ ᠪᠣᠳᠣᠭᠴᠢ ᠶᠢᠨ ᠦᠢᠯᠡᠴᠢᠯᠡᠭᠡᠨ ᠤ ᠬᠢᠵᠠᠭᠠᠷᠲᠤ ᠺᠣᠮᠫᠠᠨᠢ᠄      ᠪᠠᠶᠢᠭᠤᠯᠤᠮᠵᠢ ᠶᠢᠨ ᠠᠵᠢᠯᠯᠠᠬᠤ ᠬᠠᠶ᠋ᠢᠭ ᠨᠢ ᠬᠤᠭᠤᠰᠤᠨ᠂ ᠪᠠᠶᠢᠭᠤᠯᠤᠮᠵᠢ ᠶᠢᠨ ᠠᠵᠢᠯ ᠤᠨ ᠬᠠᠷᠢᠭᠤᠴᠠᠯᠭᠠᠲᠠᠨ ᠤ ᠨᠡᠷ᠎ᠡ ᠨᠢ ᠬᠤᠭᠤᠰᠤᠨ᠂ ᠪᠠᠶᠢᠭᠤᠯᠤᠮᠵᠢ ᠶᠢᠨ ᠠᠵᠢᠯ ᠤᠨ ᠬᠠᠷᠢᠭᠤᠴᠠᠯᠭᠠᠲᠠᠨ ᠤ ᠦᠨᠡᠮᠯᠡᠯ ᠤᠨ ᠨᠣᠮᠧᠷ ᠨᠢ ᠬᠤᠭᠤᠰᠤᠨ᠂ ᠪᠠᠶᠢᠭᠤᠯᠤᠮᠵᠢ ᠶᠢᠨ ᠲᠤᠰᠬᠠᠢ ᠠᠵᠢᠯᠲᠠᠨ ᠤ ᠦᠨᠡᠮᠯᠡᠯ ᠤᠨ ᠨᠣᠮᠧᠷ ᠨᠢ ᠬᠤᠭᠤᠰᠤᠨ      ᠥᠪᠥᠷ ᠮᠣᠩᠭᠤᠯ ᠤᠨ ᠵᠢᠶᠠ ᠶᠤᠸᠠᠨ ᠡᠳ᠋ ᠤᠨ ᠶᠠᠪᠤᠳᠠᠯ ᠤᠨ ᠯᠠᠪᠯᠠᠯᠭ᠎ᠠ ᠶᠢᠨ ᠦᠢᠯᠡᠴᠢᠯᠡᠭᠡᠨ ᠤ ᠬᠢᠵᠠᠭᠠᠷᠲᠤ ᠺᠣᠮᠫᠠᠨᠢ᠄      ᠪᠠᠶᠢᠭᠤᠯᠤᠮᠵᠢ ᠶᠢᠨ ᠨᠢᠭᠡᠳᠦᠯᠲᠡᠢ ᠨᠡᠶᠢᠭᠡᠮ ᠤᠨ ᠢᠲᠡᠭᠡᠮᠵᠢ ᠶᠢᠨ ᠺᠣᠳ᠋ ᠨᠢ ᠬᠤᠭᠤᠰᠤᠨ᠂ ᠪᠠᠶᠢᠭᠤᠯᠤᠮᠵᠢ ᠶᠢᠨ ᠪᠠᠶᠢᠭᠤᠯᠤᠭᠳᠠᠭᠰᠠᠨ ᠡᠳᠦᠷ ᠬᠤᠭᠤᠴᠠᠭ᠎ᠠ ᠨᠢ ᠬᠤᠭᠤᠰᠤᠨ᠂ ᠪᠠᠶᠢᠭᠤᠯᠤᠮᠵᠢ ᠶᠢᠨ ᠠᠵᠢᠯᠯᠠᠬᠤ ᠬᠠᠶ᠋ᠢᠭ ᠨᠢ ᠬᠤᠭᠤᠰᠤᠨ᠂ ᠪᠠᠶᠢᠭᠤᠯᠤᠮᠵᠢ ᠶᠢᠨ ᠲᠤᠬᠠᠶᠢᠯᠠᠭᠰᠠᠨ ᠠᠵᠢᠯ ᠤᠨ ᠬᠠᠷᠢᠭᠤᠴᠠᠯᠭᠠᠲᠠᠨ ᠤ ᠨᠡᠷ᠎ᠡ ᠨᠢ ᠬᠤᠭᠤᠰᠤᠨ᠂ ᠪᠠᠶᠢᠭᠤᠯᠤᠮᠵᠢ ᠶᠢᠨ ᠲᠤᠬᠠᠶᠢᠯᠠᠭᠰᠠᠨ ᠠᠵᠢᠯ ᠤᠨ ᠬᠠᠷᠢᠭᠤᠴᠠᠯᠭᠠᠲᠠᠨ ᠤ ᠦᠨᠡᠮᠯᠡᠯ ᠤᠨ ᠨᠣᠮᠧᠷ ᠨᠢ ᠬᠤᠭᠤᠰᠤᠨ᠂ ᠪᠠᠶᠢᠭᠤᠯᠤᠮᠵᠢ ᠶᠢᠨ ᠪᠤᠰᠤᠳ ᠲᠤᠰᠬᠠᠢ ᠲᠤᠰᠢᠶᠠᠯᠲᠤ ᠠᠵᠢᠯᠲᠠᠨ 2 ᠬᠥᠮᠥᠨ ᠠᠴᠠ ᠳᠤᠲᠠᠭᠤ      ᠲᠡᠷᠡᠴᠢᠯᠡᠨ ᠣᠶᠢᠷ᠎ᠠ ᠶᠢᠨ ᠭᠤᠷᠪᠠᠨ ᠵᠢᠯ ᠳᠤ ᠪᠥᠬᠦ ᠤᠯᠤᠰ ᠤᠨ ᠣᠷᠣᠯᠠᠨ ᠳᠠᠩᠰᠠᠯᠠᠬᠤ ᠪᠠᠶᠢᠭᠤᠯᠤᠮᠵᠢ ᠶᠢᠨ ᠬᠠᠮᠢᠶᠠᠷᠤᠯᠲᠠ ᠶᠢᠨ ᠰᠢᠰᠲ᠋ᠧᠮ ᠳᠤ ᠳᠠᠩᠰᠠᠯᠠᠭᠤᠯᠤᠭᠰᠠᠨ ᠦᠭᠡᠢ᠃ ᠳᠡᠭᠡᠷᠡᠬᠢ ᠺᠣᠮᠫᠠᠨᠢ ᠲᠠᠢ ᠣᠯᠠᠨ ᠤᠳᠠᠭ᠎ᠠ ᠬᠠᠷᠢᠯᠴᠠᠬᠤ ᠪᠠᠷ ᠳᠡᠮᠵᠢᠨ᠂ᠥᠪᠥᠷ ᠮᠣᠩᠭᠤᠯ ᠤᠨ ᠶᠤᠸᠠᠨ ᠳ᠋ᠥᠸᠧ ᠳ᠋ᠥᠸᠧ ᠡᠳ᠋ ᠤᠨ ᠶᠠᠪᠤᠳᠠᠯ ᠤᠨ ᠬᠠᠮᠢᠶᠠᠷᠤᠯᠲᠠ ᠶᠢᠨ ᠬᠢᠵᠠᠭᠠᠷᠲᠤ ᠺᠣᠮᠫᠠᠨᠢ᠂ ᠬᠥᠬᠡᠬᠤᠲᠠ ᠶᠢᠨ ᠳ᠋ᠧ ᠰᠢᠶᠠᠩ ᠨᠢᠭᠲᠠᠯᠠᠨ ᠪᠤᠳᠤᠬᠤ ᠦᠢᠯᠡᠴᠢᠯᠡᠭᠡᠨ ᠤ ᠬᠢᠵᠠᠭᠠᠷᠲᠤ ᠺᠣᠮᠫᠠᠨᠢ ᠶᠢᠨ ᠦᠯᠡᠳᠡᠭᠡᠭᠰᠡᠨ ᠬᠠᠷᠢᠯᠴᠠᠬᠤ ᠤᠲᠠᠰᠤ ᠨᠢ ᠴᠥᠮ ᠬᠤᠭᠤᠰᠤᠨ ᠨᠣᠮᠧᠷ ᠪᠠᠶᠢᠪᠠ︔ ᠥᠪᠥᠷ ᠮᠣᠩᠭᠤᠯ ᠤᠨ ᠵᠢᠶᠠ ᠶᠤᠸᠠᠨ ᠤ ᠡᠳ᠋ ᠤᠨ ᠶᠠᠪᠤᠳᠠᠯ ᠤᠨ ᠵᠥᠪᠯᠡᠯᠭᠡ ᠥᠭᠬᠦ ᠦᠢᠯᠡᠴᠢᠯᠡᠭᠡᠨ ᠤ ᠬᠢᠵᠠᠭᠠᠷᠲᠤ ᠺᠣᠮᠫᠠᠨᠢ ᠣᠯᠠᠨ ᠤᠳᠠᠭ᠎ᠠ ᠤᠲᠠᠰᠤ ᠪᠠᠷ ᠶᠠᠷᠢᠯᠴᠠᠭᠰᠠᠨ ᠪᠣᠯᠪᠠᠴᠤ ᠴᠡᠭᠴᠡᠯᠡᠨ ᠥᠭᠡᠷᠡᠴᠢᠯᠡᠭᠰᠡᠨ ᠦᠭᠡᠢ᠃      ᠡᠳᠦᠭᠡ ᠳᠡᠭᠡᠷᠡᠬᠢ ᠺᠣᠮᠫᠠᠨᠢ ᠶᠢ ᠵᠠᠷᠯᠢᠭᠳᠠᠵᠤ ᠪᠠᠶᠢᠭᠠᠳ ᠲᠤᠰ ᠠᠯᠪᠠᠨ ᠵᠠᠷ ᠢ ᠨᠡᠶᠢᠲᠡᠯᠡᠭᠰᠡᠨ ᠡᠳᠦᠷ ᠠᠴᠠ ᠡᠬᠢᠯᠡᠨ ᠲᠠᠪᠤᠨ ᠡᠳᠦᠷ ᠤᠨ ᠳᠣᠲᠣᠷ᠎ᠠ ᠬᠡᠪ ᠤᠨ ᠪᠤᠰᠤ ᠲᠤᠭ᠎ᠠ ᠪᠠᠷᠢᠮᠲᠠ ᠳᠤ ᠵᠠᠰᠠᠪᠤᠷᠢ ᠣᠷᠣᠭᠤᠯᠤᠶ᠎ᠠ᠃ ᠵᠠᠯᠠᠷᠠᠭᠤᠯᠬᠤ ᠶᠢ ᠲᠡᠪᠴᠢᠭᠰᠡᠨ ᠪᠠᠶᠢᠪᠠᠯ᠂ ᠮᠠᠨ ᠤ ᠲᠣᠪᠴᠢᠶ᠎ᠠ ︽ᠣᠷᠣᠯᠠᠨ ᠳᠠᠩᠰᠠᠯᠠᠬᠤ ᠬᠠᠮᠢᠶᠠᠷᠤᠯᠲᠠ ᠶᠢᠨ ᠠᠷᠭ᠎ᠠ︾ ᠵᠡᠷᠭᠡ ᠬᠠᠤᠯᠢ ᠴᠠᠭᠠᠵᠠ᠂ ᠬᠠᠤᠯᠢ ᠲᠣᠭᠲᠠᠭᠠᠯ ᠤᠨ ᠲᠣᠭᠲᠠᠭᠠᠯ ᠢ ᠦᠨᠳᠦᠰᠦᠯᠡᠨ᠂ ᠳᠡᠭᠡᠷ᠎ᠡ ᠳᠤᠷᠠᠳᠤᠭᠰᠠᠨ ᠺᠣᠮᠫᠠᠨᠢ ᠳᠤ ᠭᠤᠣᠯᠳᠠᠯᠭ᠎ᠠ ᠲᠠᠢ ᠠᠩᠬᠠᠷᠬᠤ ᠨᠡᠷᠡᠰ ᠲᠤ ᠣᠷᠣᠭᠤᠯᠬᠤ᠂ ᠵᠠᠰᠠᠭ ᠵᠠᠬᠢᠷᠭᠠᠨ ᠤ ᠰᠢᠳᠬᠡᠯ ᠥᠭᠬᠦ ᠵᠡᠷᠭᠡ ᠠᠷᠭ᠎ᠠ ᠬᠡᠮᠵᠢᠶ᠎ᠡ ᠶᠢ ᠠᠪᠤᠨ᠎ᠠ᠃      ᠣᠨᠴᠠᠭᠠᠶᠢᠯᠠᠨ ᠵᠠᠷᠯᠠᠪᠠ                        ᠬᠤᠳᠤᠩ ᠠᠷᠠᠳ ᠤᠨ ᠲᠤᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ                                2024 ᠣᠨ ᠤ 1 ᠰᠠᠷ᠎ᠠ ᠶᠢᠨ 12 ᠤᠨ ᠡᠳᠦᠷ       ᠢᠷᠡᠯᠲᠡ᠄ ᠬᠤᠳᠤᠩ ᠠᠷᠠᠳ ᠤᠨ ᠲᠤᠭᠤᠷᠢᠭ ᠤᠨ ᠵᠠᠰᠠᠭ ᠤᠨ ᠣᠷᠳᠣᠨ ᠤ ᠠᠯᠪᠠᠨ ᠰᠦᠯᠵᠢᠶ᠎ᠡ
 
ᠢᠷᠡᠯᠲᠡ᠄ ᠬᠤᠲᠤᠩ ᠠᠷᠠᠳ ᠤᠨ ᠲᠣᠭᠤᠷᠢᠭ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号