ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠯ ᠤᠨᠲᠠᠷᠠᠭᠠᠬᠤ ᠠᠮᠤᠷ ᠲᠦᠪᠰᠢᠨ ᠤ ᠭᠤᠣᠯᠳᠠᠯᠭ᠎ᠠ ᠲᠠᠢ ᠨᠢᠭᠡᠴᠢ ᠶᠢ ᠵᠠᠭᠠᠭᠯᠠᠨ ᠲᠣᠭᠲᠠᠭᠠᠬᠤ
ᠨᠡᠶᠢᠲᠡᠯᠡᠭᠰᠡᠨ ᠴᠠᠭ᠄
2024/1/15
      ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠯ ᠤᠨᠲᠠᠷᠠᠭᠠᠬᠤ ᠬᠠᠤᠯᠢ︾︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠯ ᠤᠨᠲᠠᠷᠠᠭᠠᠬᠤ ᠳᠦᠷᠢᠮ︾︽ᠪᠠᠶᠢᠭᠤᠯᠭ᠎ᠠ᠂ ᠪᠦᠯᠬᠦᠮ᠂ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠶᠢᠨ ᠭᠠᠯ ᠤᠨᠲᠠᠷᠠᠭᠠᠬᠤ ᠠᠮᠤᠷ ᠲᠦᠪᠰᠢᠨ ᠤ ᠬᠠᠮᠢᠶᠠᠷᠤᠯᠲᠠ ᠶᠢᠨ ᠲᠣᠭᠲᠠᠭᠠᠯ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠤᠨ ᠲᠣᠭᠲᠠᠭᠠᠯ ᠢ ᠦᠨᠳᠦᠰᠦᠯᠡᠪᠡᠯ᠂ ᠨᠡᠶᠢᠭᠡᠮ ᠤᠨ ᠨᠢᠭᠡᠴᠢ ᠶᠢᠨ ᠭᠠᠯ ᠤᠨᠲᠠᠷᠠᠭᠠᠬᠤ ᠠᠮᠤᠷ ᠲᠦᠪᠰᠢᠨ ᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠱᠠᠭᠠᠷᠳᠠᠵᠤ᠂ ᠡᠳᠦᠭᠡ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠯ ᠤᠨᠲᠠᠷᠠᠭᠠᠬᠤ ᠠᠮᠤᠷ ᠲᠦᠪᠰᠢᠨ ᠤ ᠭᠤᠣᠯᠳᠠᠯᠭ᠎ᠠ ᠲᠠᠢ ᠨᠢᠭᠡᠴᠢ ᠶᠢᠨ ᠵᠠᠭᠠᠭᠯᠠᠨ ᠲᠣᠭᠲᠠᠭᠠᠭᠰᠠᠨ ᠪᠠᠷᠢᠮᠵᠢᠶ᠎ᠠ ᠶᠢ ᠪᠦᠬᠦ ᠨᠡᠶᠢᠭᠡᠮ ᠳᠤ ᠨᠡᠶᠢᠲᠡᠯᠡᠵᠦ᠂ ᠪᠥᠬᠦ ᠲᠤᠭᠤᠷᠢᠭ ᠤᠨ ᠡᠯ᠎ᠡ ᠨᠡᠶᠢᠭᠡᠮ ᠤᠨ ᠨᠢᠭᠡᠴᠢ ᠨᠦᠭᠦᠳ ᠪᠠᠷᠢᠮᠵᠢᠶ᠎ᠠ ᠲᠠᠢ ᠬᠠᠷᠢᠴᠠᠭᠤᠯᠤᠨ᠂ ᠥᠪᠡᠷ ᠢ ᠪᠠᠨ ᠬᠢᠨᠠᠮᠠᠭᠠᠢ ᠪᠠᠶᠢᠴᠠᠭᠠᠵᠤ᠂ ᠵᠠᠭᠠᠭᠯᠠᠨ ᠲᠣᠭᠲᠠᠭᠠᠬᠤ ᠪᠠᠷᠢᠮᠵᠢᠶ᠎ᠠ ᠳᠤ ᠨᠡᠶᠢᠴᠡᠬᠦ ᠨᠢᠭᠡᠴᠢ ᠪᠦᠬᠦᠨ 2024 ᠣᠨ ᠤ 1 ᠳ᠋ᠦ᠋ᠭᠡᠷ ᠰᠠᠷ᠎ᠠ ᠶᠢᠨ 31 ᠤ ᠡᠳᠦᠷ ᠠᠴᠠ ᠡᠮᠦᠨ᠎ᠡ ︽ᠭᠠᠯ ᠤᠨᠲᠠᠷᠠᠭᠠᠬᠤ ᠠᠮᠤᠷ ᠲᠦᠪᠰᠢᠨ ᠤ ᠭᠤᠣᠯᠳᠠᠯᠭ᠎ᠠ ᠲᠠᠢ ᠨᠢᠭᠡᠴᠢ ᠶᠢᠨ ᠭᠤᠶᠤᠴᠢᠯᠠᠨ ᠮᠡᠳᠡᠭᠦᠯᠵᠦ ᠳᠠᠩᠰᠠᠯᠠᠭᠤᠯᠬᠤ ᠬᠦᠰᠦᠨᠦᠭᠲᠦ︾ ᠶᠢ ᠲᠠᠭᠯᠠᠬᠤ ᠶᠢᠨ ᠬᠠᠮᠲᠤ ᠠᠯᠪᠠᠨ ᠲᠠᠮᠠᠭ᠎ᠠ ᠳᠠᠷᠤᠵᠤ᠂ ᠪᠠᠶᠢᠭ᠎ᠠ ᠭᠠᠵᠠᠷ ᠤᠨ ᠢᠶᠠᠨ ᠭᠠᠯ ᠤᠨᠲᠠᠷᠠᠭᠠᠵᠤ ᠠᠪᠤᠷᠠᠨ ᠲᠤᠰᠠᠯᠠᠬᠤ ᠪᠠᠶᠢᠭᠤᠯᠤᠮᠵᠢ ᠳᠤ ᠰᠠᠨᠠᠭᠠᠴᠢᠯᠠᠭ᠎ᠠ ᠠᠴᠠ ᠪᠠᠨ ᠮᠡᠳᠡᠭᠦᠯᠵᠦ ᠳᠠᠩᠰᠠᠯᠠᠭᠤᠯᠬᠤ ᠶᠢᠨ ᠬᠠᠮᠲᠤ ᠴᠢᠩᠭ᠎ᠠ ᠬᠠᠮᠢᠶᠠᠷᠤᠯᠲᠠ ᠶᠢ ᠬᠡᠷᠡᠭᠵᠢᠭᠦᠯᠬᠦ ᠬᠡᠷᠡᠭᠲᠡᠢ᠃      2023 ᠣᠨ ᠳᠤ ᠨᠢᠭᠡᠨᠲᠡ ᠭᠠᠯ ᠤᠨᠲᠠᠷᠠᠭᠠᠬᠤ ᠠᠮᠤᠷ ᠲᠦᠪᠰᠢᠨ ᠤ ᠭᠤᠣᠯᠳᠠᠯᠭ᠎ᠠ ᠲᠠᠢ ᠨᠢᠭᠡᠴᠢ ᠪᠠᠷ ᠮᠡᠳᠡᠭᠦᠯᠦᠨ ᠲᠣᠭᠲᠠᠭᠠᠭᠰᠠᠨ ᠪᠥᠭᠡᠳ ᠣᠲᠣ ᠪᠣᠯᠲᠠᠯ᠎ᠠ ᠨᠢᠭᠡᠴᠢ ᠳᠤᠨᠢ ᠬᠤᠪᠢᠷᠠᠯᠲᠠ ᠭᠠᠷᠤᠭᠰᠠᠨ ᠦᠭᠡᠢ ᠪᠠᠶᠢᠪᠠᠯ᠂ ᠬᠥᠬᠡᠬᠤᠲᠠ ᠶᠢᠨ ᠬᠤᠲᠣᠩ ᠠᠷᠠᠳ ᠤᠨ ᠲᠣᠭᠤᠷᠢᠭ ᠤᠨ 2024 ᠣᠨ ᠤ ᠭᠠᠯ ᠤᠨᠲᠠᠷᠠᠭᠠᠬᠤ ᠠᠮᠤᠷ ᠲᠦᠪᠰᠢᠨ ᠤ ᠭᠤᠣᠯᠳᠠᠯᠭ᠎ᠠ ᠲᠠᠢ ᠨᠢᠭᠡᠴᠢ ᠪᠠᠷ ᠰᠢᠭᠤᠳ ᠲᠣᠭᠲᠠᠭᠠᠵᠤ ᠪᠣᠯᠣᠨ᠎ᠠ᠂ ᠲᠣᠰ ᠤᠳᠠᠭ᠎ᠠ ᠳᠠᠭᠢᠵᠤ ᠭᠤᠶᠤᠴᠢᠯᠠᠨ ᠮᠡᠳᠡᠭᠦᠯᠬᠦ ᠶᠢ ᠳᠠᠭᠢᠵᠤ ᠱᠠᠭᠠᠷᠳᠠᠬᠤ ᠦᠭᠡᠢ︔ ᠲᠣᠬᠢᠷᠠᠭᠤᠯᠤᠭᠰᠠᠨ᠂ ᠡᠮᠬᠢᠯᠡᠨ ᠨᠡᠶᠢᠯᠡᠭᠦᠯᠦᠭᠰᠡᠨ ᠪᠤᠶᠤ ᠤᠰᠠᠳᠤᠭᠰᠠᠨ ᠮᠥᠷᠲᠡᠭᠡᠨ ᠭᠠᠯ ᠤᠨᠲᠠᠷᠠᠭᠠᠵᠤ ᠠᠶᠤᠯ ᠠᠴᠠ ᠬᠠᠮᠠᠭᠠᠯᠠᠬᠤ ᠭᠤᠣᠯᠳᠠᠯᠭ᠎ᠠ ᠲᠠᠢ ᠨᠢᠭᠡᠴᠢ ᠶᠢ ᠵᠠᠭᠠᠭᠯᠠᠨ ᠲᠣᠭᠲᠠᠭᠠᠬᠤ ᠨᠥᠬᠦᠴᠡᠯ ᠲᠤ ᠨᠢᠭᠡᠨᠲᠡ ᠨᠡᠶᠢᠴᠡᠬᠦ ᠦᠭᠡᠢ ᠪᠣᠯᠤᠭᠰᠠᠨ ᠢ ᠨᠢ ᠴᠠᠭ ᠲᠤᠬᠠᠢ ᠲᠤᠨᠢ ᠮᠡᠳᠡᠭᠦᠯᠵᠦ᠂ ᠭᠠᠯ ᠤᠨᠲᠠᠷᠠᠭᠠᠵᠤ ᠠᠪᠤᠷᠠᠨ ᠲᠤᠰᠠᠯᠠᠬᠤ ᠪᠠᠶᠢᠭᠤᠯᠤᠮᠵᠢ ᠠᠴᠠ ᠬᠢᠨᠠᠨ ᠪᠠᠶᠢᠴᠠᠭᠠᠭᠰᠠᠨ ᠤ ᠲᠠᠷᠠᠭ᠎ᠠ ᠭᠤᠣᠯᠳᠠᠯᠭ᠎ᠠ ᠲᠠᠢ ᠨᠢᠭᠡᠴᠢ ᠶᠢᠨ ᠨᠡᠷᠡᠰ ᠤᠨ ᠵᠢᠭᠰᠠᠭᠠᠯᠲᠠ ᠠᠴᠠ ᠲᠣᠬᠢᠷᠠᠭᠤᠯᠤᠨ ᠬᠠᠰᠤᠵᠤ ᠬᠠᠶᠠᠬᠤ ᠬᠡᠷᠡᠭᠲᠡᠢ᠃      ᠬᠦᠯᠢᠶᠡᠨ ᠠᠪᠤᠭᠰᠠᠨ ᠬᠠᠶ᠋ᠢᠭ ᠵᠢᠴᠢ ᠤᠲᠠᠰᠤ      ᠬᠠᠶ᠋ᠢᠭ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠬᠡᠬᠤᠲᠠ ᠶᠢᠨ ᠬᠤᠲᠣᠩ ᠠᠷᠠᠳ ᠤᠨ ᠲᠣᠭᠤᠷᠢᠭ ‍ᠤᠨ‌ᠵᠢᠨ ᠬᠠᠢ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠬᠤᠶᠢᠲᠤ ᠲᠠᠯ᠎ᠠ ᠶᠢᠨ 100 ᠮᠧᠲᠷ ᠤᠨ ᠬᠤᠲᠣᠩ ᠠᠷᠠᠳ ᠤᠨ ᠲᠣᠭᠤᠷᠢᠭ ᠤᠨ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ︔      ᠤᠲᠠᠰᠤ᠄ 0471-5618132      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠯ ᠤᠨᠲᠠᠷᠠᠭᠠᠬᠤ ᠠᠮᠤᠷ ᠲᠦᠪᠰᠢᠨ ᠤ ᠭᠤᠣᠯᠳᠠᠯᠭ᠎ᠠ ᠲᠠᠢ ᠨᠢᠭᠡᠴᠢ ᠶᠢ ᠵᠠᠭᠠᠭᠯᠠᠨ ᠲᠣᠭᠲᠠᠭᠠᠬᠤ  ︵ᠲᠤᠷᠰᠢᠨ ᠬᠡᠷᠡᠭᠵᠢᠭᠦᠯᠬᠦ︶      ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠯ ᠤᠨᠲᠠᠷᠠᠭᠠᠬᠤ ᠬᠠᠤᠯᠢ︾︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠯ ᠤᠨᠲᠠᠷᠠᠭᠠᠬᠤ ᠳᠦᠷᠢᠮ︾︽ᠪᠠᠶᠢᠭᠤᠯᠤᠯᠭ᠎ᠠ᠂ ᠪᠦᠯᠬᠦᠮ᠂ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠶᠢᠨ ᠭᠠᠯ ᠤᠨᠲᠠᠷᠠᠭᠠᠬᠤ ᠠᠮᠤᠷ ᠲᠦᠪᠰᠢᠨ ᠤ ᠬᠠᠮᠢᠶᠠᠷᠤᠯᠲᠠ ᠶᠢᠨ ᠲᠣᠭᠲᠠᠭᠠᠯ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠳᠦᠷᠢᠮ ᠤᠨ ᠲᠣᠭᠲᠠᠭᠠᠯ ᠢ ᠦᠨᠳᠦᠰᠦᠯᠡᠨ᠂ ᠮᠠᠨ ᠤ ᠣᠷᠣᠨ ᠤ ᠪᠣᠳᠠᠲᠠᠢ ᠲᠠᠢ ᠪᠠᠨ ᠤᠶᠠᠯᠳᠤᠭᠤᠯᠤᠨ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠷᠦᠩᠬᠡᠢ ᠠᠩᠭᠢ ᠠᠴᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠯ ᠤᠨᠲᠠᠷᠠᠭᠠᠬᠤ ᠠᠮᠤᠷ ᠲᠦᠪᠰᠢᠨ ᠤ ᠭᠤᠣᠯᠳᠠᠯᠭ᠎ᠠ ᠲᠠᠢ ᠨᠢᠭᠡᠴᠢ ᠶᠢ ᠵᠠᠭᠠᠭᠯᠠᠨ ᠲᠣᠭᠲᠠᠭᠠᠬᠤ ᠪᠠᠷᠢᠮᠵᠢᠶ᠎ᠠ ︵ᠲᠤᠷᠰᠢᠨ ᠬᠡᠷᠡᠭᠵᠢᠭᠦᠯᠬᠦ︶︾ ᠶᠢ ᠲᠣᠭᠲᠠᠭᠠᠪᠠ᠂ ᠡᠳᠦᠭᠡ ᠳᠣᠣᠷᠠᠬᠢ ᠮᠡᠲᠦ ᠲᠣᠭᠲᠠᠭᠠᠪᠠ᠃ ᠨᠢᠭᠡ᠂ ᠭᠠᠯ ᠤᠨᠲᠠᠷᠠᠭᠠᠵᠤ ᠠᠶᠤᠯ ᠠᠴᠠ ᠬᠠᠮᠠᠭᠠᠯᠠᠬᠤ ᠭᠤᠣᠯᠳᠠᠯᠭ᠎ᠠ ᠲᠠᠢ ᠨᠢᠭᠡᠴᠡ ᠶᠢᠨ ᠲᠣᠮᠢᠶᠠᠯᠠᠯ      ︵ᠨᠢᠭᠡ︶ ᠳᠡᠯᠭᠡᠭᠦᠷ ︵ᠵᠠᠬ᠎ᠠ ᠳᠡᠯᠭᠡᠭᠦᠷ︶᠂ ᠵᠣᠴᠢᠳ ᠤᠨ ᠪᠠᠭᠤᠳᠠᠯ ︵ᠬᠤᠭᠤᠯᠠᠨ ᠭᠡᠷ︶᠂ ᠪᠡᠶ᠎ᠡ ᠶᠢᠨ ᠲᠠᠮᠢᠷ ᠤᠨ ᠲᠠᠯᠠᠪᠠᠢ ︵ᠣᠷᠳᠣᠨ︶᠂ ᠬᠤᠷᠠᠯ ᠤᠨ ᠲᠠᠩᠬᠢᠮ      1. ᠪᠠᠷᠢᠯᠭ᠎ᠠ ᠶᠢᠨ ᠲᠠᠯᠠᠪᠠᠶ ᠨᠢ 3000 ᠲᠡᠭᠰᠢ ᠳᠥᠷᠪᠡᠯᠵᠢᠨ ᠮᠧᠲᠷ ︵ᠡᠬᠡ ᠲᠤᠭ᠎ᠠ ᠶᠢ ᠪᠠᠭᠲᠠᠭᠠᠨ᠎ᠠ᠂ ᠳᠣᠷᠣᠭᠰᠢ ᠠᠳᠠᠯᠢ︶ ᠠᠴᠠ ᠳᠡᠭᠡᠭᠰᠢᠬᠢ ᠬᠤᠳᠠᠯᠳᠤᠭᠠᠨ ᠤ ᠲᠠᠯᠠᠪᠤᠷ ︵ᠪᠦᠷᠢᠨ ᠪᠠᠷᠠᠭᠠᠲᠤ ᠳᠡᠯᠭᠡᠭᠦᠷ᠂ ᠵᠢᠵᠢᠭᠯᠡᠨ ᠬᠤᠳᠠᠯᠳᠤᠬᠤ ᠳᠡᠯᠭᠡᠭᠦᠷ᠂ ᠬᠡᠲᠦ ᠳᠡᠯᠭᠡᠭᠦᠷ᠂ ᠲᠤᠰᠬᠠᠢ ᠵᠠᠬ᠎ᠠ ᠳᠡᠯᠭᠡᠭᠦᠷ᠂ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ ᠵᠡᠷᠭᠡ ᠶᠢ ᠪᠠᠭᠲᠠᠭᠠᠨ᠎ᠠ︶᠂ ᠬᠤᠳᠠᠯᠳᠤᠭᠠᠨ ᠤ ᠶᠡᠷᠦᠩᠬᠡᠢ ᠴᠣᠭᠴᠠ ︵ᠵᠢᠵᠢᠭᠯᠡᠨ ᠬᠤᠳᠠᠯᠳᠤᠬᠤ᠂ ᠢᠳᠡᠭᠡᠨ ᠤᠮᠳᠠᠭᠠᠨ᠂ ᠰᠣᠶᠣᠯ ᠴᠡᠩᠭᠡᠯ ᠵᠡᠷᠭᠡ ᠣᠯᠠᠨ ᠵᠦᠢᠯ ᠤᠨ ᠴᠢᠳᠠᠮᠵᠢ ᠶᠢ ᠴᠤᠭᠯᠠᠭᠤᠯᠤᠨ᠎ᠠ︶᠂ ᠢᠳᠡᠭᠡᠨ ᠤᠮᠳᠠᠭᠠᠨ ︵ᠲᠠᠷᠢᠶᠠᠴᠢᠨ ᠠᠶᠢᠯ ᠤᠨ ᠵᠤᠭᠠᠴᠠᠯ︶︔ ᠪᠠᠷᠢᠯᠭ᠎ᠠ ᠶᠢᠨ ᠲᠠᠯᠠᠪᠠᠶ ᠨᠢ 500 ᠲᠡᠭᠰᠢ ᠳᠥᠷᠪᠡᠯᠵᠢᠨ ᠮᠧᠲᠷ ᠠᠴᠠ ᠳᠡᠭᠡᠭᠰᠢᠬᠢ ᠭᠠᠵᠠᠷ ᠳᠣᠣᠷᠠᠬᠢ ᠳᠡᠭᠡᠷ᠎ᠡ ᠳᠤᠷᠠᠳᠤᠭᠰᠠᠨ ᠲᠠᠯᠠᠪᠤᠷ︔      2. ᠵᠣᠴᠢᠨ ᠤ ᠥᠷᠥᠭᠡ ᠶᠢᠨ ᠲᠤᠭ᠎ᠠ ᠨᠢ 100 ᠥᠷᠥᠭᠡ ᠠᠴᠠ ᠳᠡᠭᠡᠭᠰᠢᠬᠢ ᠵᠣᠴᠢᠳ ᠤᠨ ᠪᠠᠭᠤᠳᠠᠯ ︵ᠵᠣᠴᠢᠳ ᠤᠨ ᠪᠠᠭᠤᠳᠠᠯ᠂ ᠬᠤᠭᠤᠯᠠᠨ ᠭᠡᠷ︶ ᠪᠤᠶᠤ ᠶᠡᠷᠦᠩᠬᠡᠢ ᠲᠠᠯᠠᠪᠠᠶ ᠨᠢ 800 ᠲᠡᠭᠰᠢ ᠳᠥᠷᠪᠡᠯᠵᠢᠨ ᠮᠧᠲᠷ ᠠᠴᠠ ᠶᠡᠭᠡ ᠢᠰᠡᠭᠡᠢ ᠮᠣᠩᠭᠤᠯ ᠭᠡᠷ ᠤᠨ ᠵᠣᠴᠢᠳ ᠤᠨ ᠪᠠᠭᠤᠳᠠᠯ ︵ᠵᠢᠭᠤᠯᠴᠢᠯᠠᠯ ᠤᠨ ᠠᠷᠠᠳ ᠤᠨ ᠪᠠᠭᠤᠳᠠᠯ︶︔      3.2000 ᠰᠠᠭᠤᠳᠠᠯ ᠠᠴᠠ ᠳᠡᠭᠡᠭᠰᠢᠬᠢ ᠤᠯᠠᠨ ᠨᠡᠶᠢᠲᠡ ᠶᠢᠨ ᠪᠡᠶ᠎ᠡ ᠶᠢᠨ ᠲᠠᠮᠢᠷ ᠤᠨ ᠲᠠᠯᠠᠪᠤᠷ᠂ ᠪᠡᠶ᠎ᠡ ᠶᠢᠨ ᠲᠠᠮᠢᠷ ᠤᠨ ᠣᠷᠳᠣᠨ᠂ ᠬᠤᠷᠠᠯ ᠤᠨ ᠲᠠᠩᠬᠢᠮ᠂ ᠶᠣᠰᠣᠯᠠᠯ ᠤᠨ ᠲᠠᠩᠬᠢᠮ᠃      ︵ᠬᠤᠶᠠᠷ︶ ᠤᠯᠠᠨ ᠨᠡᠶᠢᠲᠡ ᠶᠢᠨ ᠵᠤᠭ᠎ᠠ ᠴᠡᠩᠭᠡᠯ ᠤᠨ ᠭᠠᠵᠠᠷ      1. ᠪᠠᠷᠢᠯᠭ᠎ᠠ ᠶᠢᠨ ᠲᠠᠯᠠᠪᠠᠶ ᠨᠢ 2500 ᠲᠡᠭᠰᠢ ᠳᠥᠷᠪᠡᠯᠵᠢᠨ ᠮᠧᠲᠷ ᠠᠴᠠ ᠳᠡᠭᠡᠭᠰᠢᠬᠢ ᠡᠵᠡᠩᠨᠡᠯᠲᠡ ᠶᠢᠨ ᠴᠢᠨᠠᠷᠲᠠᠢ ᠭᠡᠷ ᠳᠣᠲᠣᠷᠠᠬᠢ ᠪᠡᠶ᠎ᠡ ᠴᠢᠭᠢᠷᠠᠭᠵᠢᠭᠤᠯᠬᠤ ᠲᠠᠯᠠᠪᠤᠷ ᠭᠠᠵᠠᠷ᠂ ᠴᠢᠴᠢᠭᠦᠷ ᠪᠥᠮᠪᠦᠭᠡ᠂ ᠪᠤᠤᠯᠢᠩ ᠪᠥᠮᠪᠦᠭᠡ᠂ ᠮᠥᠰᠥ ᠲᠡᠰᠢᠬᠦ᠂ ᠴᠠᠰᠤᠨ ᠳᠤ ᠭᠤᠯᠭᠤᠬᠤ ᠵᠡᠷᠭᠡ ᠭᠡᠷ ᠳᠣᠲᠣᠷᠠᠬᠢ ᠮᠥᠰᠥ ᠴᠠᠰᠤᠨ ᠤ ᠠᠵᠢᠯᠯᠠᠭᠠᠨ ᠤ ᠲᠠᠯᠠᠪᠤᠷ ᠭᠠᠵᠠᠷ︔      2. ᠪᠠᠷᠢᠯᠭ᠎ᠠ ᠶᠢᠨ ᠲᠠᠯᠠᠪᠠᠶ ᠨᠢ 500 ᠲᠡᠭᠰᠢ ᠳᠥᠷᠪᠡᠯᠵᠢᠨ ᠮᠧᠲᠷ ᠠᠴᠠ ᠳᠡᠭᠡᠭᠰᠢᠬᠢ ᠬᠥᠯ ᠤᠬᠢᠶᠠᠯᠭ᠎ᠠ᠂ ᠤᠬᠢᠶᠠᠯᠭ᠎ᠠ᠂ ᠰᠢᠲᠠᠷ᠎ᠠ ᠶᠢᠨ ᠫᠠᠢ᠂ ᠴᠠᠢ ᠶᠢᠨ ᠮᠤᠬᠤᠯᠠᠭ᠂ ᠺᠣᠹᠧ ᠶᠢᠨ ᠮᠤᠬᠤᠯᠠᠭ ᠵᠡᠷᠭᠡ ᠭᠡᠷ ᠳᠣᠲᠣᠷᠠᠬᠢ ᠰᠡᠯᠡᠭᠦᠴᠡᠯ ᠤᠨ ᠲᠠᠯᠠᠪᠤᠷ︔      3. ᠪᠠᠷᠢᠯᠭ᠎ᠠ ᠶᠢᠨ ᠲᠠᠯᠠᠪᠠᠶ ᠨᠢ 500 ᠲᠡᠭᠰᠢ ᠳᠥᠷᠪᠡᠯᠵᠢᠨ ᠮᠧᠲᠷ ᠠᠴᠠ ᠳᠡᠭᠡᠭᠰᠢᠬᠢ ᠠᠷᠢᠬᠢᠨ ᠪᠠᠭᠠᠷ᠂ ᠺᠠᠷᠠ OK ᠲᠢᠩᠬᠢᠮ᠂ ᠰᠥᠨᠢ ᠶᠢᠨ ᠴᠡᠩᠭᠡᠭᠡᠨ ᠤ ᠭᠠᠵᠠᠷ᠂ ᠪᠥᠵᠢᠭ ᠤᠨ ᠲᠢᠩᠬᠢᠮ᠂ ᠢᠨᠲ᠋ᠧᠷ ᠰᠦᠯᠵᠢᠶᠡᠨ ᠤ ᠰᠦᠯᠵᠢᠶᠡᠨ ᠳᠤ ᠣᠷᠣᠬᠤ ᠦᠢᠯᠡᠴᠢᠯᠡᠭᠡᠨ ᠤ ᠡᠵᠡᠩᠨᠡᠯᠲᠡ ᠶᠢᠨ ᠲᠠᠯᠠᠪᠤᠷ ᠭᠠᠵᠠᠷ᠂ ᠨᠠᠭᠠᠳᠤᠮ ᠲᠣᠭᠯᠠᠭᠠᠮ ᠤᠨ ᠲᠠᠯᠠᠪᠤᠷ ᠭᠠᠵᠠᠷ᠂ ᠨᠢᠭᠤᠴᠠ ᠥᠷᠥᠭᠡ ᠠᠴᠠ ᠳᠤᠲᠠᠭᠠᠬᠤ᠂ ᠵᠦᠴᠦᠭᠡ ᠶᠢᠨ ᠳᠡᠪᠲᠡᠷ ᠤᠨ ᠵᠤᠭ᠎ᠠ ᠴᠡᠩᠭᠡᠯ ᠤᠨ ᠡᠵᠡᠩᠨᠡᠯᠲᠡ ᠶᠢᠨ ᠲᠠᠯᠠᠪᠤᠷ ᠭᠠᠵᠠᠷ᠂ ᠵᠤᠭ᠎ᠠ ᠴᠡᠩᠭᠡᠯ ᠤᠨ ᠴᠢᠳᠠᠮᠵᠢ ᠲᠠᠢ ᠢᠳᠡᠭᠡᠨ ᠤᠮᠳᠠᠭᠠᠨ᠂ ᠴᠠᠢ ᠶᠢᠨ ᠮᠤᠬᠤᠯᠠᠭ᠂ ᠺᠣᠹᠧ ᠶᠢᠨ ᠮᠤᠬᠤᠯᠠᠭ︔      4.ᠪᠠᠷᠢᠯᠭ᠎ᠠ ᠶᠢᠨ ᠲᠡᠯᠡᠪᠡᠢ ᠨᠢ 500 ᠲᠡᠭᠰᠢ ᠳᠥᠷᠪᠡᠯᠵᠢᠨ ᠮᠧᠲᠷ ᠠᠴᠠ ᠳᠡᠭᠡᠭᠰᠢᠬᠢ ᠺᠢᠨᠣ ᠲᠢᠶᠠᠲᠷ᠂ ᠲᠢᠶᠠᠲᠷ᠂ ᠳᠦᠷᠰᠦ ᠰᠢᠩᠭᠡᠭᠡᠯᠲᠡ ᠶᠢᠨ ᠲᠢᠩᠬᠢᠮ ᠵᠡᠷᠭᠡ ᠲᠣᠭᠯᠠᠯᠲᠠ ᠭᠠᠷᠭᠠᠬᠤ᠂ ᠺᠢᠨᠣ ᠭᠠᠷᠭᠠᠬᠤ ᠭᠠᠵᠠᠷ᠃      ︵ᠭᠤᠷᠪᠠ︶ ᠡᠮᠨᠡᠯᠭᠡ ᠶᠢᠨ ᠬᠤᠷᠢᠶ᠎ᠠ᠂ ᠨᠠᠰᠤᠲᠠᠨ ᠢ ᠠᠰᠠᠷᠠᠬᠤ ᠬᠦᠷᠢᠶᠡᠯᠡᠩ᠂ ᠠᠰᠠᠷᠠᠮᠵᠢ ᠶᠢᠨ ᠬᠦᠷᠢᠶᠡᠯᠡᠩ      1.ᠡᠮᠨᠡᠯᠭᠡ ᠳᠤ ᠰᠠᠭᠤᠬᠤ ᠣᠷᠣ ᠨᠢ 50 ᠠᠴᠠ ᠳᠡᠭᠡᠭᠰᠢ ᠪᠠᠶᠢᠬᠤ ᠡᠮᠨᠡᠯᠭᠡ ᠶᠢᠨ ᠬᠤᠷᠢᠶ᠎ᠠ︔      2.ᠨᠠᠰᠤᠲᠠᠨ ᠤ ᠬᠤᠨᠣᠬᠤ ᠣᠷᠣ ᠶᠢ 50 ᠠᠴᠠ ᠳᠡᠭᠡᠭᠰᠢ ᠪᠠᠶᠢᠯᠭᠠᠬᠤ ᠨᠠᠰᠤᠲᠠᠨ ᠢ ᠠᠰᠠᠷᠠᠬᠤ ᠬᠦᠷᠢᠶᠡᠯᠡᠩ᠂ ᠠᠰᠠᠷᠠᠮᠵᠢ ᠶᠢᠨ ᠬᠦᠷᠢᠶᠡᠯᠡᠩ︔      3.ᠬᠤᠨᠤᠭ ᠤᠨ ᠣᠷᠣ ᠨᠢ 30 ᠠᠴᠠ ᠳᠡᠭᠡᠭᠰᠢ ᠰᠠᠷ᠎ᠠ ᠶᠢᠨ ᠬᠡᠦᠬᠡᠳ ᠤᠨ ᠲᠥᠪ ᠵᠡᠷᠭᠡ ᠵᠢᠷᠮᠦᠰᠦᠨ ᠨᠢᠯᠬ᠎ᠠ ᠬᠡᠦᠬᠡᠳ ᠤᠨ ᠦᠢᠯᠡᠴᠢᠯᠡᠭᠡᠨ ᠤ ᠲᠠᠯᠠᠪᠤᠷ ᠲᠤ ᠪᠠᠶᠢᠬᠤ᠃      ︵ᠳᠥᠷᠪᠡ︶ ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠰᠠᠭᠠᠲᠠᠭᠤᠯᠬᠤ ᠭᠠᠵᠠᠷ᠂ ᠬᠡᠦᠬᠡᠳ ᠤᠨ ᠴᠡᠴᠡᠷᠯᠢᠭ᠂ ᠬᠡᠦᠬᠡᠳ ᠤᠨ ᠠᠵᠢᠯᠯᠠᠭᠠᠨ ᠤ ᠲᠠᠯᠠᠪᠤᠷ      1. ᠰᠣᠷᠣᠭᠴᠢ ᠶᠢᠨ ᠪᠠᠶᠢᠷᠢ ᠳᠤ ᠰᠠᠭᠤᠬᠤ ᠣᠷᠣ ᠶᠢ 100   ᠠᠴᠠ ᠳᠡᠭᠡᠭᠰᠢ ᠪᠠᠶᠢᠯᠭᠠᠬᠤ ᠳᠤᠮᠳᠠᠳᠤ᠂ ᠪᠠᠭ᠎ᠠ ᠰᠤᠷᠭᠠᠭᠤᠯᠢ︔      2.ᠲᠣᠮᠣ ᠬᠡᠯᠪᠡᠷᠢ ᠶᠢᠨ ᠬᠡᠦᠬᠡᠳ ᠰᠠᠭᠠᠲᠠᠭᠤᠯᠬᠤ ᠭᠠᠵᠠᠷ᠂ ᠬᠡᠦᠬᠡᠳ ᠤᠨ ᠴᠡᠴᠡᠷᠯᠢᠭ︔      3. ᠪᠠᠷᠢᠯᠭ᠎ᠠ ᠶᠢᠨ ᠲᠠᠯᠠᠪᠠᠶ ᠨᠢ 500 ᠲᠡᠭᠰᠢ ᠳᠥᠷᠪᠡᠯᠵᠢᠨ ᠮᠧᠲᠷ ᠠᠴᠠ ᠳᠡᠭᠡᠭᠰᠢᠬᠢ ᠭᠡᠷ ᠳᠣᠲᠣᠷᠠᠬᠢ ᠬᠡᠦᠬᠡᠳ ᠤᠨ ᠠᠵᠢᠯᠯᠠᠭᠠᠨ ᠤ ᠲᠠᠯᠠᠪᠤᠷ ᠭᠠᠵᠠᠷ᠃      ︵ᠲᠠᠪᠤ︶ ᠲᠦᠷᠦ ᠶᠢᠨ ᠪᠠᠶᠢᠭᠤᠯᠭ᠎ᠠ      1.ᠰᠢᠶᠠᠨ ᠤ ᠱᠠᠲᠤᠨ ᠠᠴᠠ ᠳᠡᠭᠡᠭᠰᠢᠬᠢ ᠨᠠᠮ ᠤᠨ ᠬᠤᠷᠢᠶ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠵᠠᠰᠠᠭ ᠤᠨ ᠣᠷᠳᠣᠨ᠂ ᠤᠯᠤᠰ ᠲᠦᠷᠦ ᠶᠢᠨ ᠵᠥᠪᠯᠡᠯᠭᠡᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠺᠣᠮᠢᠰ︔      2.ᠠᠷᠠᠳ ᠤᠨ ᠪᠠᠶᠢᠴᠠᠭᠠᠬᠤ ᠬᠤᠷᠢᠶ᠎ᠠ᠂ ᠠᠷᠠᠳ ᠤᠨ ᠰᠢᠭᠦᠬᠦ ᠬᠤᠷᠢᠶ᠎ᠠ︔      3.ᠭᠢᠨᠳᠠᠨ᠃      ︵ᠵᠢᠷᠭᠤᠭ᠎ᠠ︶ ᠷᠠᠳᠢᠣ᠋ ᠨᠡᠪᠲᠡᠷᠡᠭᠦᠯᠭᠡ᠂ ᠲᠧᠯᠸᠢᠰ ᠪᠠ ᠰᠢᠤᠳᠠᠨ᠂ ᠮᠡᠳᠡᠭᠡ ᠬᠤᠯᠪᠣᠭᠠᠨ ᠤ ᠵᠠᠩᠭᠢᠯᠠᠭ᠎ᠠ᠂ ᠮᠥᠩᠭᠦᠨ ᠭᠦᠢᠯᠭᠡᠭᠡᠨ ᠤ ᠪᠠᠶᠢᠭᠤᠯᠤᠮᠵᠢ      1.ᠰᠢᠶᠠᠨ ᠤ ᠱᠠᠲᠤᠨ ᠠᠴᠠ ᠳᠡᠭᠡᠭᠰᠢᠬᠢ ᠷᠠᠳᠢᠣ᠋ ᠨᠡᠪᠲᠡᠷᠡᠭᠦᠯᠭᠡ ᠶᠢᠨ ᠬᠤᠷᠢᠶ᠎ᠠ᠂ ᠲᠧᠯᠸᠢᠰ ᠬᠤᠷᠢᠶ᠎ᠠ︔      2.ᠬᠤᠲᠠ ᠪᠠᠯᠭᠠᠰᠤ ᠶᠢᠨ ᠰᠢᠤᠳᠠᠨ ᠪᠠ ᠴᠢᠮᠡᠭᠡ ᠬᠤᠯᠪᠣᠭᠠᠨ ᠤ ᠵᠠᠩᠭᠢᠯᠠᠭ᠎ᠠ ᠶᠢᠨ ᠨᠢᠭᠡᠴᠢ᠂ ᠪᠠᠷᠠᠭ᠎ᠠ ᠶᠢᠨ ᠭᠦᠢᠯᠭᠡᠭᠡᠨ᠂ ᠲᠦᠷᠭᠡᠨ ᠬᠦᠷᠭᠡᠬᠦ ᠺᠣᠮᠫᠠᠨᠢ ᠶᠢᠨ ᠠᠶᠢᠮᠠᠭ ᠬᠤᠳᠠ ᠶᠢᠨ ᠱᠠᠲᠤᠨ ᠤ ᠢᠯᠭᠠᠯᠲᠠ ᠶᠢᠨ ᠲᠥᠪ      3. ᠲᠤᠰᠬᠠᠢ ᠣᠷᠣᠨ ᠬᠤᠲᠠ ᠶᠢᠨ ᠬᠤᠪᠢᠶᠠᠷᠢ ᠪᠠᠩᠬᠢ ᠶᠢᠨ ᠲᠠᠰ ᠠᠴᠠ ᠳᠡᠭᠡᠭᠰᠢᠬᠢ ᠪᠠᠩᠬᠢ ᠪᠤᠶᠤ ᠮᠥᠩᠭᠦᠨ ᠭᠦᠢᠯᠭᠡᠭᠡᠨ ᠤ ᠪᠠᠶᠢᠭᠤᠯᠤᠮᠵᠢ᠃      ︵ᠲᠤᠯᠤᠭ᠎ᠠ︶ ᠠᠶᠠᠨᠴᠢᠳ ᠤᠨ ᠲᠡᠭᠡᠭᠡᠪᠦᠷᠢ ᠶᠢᠨ ᠲᠡᠷᠭᠡᠨ ᠥᠷᠳᠡᠭᠡ᠂ ᠭᠠᠷᠠᠮ᠂ ᠠᠷᠠᠳ ᠤᠨ ᠬᠡᠷᠡᠭᠯᠡᠭᠡᠨ ᠤ ᠨᠢᠰᠬᠡᠯ ᠤᠨ ᠪᠠᠭᠤᠳᠠᠯ      1. ᠲᠡᠷᠭᠡ ᠬᠦᠯᠢᠶᠡᠬᠦ ︵ᠣᠩᠭᠤᠴᠠ︶ ᠲᠢᠩᠬᠢᠮ ᠤᠨ ᠪᠠᠷᠢᠯᠭ᠎ᠠ ᠶᠢᠨ ᠲᠠᠯᠠᠪᠠᠶ ᠨᠢ 1000 ᠲᠡᠭᠰᠢ ᠳᠥᠷᠪᠡᠯᠵᠢᠨ ᠮᠧᠲᠷ ᠠᠴᠠ ᠳᠡᠭᠡᠭᠰᠢᠬᠢ ᠠᠶᠠᠨᠴᠢᠳ ᠤᠨ ᠲᠡᠭᠡᠭᠡᠪᠦᠷᠢ ᠶᠢᠨ ᠲᠡᠷᠭᠡᠨ ᠥᠷᠲᠡᠭᠡ︔      2.ᠠᠷᠠᠳ ᠤᠨ ᠬᠡᠷᠡᠭᠯᠡᠭᠡᠨ ᠤ ᠨᠢᠰᠬᠡᠯ ᠤᠨ ᠪᠠᠭᠤᠳᠠᠯ᠃      ︵ᠨᠠᠢᠮᠠ︶ ᠮᠦᠽᠧᠢ᠂ ᠤᠯᠠᠨ ᠨᠡᠶᠢᠲᠡ ᠶᠢᠨ ᠨᠣᠮ ᠤᠨ ᠰᠠᠩ᠂ ᠰᠣᠶᠣᠯ ᠤᠨ ᠣᠷᠳᠣᠨ᠂ ᠤᠷᠠᠨ ᠵᠢᠷᠤᠭ ᠤᠨ ᠣᠷᠳᠣᠨ᠂ ᠦᠵᠡᠰᠬᠦᠯᠡᠩ ᠤᠨ ᠣᠷᠳᠣᠨ᠂ ᠳᠠᠩᠰᠠ ᠡᠪᠬᠡᠮᠡᠯ ᠤᠨ ᠣᠷᠳᠣᠨ᠂ ᠱᠠᠰᠢᠨ ᠰᠤᠷᠲᠠᠬᠤᠨ ᠤ ᠠᠵᠢᠯᠯᠠᠭᠠᠨ ᠤ ᠲᠠᠯᠠᠪᠤᠷ ᠭᠠᠵᠠᠷ ᠵᠢᠴᠢ ᠭᠠᠯ ᠤᠨ ᠠᠶᠤᠯ ᠤᠨ ᠠᠶᠤᠯᠲᠤ ᠴᠢᠨᠠᠷ ᠪᠦᠬᠦᠢ ᠲᠡᠦᠬᠡ ᠶᠢᠨ ᠳᠤᠷᠠᠰᠬᠠᠯᠲᠤ ᠵᠦᠢᠯ ᠤᠨ ᠬᠠᠮᠠᠭᠠᠯᠠᠯᠲᠠ ᠶᠢᠨ ᠨᠢᠭᠡᠴᠢ      1.ᠪᠠᠷᠢᠯᠭ᠎ᠠ ᠶᠢᠨ ᠲᠡᠯᠡᠪᠡᠢ ᠨᠢ 2000 ᠲᠡᠭᠰᠢ ᠳᠥᠷᠪᠡᠯᠵᠢᠨ ᠮᠧᠲᠷ ᠠᠴᠠ ᠳᠡᠭᠡᠭᠰᠢᠬᠢ ᠮᠦᠽᠧᠢ᠂ ᠤᠯᠡᠠ ᠨᠡᠶᠢᠲᠡ ᠶᠢᠨ ᠨᠣᠮ ᠤᠨ ᠰᠠᠩ᠂ ᠰᠣᠶᠣᠯ ᠤᠨ ᠣᠷᠳᠣᠨ᠂ ᠤᠷᠠᠨ ᠵᠢᠷᠤᠭ ᠤᠨ ᠣᠷᠳᠣᠨ᠂ ᠦᠵᠡᠰᠬᠦᠯᠡᠩ ᠤᠨ ᠣᠷᠳᠣᠨ᠂ ᠲᠡᠩᠰᠠ ᠡᠪᠬᠡᠮᠡᠯ ᠤᠨ ᠣᠷᠳᠣᠨ︔      2.ᠶᠡᠷᠦᠩᠬᠡᠢ ᠪᠠᠷᠢᠯᠭ᠎ᠠ ᠶᠢᠨ ᠲᠠᠯᠠᠪᠠᠢ ᠨᠢ 2500 ᠲᠡᠭᠰᠢ ᠳᠥᠷᠪᠡᠯᠵᠢᠨ ᠮᠧᠲᠷ ᠠᠴᠠ ᠳᠡᠭᠡᠭᠰᠢᠬᠢ ᠱᠠᠰᠢᠨ ᠰᠤᠷᠲᠠᠬᠤᠨ ᠤ ᠠᠵᠢᠯᠯᠠᠭᠠᠨ ᠤ ᠭᠠᠵᠠᠷ︔      3.ᠭᠠᠯ ᠤᠨ ᠠᠶᠤᠯ ᠤᠨ ᠠᠶᠤᠯᠲᠤ ᠴᠢᠨᠠᠷ ᠲᠠᠢ ᠮᠥᠷᠲᠡᠭᠡᠨ ᠤᠯᠠᠨ ᠨᠡᠶᠢᠳᠡ ᠲᠤ ᠨᠡᠭᠡᠭᠡᠯᠲᠡ ᠲᠠᠢ ᠥᠪᠡᠷᠲᠡᠭᠡᠨ ᠵᠠᠰᠠᠬᠤ ᠣᠷᠣᠨ ᠤ ᠱᠠᠲᠤᠨ ᠠᠴᠠ ᠳᠡᠭᠡᠭᠰᠢᠬᠢ ᠲᠡᠦᠬᠡ ᠶᠢᠨ ᠳᠤᠷᠠᠰᠬᠠᠯᠲᠤ ᠵᠦᠢᠯ ᠤᠨ ᠬᠠᠮᠠᠭᠠᠯᠠᠯᠲᠠ ᠶᠢᠨ ᠨᠢᠭᠡᠴᠢ︔      4. 4A ᠲᠠᠰ ᠠᠴᠠ ᠳᠡᠭᠡᠭᠰᠢᠬᠢ ᠪᠠᠷᠢᠯᠭ᠎ᠠ ᠶᠢᠨ ᠭᠠᠯ ᠤᠨ ᠭᠠᠮᠰᠢᠭ ᠤᠨ ᠠᠶᠤᠯᠲᠤ ᠴᠢᠨᠠᠷ ᠲᠠᠢ ᠵᠢᠭᠤᠯᠴᠢᠯᠠᠯ ᠤᠨ ᠦᠵᠡᠮᠵᠢ ᠶᠢᠨ ᠣᠷᠣᠨ᠃      ︵ᠶᠢᠰᠦ︶ ᠴᠠᠬᠢᠯᠭᠠᠨ ᠭᠠᠷᠭᠠᠬᠤ ᠦᠢᠯᠡᠳᠪᠦᠷᠢ ︵ᠥᠷᠲᠡᠭᠡ︶᠂ ᠡᠨᠧᠷᠬ ᠬᠠᠳᠠᠭᠠᠯᠠᠬᠤ ᠴᠠᠬᠢᠯᠭᠠᠨ ᠥᠷᠳᠡᠭᠡ᠂ ᠴᠠᠬᠢᠯᠭᠠᠨ ᠤ ᠲᠣᠣᠷ ᠡᠵᠡᠩᠨᠡᠬᠦ ᠠᠵᠤ ᠠᠬᠤᠶᠢᠯᠠᠯ      1.ᠲᠡᠩ ᠮᠠᠰᠢᠨ ᠤ ᠪᠠᠭᠲᠠᠭᠠᠮᠵᠢ ᠨᠢ 300MW ᠠᠴᠠ ᠳᠡᠭᠡᠭᠰᠢ ᠪᠤᠶᠤ ᠶᠡᠷᠦᠩᠬᠡᠢ ᠮᠠᠰᠢᠨ ᠴᠣᠭᠴᠠᠯᠠᠪᠤᠷᠢ ᠶᠢᠨ ᠪᠠᠭᠲᠠᠭᠠᠮᠵᠢ ᠨᠢ 600MW ᠠᠴᠠ ᠳᠡᠭᠡᠭᠰᠢ ᠪᠠᠶᠢᠳᠠᠭ ᠲᠣᠮᠣ ᠬᠡᠯᠪᠡᠷᠢ ᠶᠢᠨ ᠭᠠᠯ ᠤᠨ ᠬᠦᠴᠦᠨ ᠤ ᠴᠠᠬᠢᠯᠭᠠᠨ ᠦᠢᠯᠡᠳᠪᠦᠷᠢ︔ᠮᠠᠰᠢᠨ ᠴᠣᠭᠴᠠᠯᠠᠪᠤᠷᠢ ᠶᠢᠨ ᠪᠠᠭᠲᠠᠭᠠᠮᠵᠢ ᠨᠢ 300MW ᠠᠴᠠ ᠳᠡᠭᠡᠭᠰᠢ ᠮᠥᠷᠲᠡᠭᠡᠨ ᠤᠰᠤᠨ ᠴᠥᠭᠦᠷᠥᠮ ᠤᠨ ᠶᠡᠷᠦᠩᠬᠡᠢ ᠪᠠᠭᠲᠠᠭᠠᠮᠵᠢ ᠨᠢ 1 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠠᠴᠠ ᠳᠡᠭᠡᠭᠰᠢᠬᠢ ᠤᠰᠤᠨ ᠴᠠᠬᠢᠯᠭᠠᠨ ᠤ ᠵᠠᠩᠭᠢᠯᠠᠭ᠎ᠠ︔      2.ᠴᠢᠳᠠᠯ ᠨᠢ 30MW ᠮᠥᠷᠲᠡᠭᠡᠨ ᠪᠠᠭᠲᠠᠭᠠᠮᠵᠢ ᠨᠢ 30MW·h ᠵᠢᠴᠢ ᠲᠡᠭᠦᠨ ᠠᠴᠠ ᠳᠡᠭᠡᠭᠰᠢᠬᠢ ᠲᠣᠮᠣ ᠬᠡᠯᠪᠡᠷᠢ ᠶᠢᠨ ᠴᠠᠬᠢᠯᠭᠠᠨ ᠬᠢᠮᠢ ᠶᠢᠨ ᠡᠨᠧᠷᠭᠢ ᠬᠠᠳᠠᠭᠠᠯᠠᠬᠤ ᠴᠠᠬᠢᠯᠭᠠᠨ ᠤᠶᠢᠷᠳᠡᠭᠡ︔      3. ᠪᠠᠭᠲᠠᠭᠠᠮᠵᠢ ᠨᠢ 300MW ᠵᠢᠴᠢ ᠲᠡᠭᠦᠨ ᠠᠴᠠ ᠳᠡᠭᠡᠭᠰᠢᠬᠢ ᠰᠠᠯᠬᠢᠨ ᠬᠦᠴᠦᠨ ᠤ ᠴᠠᠬᠢᠯᠭᠠᠨ ᠭᠠᠷᠭᠠᠬᠤ ᠲᠠᠯᠠᠪᠠᠶ ᠪᠣᠯᠣᠨ ᠬᠡᠷᠡᠯ ᠴᠡᠨᠡᠭ ᠤᠨ ᠴᠠᠬᠢᠯᠭᠠᠨ ᠭᠠᠷᠭᠠᠬᠤ ᠥᠷᠲᠡᠭᠡ᠂ ᠤᠰᠤ ᠲᠠᠲᠠᠵᠤ ᠡᠨᠧᠷᠭᠢ ᠬᠠᠳᠠᠭᠠᠯᠠᠬᠤ ᠴᠠᠬᠢᠯᠭᠠᠨ ᠥᠷᠲᠡᠭᠡ᠃      4.ᠣᠨᠴᠠ ᠥᠨᠳᠥᠷ ᠬᠦᠴᠦᠳᠡᠯᠲᠦ ᠬᠦᠴᠦᠳᠡᠯ ᠥᠭᠡᠷᠡᠴᠢᠯᠡᠬᠦ ᠤᠶᠢᠷᠳᠡᠭᠡ︵ᠭᠦᠶᠦᠳᠡᠯ ᠰᠣᠯᠢᠬᠤ ᠤᠶᠢᠷᠳᠡᠭᠡ︶᠂ 500kV ᠬᠦᠴᠦᠳᠡᠯ ᠥᠭᠡᠷᠡᠴᠢᠯᠡᠬᠦ ᠤᠶᠢᠷᠳᠡᠭᠡ᠂ ᠣᠷᠣᠨ ᠪᠦᠰᠡ ᠶᠢᠨ ᠲᠣᠬᠢᠷᠠᠭᠤᠯᠤᠯᠲᠠ ᠶᠢᠨ ᠲᠥᠪ᠃      ︵ᠠᠷᠪᠠ︶ ᠨᠣᠴᠣᠮᠠᠲᠠᠭᠠᠢ ᠳᠡᠯᠪᠡᠷᠡᠮᠡᠲᠡᠭᠡᠢ ᠠᠶᠤᠯᠲᠤ ᠪᠣᠳᠠᠰ ᠢ ᠦᠢᠯᠡᠳᠪᠦᠷᠢᠯᠡᠬᠦ᠂ ᠬᠠᠳᠠᠭᠠᠯᠠᠬᠤ᠂ ᠬᠡᠷᠡᠭᠯᠡᠬᠦ ᠦᠢᠯᠡᠳᠪᠦᠷᠢ᠂ ᠬᠥᠮᠥᠷᠭᠡ᠂ ᠨᠣᠴᠣᠮᠠᠲᠠᠭᠠᠢ ᠳᠡᠯᠪᠡᠷᠡᠮᠡᠲᠡᠭᠡᠢ ᠬᠡᠢ ᠪᠡᠶᠡᠲᠦ ᠪᠠ ᠰᠢᠩᠭᠡᠨ ᠪᠡᠶᠡᠲᠦ ᠶᠢ ᠰᠠᠪᠠᠯᠠᠬᠤ ᠦᠷᠳᠡᠭᠡ᠂ ᠬᠠᠩᠭᠠᠬᠤ ᠦᠷᠳᠡᠭᠡ᠂ ᠳᠠᠷᠤᠯᠲᠠ ᠲᠣᠬᠢᠷᠠᠭᠤᠯᠬᠤ ᠦᠷᠳᠡᠭᠡ      1.ᠶᠡᠷᠦᠩᠬᠡᠢ ᠪᠠᠷᠢᠯᠭ᠎ᠠ ᠶᠢᠨ ᠲᠡᠯᠡᠪᠡᠢ ᠨᠢ 2000 ᠲᠡᠭᠰᠢ ᠳᠥᠷᠪᠡᠯᠵᠢᠨ ᠮᠧᠲᠷ ᠠᠴᠠ ᠳᠡᠭᠡᠭᠰᠢᠬᠢ ᠬᠥᠬᠡ ᠲᠤᠶᠢᠷᠦᠯ ᠤᠨ ᠦᠢᠯᠡᠳᠪᠦᠷᠢ ᠶᠢᠨ ᠭᠡᠷ ᠪᠠᠶᠢᠰᠢᠩ᠂ ᠡᠰᠡᠬᠦᠯ᠎ᠡ ᠶᠡᠷᠦᠩᠬᠡᠢ ᠪᠠᠷᠢᠯᠭ᠎ᠠ ᠶᠢᠨ ᠲᠡᠯᠡᠪᠡᠢ ᠨᠢ 3000 ᠲᠡᠭᠰᠢ ᠳᠥᠷᠪᠡᠯᠵᠢᠨ ᠮᠧᠲᠷ ᠠᠴᠠ ᠳᠡᠭᠡᠭᠰᠢᠬᠢ ᠬᠥᠬᠡᠭᠴᠢᠨ ᠲᠤᠶᠢᠷᠦᠯ ᠤᠨ ᠦᠢᠯᠡᠳᠪᠦᠷᠢ ᠶᠢᠨ ᠭᠡᠷ ᠪᠠᠶᠢᠰᠢᠩ︔      2.ᠨᠣᠴᠣᠮᠠᠲᠠᠭᠠᠢ ᠳᠡᠯᠪᠡᠷᠡᠮᠡᠲᠡᠭᠡᠢ ᠠᠶᠤᠯ ᠲᠠᠢ ᠪᠣᠳᠠᠰ ᠢ ᠬᠠᠳᠠᠭᠠᠯᠠᠬᠤ ᠬᠥᠮᠥᠷᠭᠡ ︵ᠣᠪᠣᠭᠠᠯᠠᠬᠤ ᠲᠠᠯᠠᠪᠤᠷ᠂ ᠰᠠᠪᠠ ᠬᠠᠳᠠᠭᠠᠯᠠᠬᠤ ᠲᠠᠯᠠᠪᠤᠷ︶᠄      ︵1︶ ᠭᠠᠭᠴᠠ ᠰᠠᠭᠤᠳᠠᠯᠲᠤ ᠪᠠᠭᠲᠠᠭᠠᠮᠵᠢ ᠨᠢ 5000 ᠪᠣᠰᠤᠭ᠎ᠠ ᠳᠥᠷᠪᠡᠯᠵᠢᠨ ᠮᠧᠲᠷ ᠠᠴᠠ ᠳᠡᠭᠡᠭᠰᠢ ᠪᠤᠶᠤ ᠶᠡᠷᠦᠩᠬᠡᠢ ᠪᠠᠭᠲᠠᠭᠠᠮᠵᠢ ᠨᠢ 10000 ᠪᠣᠰᠤᠭ᠎ᠠ ᠳᠥᠷᠪᠡᠯᠵᠢᠨ ᠮᠧᠲᠷ ᠠᠴᠠ ᠳᠡᠭᠡᠭᠰᠢ ᠬᠥᠬᠡ ᠬᠥᠬᠡᠭᠴᠢᠨ ᠲᠥᠷᠥᠯ ᠤᠨ ᠬᠠᠳᠠᠭᠠᠯᠠᠬᠤ ᠰᠠᠪᠠ︔      ︵2︶ ᠭᠠᠭᠴᠠ ᠰᠠᠭᠤᠳᠠᠯᠲᠤ ᠪᠠᠭᠲᠠᠭᠠᠮᠵᠢ ᠨᠢ 500 ᠪᠣᠰᠤᠭ᠎ᠠ ᠳᠥᠷᠪᠡᠯᠵᠢᠨ ᠮᠧᠲᠷ ᠠᠴᠠ ᠳᠡᠭᠡᠭᠰᠢ ᠪᠤᠶᠤ ᠶᠡᠷᠦᠩᠬᠡᠢ ᠪᠠᠭᠲᠠᠭᠠᠮᠵᠢ ᠨᠢ 2000 ᠪᠣᠰᠤᠭ᠎ᠠ ᠳᠥᠷᠪᠡᠯᠵᠢᠨ ᠮᠧᠲᠷ ᠠᠴᠠ ᠳᠡᠭᠡᠭᠰᠢ ᠰᠢᠩᠭᠡᠨᠵᠢᠮᠡᠯ ᠨᠡᠭᠦᠷᠦᠭᠴᠢ ︵ᠰᠢᠩᠭᠡᠨᠵᠢᠮᠡᠯ ᠴᠢᠯᠠᠭᠤᠨ ᠲᠣᠰᠣᠨ ᠤ ᠬᠡᠢ ᠪᠠᠭᠲᠠᠨ᠎ᠠ︶ ᠶᠢᠨ ᠬᠠᠳᠠᠭᠠᠯᠠᠮᠵᠢ ᠶᠢᠨ ᠯᠣᠩᠬᠤ︔      ︵3︶ ᠪᠠᠷᠢᠯᠭ᠎ᠠ ᠶᠢᠨ ᠶᠡᠷᠦᠩᠬᠡᠢ ᠲᠠᠯᠠᠪᠠᠢ ᠨᠢ 750 ᠲᠡᠭᠰᠢ ᠳᠥᠷᠪᠡᠯᠵᠢᠨ ᠮᠧᠲᠷ ᠠᠴᠠ ᠳᠡᠭᠡᠭᠰᠢᠬᠢ ᠬᠥᠬᠡ ᠲᠦᠷᠦᠯ ᠤᠨ ᠬᠥᠮᠥᠷᠭᠡ᠂ ᠡᠰᠡᠬᠦᠯ᠎ᠡ ᠪᠠᠷᠢᠯᠭ᠎ᠠ ᠶᠢᠨ ᠶᠡᠷᠦᠩᠬᠡᠢ ᠲᠠᠯᠠᠪᠠᠢ ᠨᠢ 2000 ᠲᠡᠭᠰᠢ ᠳᠥᠷᠪᠡᠯᠵᠢᠨ ᠮᠧᠲᠷ ᠠᠴᠠ ᠳᠡᠭᠡᠭᠰᠢᠬᠢ ᠬᠥᠬᠡᠭᠴᠢᠨ ᠲᠦᠷᠦᠯ ᠤᠨ ᠬᠥᠮᠥᠷᠭᠡ᠃      3.ᠶᠡᠷᠦᠩᠬᠡᠢ ᠪᠠᠭᠲᠠᠭᠠᠮᠵᠢ ᠨᠢ 500 ᠪᠣᠰᠤᠭ᠎ᠠ ᠳᠥᠷᠪᠡᠯᠵᠢᠨ ᠮᠧᠲᠷ ᠠᠴᠠ ᠳᠡᠭᠡᠭᠰᠢᠬᠢ ᠨᠣᠴᠣᠮᠠᠲᠠᠭᠠᠢ ᠲᠡᠰᠦᠷᠡᠮᠡᠲᠡᠭᠡᠢ ᠬᠡᠢ ᠪᠡᠶᠡᠲᠦ ᠪᠣᠯᠣᠨ ᠰᠢᠩᠭᠡᠨ ᠪᠡᠶᠡᠲᠦ ᠶᠢ ᠳᠦᠭᠦᠷᠭᠡᠨ ᠰᠠᠪᠠᠯᠠᠬᠤ ᠦᠷᠳᠡᠭᠡ᠂ ᠬᠠᠩᠭᠠᠬᠤ ᠦᠷᠳᠡᠭᠡ᠂ ᠳᠠᠷᠤᠯᠲᠠ ᠲᠣᠬᠢᠷᠠᠭᠤᠯᠬᠤ ᠦᠷᠳᠡᠭᠡ︔      4. ᠨᠢᠭᠡᠳᠦᠭᠡᠷ ᠳᠡᠰ ᠤᠨ ᠮᠠᠰᠢᠨ ᠲᠡᠷᠭᠡᠨ ᠤ ᠲᠣᠰᠣ ᠨᠡᠮᠡᠬᠦ ᠥᠷᠲᠡᠭᠡ᠂ ᠬᠡᠢ ᠨᠡᠮᠡᠬᠦ ᠥᠷᠲᠡᠭᠡ᠂ ᠤᠰᠤᠲᠥ᠋ᠷᠥᠭᠴᠢ ᠨᠡᠮᠡᠬᠦ ᠥᠷᠲᠡᠭᠡ ᠵᠢᠴᠢ ᠬᠠᠮᠲᠤᠷᠠᠨ ᠪᠠᠶᠢᠭᠤᠯᠬᠤ ᠥᠷᠲᠡᠭᠡ᠂ ᠬᠤᠲᠠ ᠶᠢᠨ ᠪᠠᠶᠢᠭᠤᠯᠤᠭᠰᠠᠨ ᠲᠣᠭᠤᠷᠢᠭ ᠤᠨ ᠬᠡᠪᠴᠢᠶᠡᠨ ᠳᠠᠬᠢ ᠬᠤᠶᠠᠳᠤᠭᠠᠷ ᠳᠡᠰ ᠤᠨ ᠮᠠᠰᠢᠨ ᠲᠡᠷᠭᠡᠨ ᠤ ᠲᠣᠰᠣ ᠨᠡᠮᠡᠬᠦ ᠥᠷᠲᠡᠭᠡ᠂ ᠬᠡᠢ ᠨᠡᠮᠡᠬᠦ ᠥᠷᠲᠡᠭᠡ᠂ ᠤᠰᠤᠲᠥ᠋ᠷᠥᠭᠴᠢ ᠨᠡᠮᠡᠬᠦ ᠥᠷᠲᠡᠭᠡ ᠵᠢᠴᠢ ᠬᠠᠮᠲᠤᠷᠠᠨ ᠪᠠᠶᠢᠭᠤᠯᠬᠤ ᠥᠷᠲᠡᠭᠡ᠃      ︵ᠠᠷᠪᠠᠨ ᠨᠢᠭᠡ︶ ᠬᠥᠳᠡᠯᠮᠦᠷᠢ ᠨᠢᠭᠲᠠᠷᠠᠭᠰᠠᠨ ᠬᠡᠯᠪᠡᠷᠢ ᠶᠢᠨ ᠦᠢᠯᠡᠳᠪᠦᠷᠢᠯᠡᠬᠦ᠂ ᠪᠣᠯᠪᠠᠰᠤᠷᠠᠭᠤᠯᠬᠤ ᠠᠵᠤ ᠠᠬᠤᠶᠢᠯᠠᠯ      ᠲᠠᠯᠠᠪᠠᠶ ᠨᠢ 1500 ᠲᠡᠭᠰᠢ ᠳᠥᠷᠪᠡᠯᠵᠢᠨ ᠮᠧᠲᠷ ᠠᠴᠠ ᠳᠡᠭᠡᠭᠰᠢ ᠪᠤᠶᠤ ᠶᠡᠷᠦᠩᠬᠡᠢ ᠪᠠᠷᠢᠯᠭ᠎ᠠ ᠶᠢᠨ ᠲᠠᠯᠠᠪᠠᠶ  ᠨᠢ 3000 ᠲᠡᠭᠰᠢ ᠳᠥᠷᠪᠡᠯᠵᠢᠨ ᠮᠧᠲᠷ ᠠᠴᠠ ᠳᠡᠭᠡᠭᠰᠢ ᠪᠥᠭᠡᠳ ᠠᠳᠠᠯᠢ ᠨᠢᠭᠡᠨ ᠠᠵᠢᠯᠯᠠᠬᠤ ᠴᠠᠭ ᠲᠤ ᠦᠢᠯᠡᠳᠪᠦᠷᠢᠯᠡᠭᠰᠡᠨ ᠬᠥᠮᠥᠨ ᠤ ᠲᠤᠭ᠎ᠠ ᠨᠢ 100 ᠬᠥᠮᠥᠨ ᠠᠴᠠ ᠳᠠᠪᠠᠭᠰᠠᠨ ᠱᠠᠬᠠᠢ᠂ ᠪᠢᠷ᠂ ᠬᠤᠪᠴᠠᠰᠤ᠂ ᠨᠠᠭᠠᠳᠤᠮ ᠤᠨ ᠵᠦᠢᠯ᠂ ᠨᠣᠴᠣᠭᠠᠭᠤᠷ᠂ ᠨᠢᠳᠦᠨ ᠰᠢᠯ᠂ ᠬᠡᠪᠯᠡᠯ᠂ ᠡᠯᠧᠺᠲᠷᠣᠨ᠂ ᠭᠡᠷ ᠤᠨ ᠬᠡᠷᠡᠭᠰᠡᠯ᠂ ᠢᠳᠡᠭᠡᠨ ᠪᠣᠯᠪᠠᠰᠤᠷᠠᠭᠤᠯᠬᠤ᠂ ᠮᠣᠳᠣᠨ ᠮᠠᠲ᠋ᠧᠷᠢᠶᠠᠯ ᠪᠣᠯᠪᠠᠰᠤᠷᠠᠭᠤᠯᠬᠤ ᠪᠤᠶᠤ ᠦᠢᠯᠡᠳᠪᠦᠷᠢᠯᠡᠯ ᠤᠨ ᠰᠢᠨᠵᠢ ᠴᠢᠨᠠᠷ ᠵᠢᠴᠢ ᠭᠠᠯ ᠤᠨ ᠭᠠᠮᠰᠢᠭ ᠤᠨ ᠠᠶᠤᠯᠲᠤ ᠴᠢᠨᠠᠷ ᠯᠤᠭ᠎ᠠ ᠠᠳᠠᠯᠢᠪᠲᠤᠷ ᠠᠵᠤ ᠠᠬᠤᠶᠢᠯᠠᠯ᠃      ︵ᠠᠷᠪᠠᠨ ᠬᠤᠶᠠᠷ︶ ᠴᠢᠬᠤᠯᠠ ᠰᠢᠨᠵᠢᠯᠡᠬᠦ ᠤᠬᠠᠭᠠᠨ ᠤ ᠰᠤᠳᠤᠯᠭᠠᠨ ᠤ ᠨᠢᠭᠡᠴᠢ᠂ ᠶᠡᠭᠡ ᠰᠤᠷᠭᠠᠭᠤᠯᠢ ᠳᠡᠭᠡᠳᠦ ᠰᠤᠷᠭᠠᠭᠤᠯᠢ      1.ᠤᠯᠤᠰ ᠤᠨ ᠲᠡᠰ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠨᠢᠭᠡᠴᠢ᠂ ᠤᠯᠤᠰ ᠤᠨ ᠭᠤᠣᠯᠳᠠᠯᠭ᠎ᠠ ᠲᠠᠢ ᠲᠤᠷᠰᠢᠯᠲᠠ ᠶᠢᠨ ᠲᠡᠰᠤᠬ ᠪᠠᠶᠢᠭᠤᠯᠤᠭᠰᠠᠨ ᠰᠢᠨᠵᠢᠯᠡᠬᠦ ᠤᠬᠠᠭᠠᠨ ᠤ ᠨᠢᠭᠡᠴᠢ︔      2.ᠥᠪᠡᠷᠲᠡᠭᠡᠨ ᠵᠠᠰᠠᠬᠤ ᠣᠷᠣᠨ ᠤ ᠲᠡᠰ ᠤᠨ ᠭᠤᠣᠯᠳᠠᠯᠭ᠎ᠠ ᠲᠠᠢ ᠲᠤᠷᠰᠢᠯᠲᠠ ᠶᠢᠨ ᠲᠡᠰᠤᠬ ᠲᠠᠢ ᠰᠢᠨᠵᠢᠯᠡᠬᠦ ᠤᠬᠠᠭᠠᠨ ᠤ ᠰᠤᠳᠤᠯᠤᠯ ᠤᠨ ᠨᠢᠭᠡᠴᠢ︔      3.ᠳᠡᠭᠡᠳᠦ ᠵᠡᠷᠭᠡ ᠶᠢᠨ ᠰᠤᠷᠭᠠᠭᠤᠯᠢ ︵ᠡᠩ ᠤᠨ ᠳᠡᠭᠡᠳᠦ ᠵᠡᠷᠭᠡ ᠶᠢᠨ ᠰᠤᠷᠭᠠᠭᠤᠯᠢ᠂ ᠠᠵᠢᠯ ᠮᠡᠷᠭᠡᠵᠢᠯ ᠤᠨ ᠳᠡᠭᠡᠳᠦ ᠵᠡᠷᠭᠡ ᠶᠢᠨ ᠰᠤᠷᠭᠠᠭᠤᠯᠢ᠂ ᠨᠠᠰᠤᠨ ᠳᠤ ᠬᠦᠷᠦᠭᠰᠡᠳ ᠤᠨ ᠳᠡᠭᠡᠳᠦ ᠵᠡᠷᠭᠡ ᠶᠢᠨ ᠰᠤᠷᠭᠠᠭᠤᠯᠢ ᠪᠠᠭᠲᠠᠨ᠎ᠠ︶᠃      ︵ᠠᠷᠪᠠᠨ ᠭᠤᠷᠪᠠ︶ ᠤᠯᠠᠨ ᠨᠡᠶᠢᠲᠡ ᠶᠢᠨ ᠪᠠᠷᠢᠯᠭ᠎ᠠ      1.50 ᠮᠧᠲᠷ ᠠᠴᠠ ᠳᠡᠭᠡᠭᠰᠢᠬᠢ ᠠᠯᠪᠠᠯᠠᠬᠤ ᠠᠰᠠᠷ᠂ ᠠᠯᠪᠠᠯᠠᠬᠤ ᠠᠰᠠᠷ᠂ ᠶᠡᠷᠦᠩᠬᠡᠶᠢᠯᠡᠭᠰᠡᠨ ᠠᠰᠠᠷ᠂ ᠨᠡᠶᠢᠲᠡ ᠶᠢᠨ ᠪᠠᠶᠢᠷᠢ ᠶᠢᠨ ᠠᠰᠠᠷ ᠵᠡᠷᠭᠡ ᠤᠯᠡᠠ ᠨᠡᠶᠢᠲᠡ ᠶᠢᠨ ᠪᠠᠷᠢᠯᠭ᠎ᠠ︔      2.ᠲᠠᠩ ᠪᠡᠶᠡᠲᠦ ᠪᠠᠷᠢᠯᠭ᠎ᠠ ᠶᠢᠨ ᠲᠠᠯᠠᠪᠠᠢ ᠨᠢ 40000 ᠲᠡᠭᠰᠢ ᠳᠥᠷᠪᠡᠯᠵᠢᠨ ᠮᠧᠲᠷ ᠠᠴᠠ ᠳᠡᠭᠡᠭᠰᠢᠬᠢ ᠤᠯᠠᠨ ᠨᠡᠶᠢᠲᠡ ᠶᠢᠨ ᠪᠠᠷᠢᠯᠭ᠎ᠠ᠃      ︵ᠠᠷᠪᠠᠨ ᠳᠥᠷᠪᠡ︶ ᠬᠤᠳᠠ ᠶᠢᠨ ᠵᠢᠮᠳᠤ ᠵᠠᠮ ᠬᠠᠷᠢᠯᠴᠠᠭ᠎ᠠ᠂ ᠬᠤᠳᠠ ᠶᠢᠨ ᠨᠦᠭᠡᠨ ᠵᠠᠮ      1.ᠬᠤᠳᠠ ᠶᠢᠨ ᠵᠢᠮᠳᠤ ᠵᠠᠮ ᠬᠠᠷᠢᠯᠴᠠᠭᠠᠨ ᠤ ᠲᠡᠷᠭᠡ ᠰᠣᠯᠢᠬᠤ ᠦᠷᠳᠡᠭᠡ︔      2. ᠨᠢᠭᠡᠳᠦᠭᠡᠷ ᠲᠥᠷᠥᠯ ᠤᠨ ᠬᠤᠲᠠ ᠶᠢᠨ ᠵᠠᠮ ᠬᠠᠷᠢᠯᠴᠠᠭᠠᠨ ᠤ ᠨᠦᠬᠡᠨ ᠵᠠᠮ᠃      ︵ᠠᠷᠪᠠᠨ ᠲᠠᠪᠤ︶ ᠬᠥᠮᠥᠷᠭᠡᠯᠡᠨ ᠬᠠᠳᠠᠭᠠᠯᠠᠬᠤ᠂ ᠪᠠᠷᠠᠭᠠᠨ ᠤ ᠭᠦᠢᠯᠭᠡᠭᠡᠨ ᠤ ᠠᠵᠤ ᠠᠬᠤᠶᠢᠯᠠᠯ      1.ᠤᠯᠤᠰ ᠤᠨ ᠨᠥᠭᠡᠴᠡ ᠠᠮᠤ ᠪᠤᠳᠠᠭᠠᠨ ᠤ ᠬᠥᠮᠥᠷᠭᠡ᠂ ᠶᠡᠷᠦᠩᠬᠡᠢ ᠬᠠᠳᠠᠭᠠᠯᠠᠭᠳᠠᠴᠠ ᠨᠢ 10000 ᠲᠣᠨ ᠠᠴᠠ ᠳᠡᠭᠡᠭᠰᠢᠬᠢ ᠪᠤᠰᠤᠳ ᠠᠮᠤ ᠪᠤᠳᠠᠭᠠᠨ ᠤ ᠬᠥᠮᠥᠷᠭᠡ︔      2.ᠶᠡᠷᠦᠩᠬᠡᠢ ᠬᠠᠳᠠᠭᠠᠯᠠᠭᠳᠠᠴᠠ ᠨᠢ 500 ᠲᠣᠨ ᠠᠴᠠ ᠳᠡᠭᠡᠭᠰᠢᠬᠢ ᠬᠥᠪᠥᠩ ᠤᠨ ᠬᠥᠮᠥᠷᠭᠡ︔      3.ᠬᠠᠳᠠᠭᠠᠯᠠᠬᠤ ᠬᠡᠯᠪᠡᠷᠢ ᠶᠢᠨ ᠪᠠᠷᠠᠭᠠᠨ ᠤ ᠭᠦᠢᠯᠭᠡᠭᠡᠨ ᠤ ᠪᠠᠷᠢᠯᠭ᠎ᠠ ᠶᠢᠨ ᠲᠠᠩ ᠴᠣᠭᠴᠠ ᠶᠢᠨ ᠲᠠᠯᠠᠪᠠᠶ ᠨᠢ 5000 ᠲᠡᠭᠰᠢ ᠳᠥᠷᠪᠡᠯᠵᠢᠨ ᠮᠧᠲᠷ ᠠᠴᠠ ᠳᠡᠭᠡᠭᠰᠢ᠂ ᠠᠵᠢᠯᠯᠠᠬᠤ ᠬᠡᠯᠪᠡᠷᠢ ᠶᠢᠨ ᠪᠠᠷᠠᠭᠠᠨ ᠤ ᠭᠦᠢᠯᠭᠡᠭᠡᠨ ᠤ ᠪᠠᠷᠢᠯᠭ᠎ᠠ᠂ ᠶᠡᠷᠦᠩᠬᠡᠶᠢᠯᠡᠭᠰᠡᠨ ᠬᠡᠯᠪᠡᠷᠢ ᠶᠢᠨ ᠪᠠᠷᠠᠭᠠᠨ ᠤ ᠭᠦᠢᠯᠭᠡᠭᠡᠨ ᠤ ᠪᠠᠷᠢᠯᠭ᠎ᠠ ᠶᠢᠨ ᠲᠠᠩ ᠴᠣᠭᠴᠠ ᠶᠢᠨ ᠲᠠᠯᠠᠪᠠᠶ  ᠨᠢ 10000 ᠲᠡᠭᠰᠢ ᠳᠥᠷᠪᠡᠯᠵᠢᠨ ᠮᠧᠲᠷ ᠠᠴᠠ ᠳᠡᠭᠡᠭᠰᠢ ᠪᠠᠶᠢᠬᠤ ᠠᠵᠤ ᠠᠬᠤᠶᠢᠯᠠᠯ︔      4.ᠶᠡᠷᠦᠩᠬᠡᠢ ᠬᠠᠳᠠᠭᠠᠯᠠᠮᠵᠢ ᠶᠢᠨ ᠦᠷᠳᠡᠭ ᠨᠢ 1000 ᠲᠦᠮᠡᠨ ᠲᠥᠭᠦᠷᠢᠭ ᠠᠴᠠ ᠳᠡᠭᠡᠭᠰᠢ ᠪᠠᠶᠢᠬᠤ ᠰᠢᠲᠠᠮᠠᠬᠠᠢ ᠪᠣᠳᠠᠰ ᠤᠨ ᠬᠥᠮᠥᠷᠭᠡ᠂ ᠣᠪᠣᠭᠠᠯᠠᠬᠤ ᠲᠠᠯᠠᠪᠠᠢ︔      5.ᠶᠡᠷᠦᠩᠬᠡᠢ ᠬᠠᠳᠠᠭᠠᠯᠠᠭᠳᠠᠴᠠ ᠨᠢ 10000 ᠪᠣᠰᠤᠭ᠎ᠠ ᠳᠥᠷᠪᠡᠯᠵᠢᠨ ᠮᠧᠲᠷ ᠠᠴᠠ ᠳᠡᠭᠡᠭᠰᠢᠬᠢ ᠮᠣᠳᠣᠨ ᠮᠠᠲ᠋ᠧᠷᠢᠶᠠᠯ ᠣᠪᠣᠭᠠᠯᠠᠬᠤ ᠲᠠᠯᠠᠪᠠᠢ᠃      ︵ᠠᠷᠪᠠᠨ ᠵᠢᠷᠭᠤᠭ᠎ᠠ︶ ᠲᠣᠭᠲᠠᠮᠠᠯ ᠬᠥᠷᠥᠩᠭᠡ ︵ᠪᠠᠷᠢᠯᠭ᠎ᠠ᠂ ᠲᠥᠬᠦᠭᠡᠷᠦᠮᠵᠢ᠂ ᠲᠦᠭᠦᠬᠡᠢ ᠮᠠᠲ᠋ᠧᠷᠢᠶᠠᠯ︶ ᠶᠢᠨ ᠥᠷᠲᠡᠭ ᠨᠢ 1 ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠮᠠᠰᠢᠨ᠂ ᠡᠯᠧᠺᠲᠷᠣᠨ᠂ ᠪᠣᠯᠣᠳ ᠲᠡᠮᠦᠷ᠂ ᠡᠮ ᠡᠮᠨᠡᠯᠭᠡ᠂ ᠴᠠᠭᠠᠰᠤ ᠬᠢᠬᠦ᠂ ᠨᠠᠪᠴᠢᠨ ᠲᠠᠮᠠᠬᠢ᠂ ᠮᠣᠳᠣᠨ ᠮᠠᠲ᠋ᠧᠷᠢᠶᠠᠯ᠂ ᠪᠠᠷᠢᠯᠭ᠎ᠠ ᠵᠡᠷᠭᠡ ᠠᠵᠤ ᠠᠬᠤᠶᠢᠯᠠᠯ᠃      ︵ᠠᠷᠪᠠᠨ ᠲᠤᠯᠤᠭ᠎ᠠ︶ ᠭᠠᠯ ᠤᠨ ᠠᠶᠤᠯ ᠭᠠᠷᠬᠤ ᠪᠣᠯᠣᠯᠴᠠᠭ᠎ᠠ ᠪᠠᠷ ᠨᠡᠯᠢᠶᠡᠳ ᠶᠡᠭᠡ ᠵᠢᠴᠢ ᠭᠠᠯ ᠤᠨ ᠠᠶᠤᠯ ᠭᠠᠷᠤᠮᠠᠭᠴᠠ ᠬᠥᠮᠥᠨ ᠤ ᠪᠡᠶ᠎ᠡ ᠶᠢ ᠬᠦᠨᠳᠦ ᠶᠡᠭᠡ ᠰᠢᠷᠬᠠᠲᠤᠭᠤᠯᠵᠤ ᠦᠬᠦᠭᠦᠯᠬᠦ ᠪᠤᠶᠤ ᠡᠳ᠋ ᠬᠥᠷᠥᠩᠭᠡ ᠶᠢ ᠬᠦᠨᠳᠦ ᠶᠡᠭᠡ ᠬᠤᠬᠢᠷᠠᠯ ᠳᠤ ᠤᠴᠠᠷᠠᠭᠤᠯᠵᠤ ᠮᠡᠳᠡᠬᠦ ᠪᠤᠰᠤᠳ ᠨᠢᠭᠡᠴᠢ᠂ ᠲᠠᠯᠠᠪᠤᠷ ᠭᠠᠵᠠᠷ᠃      ᠲᠠᠶᠢᠯᠪᠤᠷᠢ᠄ ᠵᠠᠭᠠᠭᠯᠠᠨ ᠲᠣᠭᠲᠠᠭᠠᠬᠤ ᠪᠠᠷᠢᠮᠵᠢᠶ᠎ᠠ ᠳᠤ ᠬᠡᠯᠡᠵᠦ ᠪᠠᠶᠢᠭ᠎ᠠ ︽ᠳᠡᠭᠡᠭᠰᠢ︾ ᠭᠡᠳᠡᠭ ᠲᠤ ᠴᠥᠮ ᠲᠤᠰ ᠲᠤᠭ᠎ᠠ ᠶᠢ ᠪᠠᠭᠲᠠᠭᠠᠨ᠎ᠠ᠃                              ᠬᠤᠳᠤᠩ ᠠᠷᠠᠳ ᠤᠨ ᠲᠣᠭᠤᠷᠢᠭ ᠤᠨ ᠭᠠᠯ ᠤᠨᠲᠠᠷᠠᠭᠠᠵᠤ                                    ᠠᠪᠤᠷᠠᠨ ᠲᠤᠰᠠᠯᠠᠬᠤ ᠶᠡᠭᠡ ᠠᠩᠭᠢ                                     2024 ᠣᠨ ᠤ 1 ᠰᠠᠷ᠎ᠠ ᠶᠢᠨ 10 ᠤ ᠡᠳᠦᠷᠳᠠᠭᠠᠯᠳᠤᠭᠤᠯᠤᠯ᠄ ᠭᠠᠯ ᠤᠨᠲᠠᠷᠠᠭᠠᠬᠤ ᠠᠮᠤᠷ ᠲᠦᠪᠰᠢᠨ ᠤ ᠭᠤᠣᠯᠳᠠᠯᠭ᠎ᠠ ᠲᠠᠢ ᠨᠢᠭᠡᠴᠢ ᠶᠢᠨ ᠭᠤᠶᠤᠴᠢᠯᠠᠨ ᠮᠡᠳᠡᠭᠦᠯᠵᠦ ᠳᠠᠩᠰᠠᠯᠠᠭᠤᠯᠬᠤ ᠬᠦᠰᠦᠨᠦᠭ docx 关于申报2024年度消防安全重点单位的公告      ᠢᠷᠡᠯᠲᠡ᠄ ᠬᠤᠳᠤᠩ ᠠᠷᠠᠳ ᠤᠨ ᠲᠤᠭᠤᠷᠢᠭ ᠤᠨ ᠵᠠᠰᠠᠭ ᠤᠨ ᠣᠷᠳᠣᠨ ᠤ ᠠᠯᠪᠠᠨ ᠰᠦᠯᠵᠢᠶ᠎ᠡ
 
ᠢᠷᠡᠯᠲᠡ᠄ ᠬᠤᠲᠤᠩ ᠠᠷᠠᠳ ᠤᠨ ᠲᠣᠭᠤᠷᠢᠭ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号