ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠭᠡᠷᠡᠴᠢ ᠲᠡᠮᠳᠡᠭ ᠤᠨ ᠬᠠᠮᠢᠶᠠᠷᠤᠯᠲᠠ ᠶᠢᠨ ᠠᠷᠭ᠎ᠠ
ᠨᠡᠶᠢᠲᠡᠯᠡᠭᠰᠡᠨ ᠴᠠᠭ᠄
2024/1/15
ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ261 ᠳ᠋ᠦ᠋ᠭᠡᠷ ᠲᠣᠭᠠᠲᠤ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠭᠡᠷᠡᠴᠢ ᠲᠡᠮᠳᠡᠭ ᠤᠨ ᠬᠠᠮᠢᠶᠠᠷᠤᠯᠲᠠ ᠶᠢᠨ ᠠᠷᠭ᠎ᠠ︾ ᠶᠢ ᠨᠢᠭᠡᠨᠲᠡ 2023 ᠣᠨ ᠤ 10 ᠳ᠋ᠤᠭᠠᠷ ᠰᠠᠷ᠎ᠠ ᠶᠢᠨ 10 ᠤ ᠡᠳᠦᠷ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ 2023 ᠣᠨ ᠤ 25 ᠳ᠋ᠤᠭᠠᠷ ᠤᠳᠠᠭᠠᠨ ᠤ ᠪᠠᠶᠢᠩᠭᠤ ᠶᠢᠨ ᠬᠤᠷᠠᠯ ᠢᠶᠠᠷ ᠬᠢᠨᠠᠨ ᠵᠥᠪᠯᠡᠵᠦ ᠪᠠᠲᠤᠯᠠᠭᠠᠳ᠂ ᠡᠳᠦᠭᠡ ᠨᠡᠶᠢᠲᠡᠯᠡᠪᠡ᠂ 2023 ᠣᠨ ᠤ 12 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃                        ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ                        2023 ᠣᠨ ᠤ 10 ᠳ᠋ᠤᠭᠠᠷ ᠰᠠᠷ᠎ᠠ ᠶᠢᠨ 23 ᠤ ᠡᠳᠦᠷ           ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠭᠡᠷᠡᠴᠢ ᠲᠡᠮᠳᠡᠭ ᠤᠨ ᠬᠠᠮᠢᠶᠠᠷᠤᠯᠲᠠ ᠶᠢᠨ ᠠᠷᠭ᠎ᠠ      ᠨᠢᠭᠡᠳᠦᠭᠡᠷ ᠵᠦᠢᠯ  ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠭᠡᠷᠡᠴᠢ ᠲᠡᠮᠳᠡᠭ ᠤᠨ ᠬᠠᠮᠢᠶᠠᠷᠤᠯᠲᠠ ᠶᠢ ᠴᠢᠩᠭᠠᠳᠬᠠᠵᠤ᠂ ᠴᠢᠩᠭ᠎ᠠ ᠵᠢᠷᠤᠮᠵᠢᠭᠤᠨ ᠲᠥᠪ ᠭᠤᠣᠯᠴᠢ ᠪᠣᠯᠪᠠᠰᠤᠨ ᠢᠶᠠᠷ ᠬᠠᠤᠯᠢ ᠬᠡᠷᠡᠭᠵᠢᠭᠦᠯᠬᠦ ᠶᠢ ᠠᠬᠢᠭᠤᠯᠬᠤ ᠶᠢᠨ ᠲᠤᠰᠠᠳᠠ᠂ ᠤᠯᠤᠰ ᠤᠨ ᠬᠤᠯᠪᠣᠭᠳᠠᠯ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ ᠢ ᠦᠨᠳᠦᠰᠦᠯᠡᠵᠦ᠂ ᠥᠪᠡᠷᠲᠡᠭᠡᠨ ᠵᠠᠰᠠᠬᠤ ᠣᠷᠣᠨ ᠤ ᠪᠣᠳᠠᠲᠠᠢ ᠲᠠᠢ ᠤᠶᠠᠯᠳᠤᠭᠤᠯᠵᠤ᠂ ᠲᠣᠰ ᠠᠷᠭ᠎ᠠ ᠶᠢ ᠲᠣᠭᠲᠠᠭᠠᠪᠠ᠃      ᠬᠤᠶᠠᠳᠤᠭᠠᠷ ᠵᠦᠢᠯ  ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠭᠡᠷᠡᠴᠢ ᠲᠡᠮᠳᠡᠭ ᠤᠨ ᠬᠠᠮᠢᠶᠠᠷᠤᠯᠲᠠ ᠳᠤ ᠲᠣᠰ ᠠᠷᠭ᠎ᠠ ᠶᠢ ᠲᠣᠬᠢᠷᠠᠭᠤᠯᠤᠨ ᠬᠡᠷᠡᠭᠯᠡᠨ᠎ᠡ᠃      ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠᠶᠢᠭᠤᠯᠭ᠎ᠠ ᠨᠢ ᠲᠥᠷᠥ ᠶᠢᠨ ᠶᠠᠪᠤᠳᠠᠯ ᠤᠨ ᠬᠤᠷᠢᠶᠠᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠭᠡᠷᠡᠴᠢ ᠲᠡᠮᠳᠡᠭ ᠢ ᠭᠤᠶᠤᠴᠢᠯᠠᠨ ᠠᠪᠬᠤ ᠳᠤ᠂ ᠲᠥᠷᠥ ᠶᠢᠨ ᠶᠠᠪᠤᠳᠠᠯ ᠤᠨ ᠬᠤᠷᠢᠶᠠᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠲᠣᠭᠲᠠᠭᠠᠯ ᠶᠣᠰᠣᠭᠠᠷ ᠭᠦᠢᠴᠡᠳᠬᠡᠨ᠎ᠡ᠃      ᠭᠤᠷᠪᠠᠳᠤᠭᠠᠷ ᠵᠦᠢᠯ  ᠲᠣᠰ ᠠᠷᠭ᠎ᠠ ᠳᠤ ᠬᠡᠯᠡᠵᠦ ᠪᠠᠶᠢᠭ᠎ᠠ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠭᠡᠷᠡᠴᠢ ᠲᠡᠮᠳᠡᠭ ᠭᠡᠳᠡᠭ ᠨᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠨᠢᠭᠡᠳᠦᠯᠲᠡᠢ ᠦᠢᠯᠡᠳᠦᠨ ᠲᠠᠷᠬᠠᠭᠠᠭᠰᠠᠨ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠲᠠᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠯᠠᠭ᠎ᠠ ᠬᠡᠷᠡᠭᠵᠢᠭᠦᠯᠬᠦ ᠬᠢᠷᠢ ᠭᠡᠮ ᠪᠠᠶᠢᠬᠤ ᠶᠢ ᠭᠡᠷᠡᠴᠢᠯᠡᠬᠦ ᠭᠡᠷᠡᠴᠢ ᠲᠡᠮᠳᠡᠭ ᠢ ᠵᠢᠭᠠᠵᠤ ᠪᠣᠢ᠃ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠭᠡᠷᠡᠴᠢ ᠲᠡᠮᠳᠡᠭ ᠲᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠭᠡᠷᠡᠴᠢ ᠲᠡᠮᠳᠡᠭ ᠪᠠ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠳᠤ ᠬᠢᠨᠠᠯᠲᠠ ᠲᠠᠯᠪᠢᠬᠤ ᠭᠡᠷᠡᠴᠢ ᠲᠡᠮᠳᠡᠭ ᠪᠠᠭᠲᠠᠨ᠎ᠠ᠃      ᠲᠣᠰ ᠠᠷᠭ᠎ᠠ ᠳᠤ ᠬᠡᠯᠡᠵᠦ ᠪᠠᠶᠢᠭ᠎ᠠ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠᠶᠢᠭᠤᠯᠭ᠎ᠠ ᠳᠤ᠂ ᠬᠠᠤᠯᠢ ᠶᠣᠰᠣᠭᠠᠷ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠡᠷᠬᠡ ᠲᠤᠰᠢᠶᠠᠯ ᠢᠶᠠᠨ ᠬᠡᠷᠡᠭᠵᠢᠭᠦᠯᠬᠦ ᠵᠠᠰᠠᠭ ᠵᠠᠬᠢᠷᠭᠠᠨ ᠤ ᠪᠠᠶᠢᠭᠤᠯᠭ᠎ᠠ᠂ ᠬᠠᠤᠯᠢ ᠴᠠᠭᠠᠵᠠ᠂ ᠬᠠᠤᠯᠢ ᠲᠣᠭᠲᠠᠭᠠᠯ ᠠᠴᠠ ᠡᠷᠬᠡ ᠣᠯᠭᠤᠭᠰᠠᠨ ᠣᠯᠠᠨ ᠨᠡᠶᠢᠲᠡ ᠶᠢᠨ ᠬᠡᠷᠡᠭ ᠶᠠᠪᠤᠳᠠᠯ ᠢ ᠬᠠᠮᠢᠶᠠᠷᠬᠤ ᠡᠭᠦᠷᠭᠡ ᠴᠢᠳᠠᠪᠤᠷᠢ ᠲᠠᠢ ᠵᠣᠬᠢᠶᠠᠨ ᠪᠠᠶᠢᠭᠤᠯᠤᠯᠲᠠ᠂ ᠬᠠᠤᠯᠢ ᠶᠣᠰᠣᠭᠠᠷ ᠨᠠᠶᠢᠳᠠᠯᠭ᠎ᠠ ᠬᠦᠯᠢᠶᠡᠵᠦ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠡᠷᠬᠡ ᠲᠤᠰᠢᠶᠠᠯ ᠢ ᠬᠡᠷᠡᠭᠵᠢᠭᠦᠯᠬᠦ ᠵᠣᠬᠢᠶᠠᠨ ᠪᠠᠶᠢᠭᠤᠯᠤᠯᠲᠠ ᠪᠠᠭᠲᠠᠨ᠎ᠠ᠃      ᠳᠥᠷᠪᠡᠳᠦᠭᠡᠷ ᠵᠦᠢᠯ  ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠲᠠᠨ ᠨᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠯᠠᠭ᠎ᠠ ᠶᠢ ᠬᠡᠷᠡᠭᠵᠢᠭᠦᠯᠬᠦ ᠳᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠭᠡᠷᠡᠴᠢ ᠲᠡᠮᠳᠡᠭ ᠣᠯᠣᠭᠰᠠᠨ ᠪᠠᠶᠢᠬᠤ ᠬᠡᠷᠡᠭᠲᠡᠢ᠃      ᠲᠠᠪᠤᠳᠤᠭᠠᠷ ᠵᠦᠢᠯ  ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠭᠡᠷᠡᠴᠢ ᠲᠡᠮᠳᠡᠭ ᠤᠨ ᠬᠠᠮᠢᠶᠠᠷᠤᠯᠲᠠ ᠳᠤ ᠨᠢᠭᠡᠳᠦᠯᠲᠡᠢ ᠵᠣᠬᠢᠶᠠᠨ ᠪᠠᠶᠢᠭᠤᠯᠬᠤ᠂ ᠠᠵᠢᠯ ᠤᠨ ᠬᠤᠪᠢᠶᠠᠷᠢᠯᠠᠯ ᠢᠶᠠᠷ ᠬᠠᠷᠢᠭᠤᠴᠠᠬᠤ᠂ ᠱᠠᠲᠤ ᠬᠤᠪᠢᠶᠠᠨ ᠬᠢᠨᠠᠯᠲᠠ ᠲᠠᠯᠪᠢᠬᠤ ᠵᠠᠷᠴᠢᠮ ᠢ ᠪᠠᠷᠢᠮᠲᠠᠯᠠᠨ᠎ᠠ᠃      ᠵᠢᠷᠭᠤᠳᠤᠭᠠᠷ ᠵᠦᠢᠯ  ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ  ᠨᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠭᠡᠷᠡᠴᠢ ᠲᠡᠮᠳᠡᠭ ᠤᠨ ᠵᠠᠷᠤᠳᠠᠯ ᠤᠨ ᠪᠠᠲᠤᠯᠠᠭ᠎ᠠ ᠶᠢ ᠴᠢᠩᠭᠠᠳᠬᠠᠬᠤ ᠬᠡᠷᠡᠭᠲᠡᠢ᠃ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠭᠡᠷᠡᠴᠢ ᠲᠡᠮᠳᠡᠭ ᠢ ᠦᠢᠯᠡᠳᠬᠦ ᠳᠤ ᠬᠡᠷᠡᠭᠰᠡᠬᠦ ᠵᠠᠷᠤᠳᠠᠯ ᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠡᠳ᠋ ᠤᠨ ᠵᠠᠰᠠᠭ ᠤᠨ ᠲᠥᠰᠥᠪ ᠲᠤ ᠣᠷᠣᠭᠤᠯᠤᠨ᠎ᠠ᠃ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠬᠢᠷᠢ ᠭᠡᠮ ᠢ ᠭᠡᠷᠡᠴᠢᠯᠡᠬᠦ ᠪᠣᠯᠪᠠᠰᠤᠷᠠᠯ᠂ ᠰᠢᠯᠭᠠᠯᠲᠠ ᠵᠡᠷᠭᠡ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠭᠡᠷᠡᠴᠢ ᠲᠡᠮᠳᠡᠭ ᠤᠨ ᠬᠠᠮᠢᠶᠠᠷᠤᠯᠲᠠ ᠳᠤ ᠬᠡᠷᠡᠭᠰᠡᠬᠦ ᠵᠠᠷᠤᠳᠠᠯ ᠢ ᠠᠳᠠᠯᠢ ᠱᠠᠲᠤᠨ ᠤ ᠠᠷᠠᠳ ᠤᠨ ᠵᠠᠰᠠᠭ ᠤᠨ ᠣᠷᠳᠣᠨ ᠤ ᠡᠳ᠋ ᠤᠨ ᠵᠠᠰᠠᠭ ᠤᠨ ᠲᠥᠰᠥᠪ ᠲᠤ ᠣᠷᠣᠭᠤᠯᠤᠨ᠎ᠠ᠃      ᠳᠣᠯᠣᠳᠤᠭᠠᠷ ᠵᠦᠢᠯ  ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ ᠪᠥᠬᠦ ᠣᠷᠣᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠭᠡᠷᠡᠴᠢ ᠲᠡᠮᠳᠡᠭ ᠤᠨ ᠬᠠᠮᠢᠶᠠᠷᠤᠯᠲᠠ ᠳᠤ ᠵᠢᠭᠠᠨ ᠵᠢᠯᠣᠭᠤᠳᠤᠯᠭ᠎ᠠ ᠬᠢᠬᠦ ᠪᠠ ᠬᠢᠨᠠᠯᠲᠠ ᠲᠠᠯᠪᠢᠬᠤ ᠶᠢ ᠬᠠᠷᠢᠭᠤᠴᠠᠵᠤ᠂ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠬᠢᠷᠢ ᠭᠡᠮ ᠢ ᠭᠡᠷᠡᠴᠢᠯᠡᠬᠦ ᠪᠣᠯᠪᠠᠰᠤᠷᠠᠯ᠂ ᠰᠢᠯᠭᠠᠯᠲᠠ ᠪᠠ ᠪᠥᠬᠦ ᠣᠷᠣᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠭᠡᠷᠡᠴᠢ ᠲᠡᠮᠳᠡᠭ ᠤᠨ ᠬᠠᠷᠭᠤᠭᠤᠯᠤᠨ ᠲᠠᠷᠬᠠᠭᠠᠬᠤ᠂ ᠬᠠᠮᠢᠶᠠᠷᠬᠤ ᠠᠵᠢᠯ ᠢ ᠵᠣᠬᠢᠶᠠᠨ ᠪᠠᠶᠢᠭᠤᠯᠤᠨ᠎ᠠ᠃      ᠠᠶᠢᠮᠠᠭ ᠤᠨ ᠵᠠᠬᠢᠷᠭ᠎ᠠ᠂ ᠲᠣᠭᠤᠷᠢᠭ ᠪᠠᠶᠢᠭᠤᠯᠤᠭᠰᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ ᠲᠣᠰ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠭᠡᠷᠡᠴᠢ ᠲᠡᠮᠳᠡᠭ ᠤᠨ ᠬᠠᠮᠢᠶᠠᠷᠤᠯᠲᠠ ᠳᠤ ᠵᠢᠭᠠᠨ ᠵᠢᠯᠣᠭᠤᠳᠤᠯᠭ᠎ᠠ ᠬᠢᠬᠦ ᠪᠠ ᠬᠢᠨᠠᠯᠲᠠ ᠲᠠᠯᠪᠢᠬᠤ ᠶᠢ ᠬᠠᠷᠢᠭᠤᠴᠠᠵᠤ᠂ ᠲᠣᠰ ᠱᠠᠲᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠬᠢᠷᠢ ᠭᠡᠮ ᠢ ᠭᠡᠷᠡᠴᠢᠯᠡᠬᠦ ᠪᠣᠯᠪᠠᠰᠤᠷᠠᠯ᠂ ᠰᠢᠯᠭᠠᠯᠲᠠ ᠪᠠ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠭᠡᠷᠡᠴᠢ ᠲᠡᠮᠳᠡᠭ ᠤᠨ ᠠᠩᠬ᠎ᠠ ᠬᠠᠷᠭᠤᠭᠤᠯᠬᠤ᠂ ᠬᠠᠮᠢᠶᠠᠷᠬᠤ ᠠᠵᠢᠯ ᠢ ᠵᠣᠬᠢᠶᠠᠨ ᠪᠠᠶᠢᠭᠤᠯᠤᠨ᠎ᠠ᠃      ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ ᠲᠣᠰ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠬᠢᠷᠢ ᠭᠡᠮ ᠢ ᠭᠡᠷᠡᠴᠢᠯᠡᠬᠦ ᠪᠣᠯᠪᠠᠰᠤᠷᠠᠯ᠂ ᠰᠢᠯᠭᠠᠯᠲᠠ ᠪᠠ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠭᠡᠷᠡᠴᠢ ᠲᠡᠮᠳᠡᠭ ᠤᠨ ᠠᠩᠬ᠎ᠠ ᠬᠠᠷᠭᠤᠭᠤᠯᠬᠤ᠂ ᠬᠠᠮᠢᠶᠠᠷᠬᠤ ᠠᠵᠢᠯ ᠢ ᠬᠠᠷᠢᠭᠤᠴᠠᠨ᠎ᠠ᠃      ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠᠶᠢᠭᠤᠯᠭ᠎ᠠ ᠨᠢ ᠲᠣᠰ ᠨᠢᠭᠡᠴᠢ ᠶᠢᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠲᠠᠨ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠳᠤ ᠬᠢᠨᠠᠯᠲᠠ ᠲᠠᠯᠪᠢᠬᠤ ᠠᠵᠢᠯᠲᠠᠨ ᠤ ᠬᠢᠷᠢ ᠭᠡᠮ ᠢ ᠬᠢᠨᠠᠨ ᠪᠠᠶᠢᠴᠠᠭᠠᠬᠤ ᠵᠢᠴᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠭᠡᠷᠡᠴᠢ ᠲᠡᠮᠳᠡᠭ ᠢ ᠭᠤᠶᠤᠴᠢᠯᠠᠨ ᠠᠪᠬᠤ᠂ ᠲᠠᠷᠬᠠᠭᠠᠬᠤ ᠪᠠ ᠡᠳᠦᠷ ᠲᠤᠲᠤᠮ ᠤᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃      ᠨᠠᠢᠮᠠᠳᠤᠭᠠᠷ ᠵᠦᠢᠯ  ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ ᠪᠥᠬᠦ ᠣᠷᠣᠨ ᠤ ᠨᠢᠭᠡᠳᠦᠯᠲᠡᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠭᠡᠷᠡᠴᠢ ᠲᠡᠮᠳᠡᠭ ᠤᠨ ᠬᠠᠮᠢᠶᠠᠷᠤᠯᠲᠠ ᠶᠢᠨ ᠲᠠᠪᠴᠠᠩ ᠢ ᠪᠠᠶᠢᠭᠤᠯᠬᠤ ᠬᠡᠷᠡᠭᠲᠡᠢ᠃ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠭᠡᠷᠡᠴᠢ ᠲᠡᠮᠳᠡᠭ ᠤᠨ ᠪᠥᠬᠦ ᠴᠤᠪᠤᠷᠠᠯ ᠢᠶᠠᠷ ᠰᠦᠯᠵᠢᠶᠡᠨ ᠳᠡᠭᠡᠷ᠎ᠡ ᠭᠦᠢᠴᠡᠳᠬᠡᠬᠦ ᠶᠢ ᠬᠡᠷᠡᠭᠵᠢᠭᠦᠯᠦᠨ᠎ᠡ᠃      ᠶᠢᠰᠦᠳᠦᠭᠡᠷ ᠵᠦᠢᠯ  ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ᠵᠠᠷᠯᠠᠨ ᠨᠡᠶᠢᠲᠡᠯᠡᠬᠦ ᠲᠠᠪᠴᠠᠩ ᠢᠶᠠᠷ ᠳᠠᠮᠵᠢᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠲᠠᠨ ᠤ ᠮᠡᠳᠡᠭᠡ ᠵᠠᠩᠭᠢ ᠶᠢ ᠵᠠᠷᠯᠠᠨ ᠨᠡᠶᠢᠲᠡᠯᠡᠵᠦ᠂ ᠠᠰᠠᠭᠤᠨ ᠯᠠᠪᠯᠠᠬᠤ ᠦᠢᠯᠡᠴᠢᠯᠡᠭᠡ ᠬᠠᠩᠭᠠᠵᠤ᠂ ᠨᠡᠶᠢᠭᠡᠮ ᠤᠨ ᠬᠢᠨᠠᠯᠲᠠ ᠲᠠᠯᠪᠢᠯᠲᠠ ᠶᠢ ᠬᠦᠯᠢᠶᠡᠬᠦ ᠬᠡᠷᠡᠭᠲᠡᠢ᠃ ᠤᠯᠤᠰ ᠤᠨ ᠨᠢᠭᠤᠴᠠ ᠲᠠᠢ ᠬᠤᠯᠪᠣᠭᠳᠠᠬᠤ ᠮᠡᠳᠡᠭᠡ ᠵᠠᠩᠭᠢ ᠶᠢ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠠᠮᠢᠶᠠᠷᠤᠨ᠎ᠠ᠃      ᠠᠷᠪᠠᠳᠤᠭᠠᠷ ᠵᠦᠢᠯ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠭᠡᠷᠡᠴᠢ ᠲᠡᠮᠳᠡᠭ ᠢ ᠭᠤᠶᠤᠴᠢᠯᠠᠨ ᠠᠪᠬᠤ ᠠᠵᠢᠯᠲᠠᠨ ᠨᠢ ᠳᠣᠣᠷᠠᠬᠢ ᠨᠥᠬᠦᠴᠡᠯ ᠳᠤ ᠨᠡᠶᠢᠴᠡᠭᠰᠡᠨ ᠪᠠᠶᠢᠬᠤ ᠬᠡᠷᠡᠭᠲᠡᠢ᠄      ︵ᠨᠢᠭᠡ︶ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠶᠢ ᠬᠦᠷᠢᠶᠡᠯᠡᠵᠦ᠂ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠨᠳᠦᠰᠦᠨ ᠬᠠᠤᠯᠢ ᠶᠢ ᠬᠦᠷᠢᠶᠡᠯᠡᠵᠦ᠂ ᠤᠯᠤᠰ ᠲᠥᠷᠥ ᠶᠢᠨ ᠬᠡᠪ ᠴᠢᠨᠠᠷ ᠪᠠ ᠶᠣᠰᠣ ᠰᠤᠷᠲᠠᠬᠤᠨ ᠵᠠᠩ ᠮᠣᠷᠠᠯ ᠰᠠᠶᠢᠨ᠂ ᠰᠠᠬᠢᠯᠭ᠎ᠠ ᠪᠠᠲᠤ ᠬᠠᠤᠯᠢ ᠴᠠᠭᠠᠵᠠ ᠶᠢ ᠵᠢᠷᠤᠮᠯᠠᠨ ᠰᠠᠬᠢᠵᠤ᠂ ᠠᠷᠢᠭᠤᠨ ᠴᠢᠬᠡᠴᠢ᠂ ᠲᠥᠪ ᠭᠤᠣᠯᠴᠢ ᠪᠠᠶᠢᠬᠤ ᠬᠡᠷᠡᠭᠲᠡᠢ︔      ︵ᠬᠤᠶᠠᠷ︶ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠᠶᠢᠭᠤᠯᠭ᠎ᠠ ᠶᠢᠨ ᠣᠷᠣᠨ ᠲᠤᠭ᠎ᠠ ᠠᠵᠢᠯ ᠤᠨ ᠪᠠᠶᠢᠷᠢ ᠳᠤ ᠪᠠᠶᠢᠬᠤ ᠠᠵᠢᠯᠲᠠᠨ︔      ︵ᠭᠤᠷᠪᠠ︶ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠬᠢᠷᠢ ᠭᠡᠮ ᠢ ᠭᠡᠷᠡᠴᠢᠯᠡᠬᠦ ᠪᠣᠯᠪᠠᠰᠤᠷᠠᠯ ᠢ ᠬᠦᠷᠲᠡᠭᠰᠡᠨ ᠮᠥᠷᠲᠡᠭᠡᠨ ᠰᠢᠯᠭᠠᠯᠲᠠ ᠳᠤ ᠬᠢᠷᠢ ᠲᠡᠩᠴᠡᠭᠰᠡᠨ︔      ︵ᠳᠥᠷᠪᠡ︶ ᠡᠭᠦᠷᠭᠡ ᠬᠠᠷᠢᠭᠤᠴᠠᠯᠭ᠎ᠠ ᠪᠠᠨ ᠬᠡᠪ ᠢᠶᠠᠷ ᠭᠦᠢᠴᠡᠳᠬᠡᠬᠦ ᠪᠡᠶ᠎ᠡ ᠮᠠᠬᠠᠪᠤᠳ ᠤᠨ ᠨᠥᠬᠦᠴᠡᠯ ᠲᠠᠢ ᠪᠠᠶᠢᠬᠤ ᠬᠡᠷᠡᠭᠲᠡᠢ᠃      ᠤᠯᠤᠰ ᠤᠨ ᠨᠢᠭᠡᠳᠦᠯᠲᠡᠢ ᠬᠠᠤᠯᠢ ᠴᠠᠭᠠᠵᠠ ᠶᠢᠨ ᠠᠵᠢᠯ ᠮᠡᠷᠭᠡᠵᠢᠯ ᠤᠨ ᠬᠢᠷᠢ ᠬᠡᠮ ᠢ ᠣᠯᠣᠭᠰᠠᠨ ᠠᠵᠢᠯᠲᠠᠨ ᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠬᠢᠷᠢ ᠭᠡᠮ ᠢ ᠭᠡᠷᠡᠴᠢᠯᠡᠬᠦ ᠰᠢᠯᠭᠠᠯᠲᠠ ᠠᠴᠠ ᠬᠡᠯᠲᠦᠷᠢᠭᠦᠯᠵᠦ ᠪᠣᠯᠣᠨ᠎ᠠ᠃      ᠠᠷᠪᠠᠨ ᠨᠢᠭᠡᠳᠦᠭᠡᠷ ᠵᠦᠢᠯ  ᠳᠣᠣᠷᠠᠬᠢ ᠠᠵᠢᠯᠲᠠᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠬᠢᠷᠢ ᠭᠡᠮ ᠢ ᠭᠡᠷᠡᠴᠢᠯᠡᠬᠦ ᠪᠣᠯᠪᠠᠰᠤᠷᠠᠯ ᠢ ᠥᠩᠭᠡᠷᠡᠭᠡᠭᠰᠡᠨ ᠤ ᠳᠠᠷᠠᠭ᠎ᠠ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠳᠤ ᠬᠢᠨᠠᠯᠲᠠ ᠲᠠᠯᠪᠢᠬᠤ ᠭᠡᠷᠡᠴᠢ ᠲᠡᠮᠳᠡᠭ ᠢ ᠭᠤᠶᠤᠴᠢᠯᠠᠨ ᠠᠪᠴᠤ ᠪᠣᠯᠣᠨ᠎ᠠ᠄      ︵ᠨᠢᠭᠡ︶ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠪᠦᠷᠢᠯᠳᠦᠭᠦᠨ︔      ︵ᠬᠤᠶᠠᠷ︶ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠳᠤ ᠬᠢᠨᠠᠯᠲᠠ ᠲᠠᠯᠪᠢᠬᠤ ᠠᠵᠢᠯ ᠢ ᠬᠢᠵᠦ ᠪᠠᠶᠢᠭ᠎ᠠ ᠣᠷᠣᠨ ᠲᠤᠭ᠎ᠠ ᠠᠵᠢᠯ ᠤᠨ ᠪᠠᠶᠢᠷᠢ ᠳᠤ ᠪᠠᠶᠢᠬᠤ ᠠᠵᠢᠯᠲᠠᠨ︔      ︵ᠭᠤᠷᠪᠠ︶ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠᠶᠢᠭᠤᠯᠭ᠎ᠠ ᠶᠢᠨ ᠬᠠᠷᠢᠭᠤᠴᠠᠯᠭᠠᠲᠠᠨ ᠪᠠ ᠬᠠᠤᠯᠢ ᠳᠦᠷᠢᠮ ᠤᠨ ᠠᠵᠢᠯ ᠢ ᠬᠢᠵᠦ ᠪᠠᠶᠢᠭ᠎ᠠ ᠣᠷᠣᠨ ᠲᠤᠭ᠎ᠠ ᠠᠵᠢᠯ ᠤᠨ ᠪᠠᠶᠢᠷᠢ ᠳᠤ ᠪᠠᠶᠢᠬᠤ ᠠᠵᠢᠯᠲᠠᠨ︔      ︵ᠳᠥᠷᠪᠡ︶ ᠬᠠᠤᠯᠢ ᠴᠠᠭᠠᠵᠠ᠂ ᠬᠠᠤᠯᠢ ᠲᠣᠭᠲᠠᠭᠠᠯ ᠳᠤ ᠲᠣᠭᠲᠠᠭᠠᠭᠰᠠᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠳᠤ ᠬᠢᠨᠠᠯᠲᠠ ᠲᠠᠯᠪᠢᠬᠤ ᠭᠡᠷᠡᠴᠢ ᠲᠡᠮᠳᠡᠭ ᠭᠤᠶᠤᠴᠢᠯᠠᠨ ᠠᠪᠴᠤ ᠪᠣᠯᠬᠤ ᠪᠤᠰᠤᠳ ᠠᠵᠢᠯᠲᠠᠨ᠃      ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠳᠤ ᠬᠢᠨᠠᠯᠲᠠ ᠲᠠᠯᠪᠢᠬᠤ ᠭᠡᠷᠡᠴᠢ ᠲᠡᠮᠳᠡᠭ ᠭᠤᠶᠤᠴᠢᠯᠠᠬᠤ ᠪᠠᠷ ᠪᠠᠶᠢᠭ᠎ᠠ ᠠᠵᠢᠯᠲᠠᠨ ᠵᠡᠷᠭᠡ ᠳᠤ ᠨᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠭᠡᠷᠡᠴᠢ ᠲᠡᠮᠳᠡᠭ ᠠᠪᠬᠤ ᠪᠠᠷ ᠭᠤᠶᠤᠴᠢᠯᠠᠵᠤ ᠪᠣᠯᠬᠤ ᠦᠭᠡᠢ᠃      ᠠᠷᠪᠠᠨ ᠬᠤᠶᠠᠳᠤᠭᠠᠷ ᠵᠦᠢᠯ  ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠲᠠᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠭᠡᠷᠡᠴᠢ ᠲᠡᠮᠳᠡᠭ ᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠᠶᠢᠭᠤᠯᠭ᠎ᠠ ᠠᠴᠠ ᠨᠢᠭᠡᠳᠦᠯᠲᠡᠢ ᠭᠤᠶᠤᠴᠢᠯᠠᠨ᠎ᠠ᠃ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠᠶᠢᠭᠤᠯᠭ᠎ᠠ ᠨᠢ ᠠᠳᠠᠯᠢ ᠱᠠᠲᠤᠨ ᠤ ᠠᠷᠠᠳ ᠤᠨ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠲᠤ ᠭᠤᠶᠤᠴᠢᠯᠠᠯ ᠭᠠᠷᠭᠠᠵᠤ᠂ ᠬᠠᠮᠢᠶ᠎ᠠ ᠪᠦᠬᠦᠢ ᠮᠠᠲ᠋ᠧᠷᠢᠶᠠᠯ ᠢ ᠮᠡᠳᠡᠭᠦᠯᠦᠨ ᠬᠦᠷᠭᠡᠬᠦ ᠶᠢᠨ ᠬᠠᠮᠲᠤ᠂ ᠮᠠᠲ᠋ᠧᠷᠢᠶᠠᠯ ᠤᠨ ᠦᠨᠡᠨ ᠪᠣᠳᠠᠲᠤ ᠴᠢᠨᠠᠷ ᠲᠤ ᠬᠠᠷᠢᠭᠤᠴᠠᠬᠤ ᠬᠡᠷᠡᠭᠲᠡᠢ᠃      ᠰᠤᠮᠤ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠭᠡᠷᠡᠴᠢ ᠲᠡᠮᠳᠡᠭ ᠠᠪᠬᠤ ᠪᠠᠷ ᠭᠤᠶᠤᠴᠢᠯᠬᠤ ᠳᠤ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠲᠤ ᠭᠤᠶᠤᠴᠢᠯᠠᠯ ᠭᠠᠷᠭᠠᠬᠤ ᠬᠡᠷᠡᠭᠲᠡᠢ᠃      ᠠᠷᠪᠠᠨ ᠭᠤᠷᠪᠠᠳᠤᠭᠠᠷ ᠵᠦᠢᠯ  ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ ᠲᠣᠰ ᠠᠷᠭ᠎ᠠ ᠶᠢᠨ ᠠᠷᠪᠠᠳᠤᠭᠠᠷ ᠵᠦᠢᠯ ᠪᠠ ᠠᠷᠪᠠᠨ ᠨᠢᠭᠡᠳᠦᠭᠡᠷ ᠵᠦᠢᠯ ᠤᠨ ᠲᠣᠭᠲᠠᠭᠠᠯ ᠶᠣᠰᠣᠭᠠᠷ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠᠶᠢᠭᠤᠯᠭ᠎ᠠ ᠶᠢᠨ ᠮᠡᠳᠡᠭᠦᠯᠦᠨ ᠬᠦᠷᠭᠡᠭᠰᠡᠨ ᠮᠠᠲ᠋ᠧᠷᠢᠶᠠᠯ ᠳᠤ ᠬᠢᠨᠠᠨ ᠪᠠᠶᠢᠴᠠᠭᠠᠯᠲᠠ ᠬᠢᠵᠦ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠲᠤ ᠱᠠᠲᠤ ᠳᠠᠷᠠᠭᠠᠯᠠᠨ ᠮᠡᠳᠡᠭᠦᠯᠵᠦ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠭᠡᠷᠡᠴᠢ ᠲᠡᠮᠳᠡᠭ ᠢ ᠬᠠᠷᠭᠤᠭᠤᠯᠤᠨ ᠲᠠᠷᠬᠠᠭᠠᠬᠤ ᠬᠡᠷᠡᠭᠲᠡᠢ᠃      ᠠᠷᠪᠠᠨ ᠳᠥᠷᠪᠡᠳᠦᠭᠡᠷ ᠵᠦᠢᠯ  ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠭᠡᠷᠡᠴᠢ ᠲᠡᠮᠳᠡᠭ ᠲᠤ ᠳᠣᠣᠷᠠᠬᠢ ᠮᠡᠳᠡᠭᠡ ᠵᠠᠩᠭᠢ ᠪᠠᠭᠲᠠᠬᠤ ᠬᠡᠷᠡᠭᠲᠡᠢ᠄      ︵ᠨᠢᠭᠡ︶ ᠭᠡᠷᠡᠴᠢ ᠲᠡᠮᠳᠡᠭ ᠡᠵᠡᠮᠰᠢᠭᠴᠢ ᠶᠢᠨ ᠨᠡᠷ᠎ᠡ ᠠᠯᠳᠠᠷ᠂ ᠰᠡᠭᠦᠳᠡᠷ ᠪᠠ ᠬᠤᠶᠠᠷ ᠬᠡᠮᠵᠢᠯᠲᠦ ᠺᠣᠳ᠋︔      ︵ᠬᠤᠶᠠᠷ︶ ᠬᠠᠷᠢᠶᠠᠯᠠᠭᠳᠠᠬᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠᠶᠢᠭᠤᠯᠭ᠎ᠠ ᠶᠢᠨ ᠨᠡᠷᠡᠶᠢᠳᠦᠯ ᠪᠠ ᠬᠠᠤᠯᠢ ᠬᠡᠷᠡᠭᠵᠢᠭᠦᠯᠬᠦ ᠲᠥᠷᠥᠯ ᠵᠦᠢᠯ︔      ︵ᠭᠤᠷᠪᠠ︶ ᠨᠣᠮᠧᠷ ᠳ᠋ᠤᠭᠠᠷ᠂ ᠬᠦᠴᠦᠨ ᠲᠠᠢ ᠬᠤᠭᠤᠴᠠᠭ᠎ᠠ ᠪᠠ ᠦᠢᠯᠡᠳᠦᠨ ᠲᠠᠷᠬᠠᠭᠠᠭᠰᠠᠨ ᠪᠠᠶᠢᠭᠤᠯᠭ᠎ᠠ᠃      ᠠᠷᠪᠠᠨ ᠲᠠᠪᠤᠳᠤᠭᠠᠷ ᠵᠦᠢᠯ  ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠲᠠᠨ ᠪᠠ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠳᠤ ᠬᠢᠨᠠᠯᠲᠠ ᠲᠠᠯᠪᠢᠬᠤ ᠠᠵᠢᠯᠲᠠᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠯᠠᠭ᠎ᠠ ᠶᠢ ᠬᠡᠷᠡᠭᠵᠢᠭᠦᠯᠬᠦ ᠳᠤ᠂ ᠰᠠᠨᠠᠭᠠᠴᠢᠯᠠᠭ᠎ᠠ ᠠᠴᠠ ᠪᠠᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠭᠡᠷᠡᠴᠢ ᠲᠡᠮᠳᠡᠭ ᠢᠶᠠᠨ ᠭᠠᠷᠭᠠᠵᠤ ᠦᠵᠡᠭᠦᠯᠬᠦ ᠬᠡᠷᠡᠭᠲᠡᠢ᠃ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠭᠡᠷᠡᠴᠢ ᠲᠡᠮᠳᠡᠭ ᠢᠶᠠᠨ ᠭᠠᠷᠭᠠᠵᠤ ᠦᠵᠡᠭᠦᠯᠦᠭᠰᠡᠨ ᠦᠭᠡᠢ ᠪᠤᠶᠤ ᠡᠭᠦᠷᠭᠡ ᠬᠠᠷᠢᠭᠤᠴᠠᠯᠭ᠎ᠠ ᠡᠷᠬᠡ ᠶᠢᠨ ᠬᠢᠵᠠᠭᠠᠷ᠂ ᠣᠷᠣᠨ ᠪᠦᠰᠡ ᠶᠢᠨ ᠬᠡᠪᠴᠢᠶᠡᠨ ᠠᠴᠠ ᠪᠠᠨ ᠳᠠᠪᠠᠵᠤ ᠬᠠᠤᠯᠢ ᠬᠡᠷᠡᠭᠵᠢᠭᠦᠯᠪᠡᠯ᠂ ᠲᠤᠬᠠᠢ ᠶᠢᠨ ᠬᠥᠮᠥᠨ ᠲᠡᠭᠦᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠯᠠᠭ᠎ᠠ ᠶᠢ ᠲᠡᠪᠴᠢᠬᠦ ᠡᠷᠬᠡ ᠲᠠᠢ᠃      ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠭᠡᠷᠡᠴᠢ ᠲᠡᠮᠳᠡᠭ ᠤᠨ ᠬᠠᠮᠢᠶᠠᠷᠤᠯᠲᠠ ᠶᠢᠨ ᠲᠠᠪᠴᠠᠩ ᠳᠤ ᠪᠦᠷᠢᠯᠳᠦᠭᠰᠡᠨ ᠡᠯᠧᠺᠲᠷᠣᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠭᠡᠷᠡᠴᠢ ᠲᠡᠮᠳᠡᠭ ᠨᠢ ᠪᠣᠳᠠᠲᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠭᠡᠷᠡᠴᠢ ᠲᠡᠮᠳᠡᠭ ᠯᠦᠭᠡ ᠠᠳᠠᠯᠢᠬᠠᠨ ᠦᠢᠯᠡᠳᠦᠯ ᠬᠦᠴᠦᠨ ᠲᠠᠢ᠃      ᠠᠷᠪᠠᠨ ᠵᠢᠷᠭᠤᠳᠤᠭᠠᠷ ᠵᠦᠢᠯ ᠶᠠᠮᠠᠷᠪᠠ ᠨᠢᠭᠡᠴᠢ ᠪᠠ ᠬᠤᠪᠢ ᠬᠥᠮᠥᠨ ᠭᠡᠳ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠭᠡᠷᠡᠴᠢ ᠲᠡᠮᠳᠡᠭ ᠢ ᠪᠠᠯᠠᠯᠤᠨ ᠵᠠᠰᠠᠬᠤ᠂ ᠪᠤᠰᠤᠳ ᠲᠤ ᠵᠢᠭᠡᠯᠡᠭᠦᠯᠦᠨ ᠬᠡᠷᠡᠭᠯᠡᠭᠦᠯᠬᠦ᠂ ᠬᠠᠭᠤᠷᠮᠠᠭ ᠢᠶᠠᠷ ᠵᠣᠬᠢᠶᠠᠬᠤ ᠪᠠ ᠬᠠᠤᠯᠢ ᠪᠤᠰᠤ ᠪᠠᠷ ᠳᠠᠷᠤᠮᠠᠯᠯᠠᠨ ᠦᠢᠯᠡᠳᠴᠦ ᠪᠣᠯᠬᠤ ᠦᠭᠡᠢ᠃      ᠠᠷᠪᠠᠨ ᠳᠣᠯᠣᠳᠤᠭᠠᠷ ᠵᠦᠢᠯ  ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠭᠡᠷᠡᠴᠢ ᠲᠡᠮᠳᠡᠭ ᠤᠨ ᠬᠦᠴᠦᠨ ᠲᠠᠢ ᠬᠤᠭᠤᠴᠠᠭ᠎ᠠ ᠨᠢ ᠵᠢᠷᠭᠤᠭᠠᠨ ᠵᠢᠯ ᠪᠣᠯᠣᠨ᠎ᠠ᠃ ᠬᠦᠴᠦᠨ ᠲᠠᠢ ᠬᠤᠭᠤᠴᠠᠭ᠎ᠠ ᠨᠢ ᠭᠦᠢᠴᠡᠬᠦ ᠠᠴᠠ ᠭᠤᠷᠪᠠᠨ ᠰᠠᠷ᠎ᠠ ᠶᠢᠨ ᠡᠮᠦᠨ᠎ᠡ ᠪᠠᠶᠢᠭ᠎ᠠ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠᠶᠢᠭᠤᠯᠭ᠎ᠠ ᠠᠴᠠ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠭᠡᠷᠡᠴᠢ ᠲᠡᠮᠳᠡᠭ ᠢ ᠨᠢ ᠰᠣᠯᠢᠵᠤ ᠥᠭᠭᠦᠭᠦᠯᠬᠦ ᠪᠠᠷ ᠭᠤᠶᠤᠴᠢᠯᠠᠨ᠎ᠠ᠃      ᠠᠷᠪᠠᠨ ᠨᠠᠢᠮᠠᠳᠤᠭᠠᠷ ᠵᠦᠢᠯ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠭᠡᠷᠡᠴᠢ ᠲᠡᠮᠳᠡᠭ ᠤᠨ ᠬᠦᠴᠦᠨ ᠲᠠᠢ ᠬᠤᠭᠤᠴᠠᠭᠠᠨ ᠳᠣᠲᠣᠷ᠎ᠠ᠂ ᠭᠡᠷᠡᠴᠢ ᠲᠡᠮᠳᠡᠭ ᠡᠵᠡᠮᠰᠢᠭᠴᠢ ᠶᠢᠨ ᠠᠵᠢᠯ ᠤᠨ ᠪᠠᠶᠢᠷᠢ ᠰᠣᠯᠢᠭᠳᠠᠭᠰᠠᠨ ᠠᠴᠠ ᠪᠣᠯᠵᠤ ᠪᠠᠶᠢᠭ᠎ᠠ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠᠶᠢᠭᠤᠯᠭ᠎ᠠ ᠨᠢ ᠬᠤᠪᠢᠷᠠᠯᠲᠠ ᠭᠠᠷᠤᠭᠰᠠᠨ ᠪᠣᠯ᠂ ᠠᠵᠢᠯ ᠰᠢᠯᠵᠢᠵᠦ ᠣᠴᠢᠭᠰᠠᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠᠶᠢᠭᠤᠯᠭ᠎ᠠ ᠠᠴᠠ ᠬᠠᠤᠯᠢ ᠴᠠᠭᠠᠵᠠ ᠶᠢᠨ ᠮᠡᠳᠡᠯᠭᠡ ᠪᠠ ᠲᠤᠬᠠᠶᠢᠯᠠᠭᠰᠠᠨ ᠠᠵᠢᠯ ᠤᠨ ᠮᠡᠳᠡᠯᠭᠡ ᠶᠢᠨ ᠪᠣᠯᠪᠠᠰᠤᠷᠠᠯ ᠢ ᠵᠣᠬᠢᠶᠠᠨ ᠪᠠᠶᠢᠭᠤᠯᠤᠭᠰᠠᠨ ᠤ ᠳᠠᠷᠠᠭ᠎ᠠ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠭᠡᠷᠡᠴᠢ ᠲᠡᠮᠳᠡᠭ ᠢ ᠨᠢ ᠰᠣᠯᠢᠵᠤ ᠥᠭᠭᠦᠭᠦᠯᠬᠦ ᠪᠠᠷ ᠭᠤᠶᠤᠴᠢᠯᠠᠨ᠎ᠠ᠃      ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠭᠡᠷᠡᠴᠢ ᠲᠡᠮᠳᠡᠭ ᠲᠤ ᠲᠣᠳᠣᠷᠬᠠᠶᠢᠯᠠᠭᠰᠠᠨ ᠵᠦᠢᠯᠡᠰ ᠨᠢ ᠬᠤᠪᠢᠷᠠᠯᠲᠠ ᠭᠠᠷᠬᠤ ᠪᠤᠶᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠭᠡᠷᠡᠴᠢ ᠲᠡᠮᠳᠡᠭ ᠨᠢ ᠬᠦᠨᠳᠦ ᠨᠣᠴᠢᠲᠠᠢ ᠡᠪᠳᠡᠭᠳᠡᠨ ᠰᠦᠢᠳᠬᠡᠭᠳᠡᠭᠰᠡᠨ ᠪᠠᠶᠢᠪᠠᠯ᠂ ᠭᠡᠷᠡᠴᠢ ᠲᠡᠮᠳᠡᠭ ᠡᠵᠡᠮᠰᠢᠭᠴᠢ ᠶᠢᠨ ᠪᠠᠶᠢᠭ᠎ᠠ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠᠶᠢᠭᠤᠯᠭ᠎ᠠ ᠠᠴᠠ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠭᠡᠷᠡᠴᠢ ᠲᠡᠮᠳᠡᠭ ᠢ ᠨᠢ ᠰᠣᠯᠢᠵᠤ ᠥᠭᠭᠦᠭᠦᠯᠬᠦ ᠪᠠᠷ ᠭᠤᠶᠤᠴᠢᠯᠠᠨ᠎ᠠ᠃      ᠠᠷᠪᠠ ᠶᠢᠰᠦᠳᠦᠭᠡᠷ ᠵᠦᠢᠯ  ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠭᠡᠷᠡᠴᠢ ᠲᠡᠮᠳᠡᠭ ᠨᠢ ᠭᠡᠭᠡᠭᠳᠡᠭᠰᠡᠨ ᠪᠠᠶᠢᠪᠠᠯ᠂ ᠭᠡᠷᠡᠴᠢ ᠲᠡᠮᠳᠡᠭ ᠡᠵᠡᠮᠰᠢᠭᠴᠢ ᠴᠠᠭ ᠲᠤᠬᠠᠢ ᠳᠤ ᠨᠢ ᠪᠠᠶᠢᠭ᠎ᠠ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠᠶᠢᠭᠤᠯᠭ᠎ᠠ ᠳᠤ ᠪᠠᠨ ᠮᠡᠳᠡᠭᠦᠯᠬᠦ ᠬᠡᠷᠡᠭᠲᠡᠢ᠃ ᠪᠠᠶᠢᠭ᠎ᠠ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠᠶᠢᠭᠤᠯᠭ᠎ᠠ ᠨᠢ ᠲᠤᠬᠠᠢ ᠶᠢᠨ ᠭᠠᠵᠠᠷ ᠤᠨ ᠭᠤᠣᠯ ᠪᠣᠯᠬᠤ ᠰᠣᠨᠢᠨ ᠰᠡᠳᠬᠦᠯ᠂ ᠵᠠᠰᠠᠭ ᠤᠨ ᠣᠷᠳᠣᠨ ᠤ ᠰᠦᠯᠵᠢᠶᠡᠨ ᠥᠷᠳᠡᠭᠡ ᠪᠤᠶᠤ ᠪᠤᠰᠤᠳ ᠰᠦᠯᠵᠢᠶᠡᠨ ᠳᠡᠭᠡᠷᠡᠬᠢ ᠵᠠᠰᠠᠭ ᠤᠨ ᠶᠠᠪᠤᠳᠠᠯ ᠤᠨ ᠵᠠᠭᠤᠴᠢᠯᠠᠭᠤᠷ ᠢᠶᠠᠷ ᠬᠦᠴᠦᠨ ᠦᠭᠡᠢ ᠪᠣᠯᠤᠭᠰᠠᠨ ᠢ ᠨᠡᠶᠢᠭᠡᠮ ᠳᠤ ᠵᠠᠷᠯᠠᠨ ᠨᠡᠶᠢᠲᠡᠯᠡᠵᠦ᠂ ᠵᠠᠷᠯᠠᠨ ᠨᠡᠶᠢᠲᠡᠯᠡᠬᠦ ᠬᠤᠭᠤᠴᠠᠭ᠎ᠠ ᠨᠢ ᠭᠤᠴᠢᠨ ᠡᠳᠦᠷ ᠪᠣᠯᠣᠨ᠎ᠠ᠃ ᠵᠠᠷᠯᠠᠨ ᠨᠡᠶᠢᠲᠡᠯᠡᠬᠦ ᠬᠤᠭᠤᠴᠠᠭ᠎ᠠ ᠭᠦᠢᠴᠡᠭᠰᠡᠨ ᠤ ᠳᠠᠷᠠᠭ᠎ᠠ ᠵᠠᠷᠯᠠᠯ ᠢᠶᠠᠷ ᠪᠠᠷᠢᠮᠲᠠ ᠪᠣᠯᠭᠠᠵᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠭᠡᠷᠡᠴᠢ ᠲᠡᠮᠳᠡᠭ ᠨᠥᠬᠦᠨ ᠠᠪᠬᠤ ᠪᠠᠷ ᠭᠤᠶᠤᠴᠢᠯᠠᠨ᠎ᠠ᠃      ᠬᠤᠷᠢᠳᠤᠭᠠᠷ ᠵᠦᠢᠯ  ᠭᠡᠷᠡᠴᠢ ᠲᠡᠮᠳᠡᠭ ᠡᠵᠡᠮᠰᠢᠭᠴᠢ ᠳᠤ ᠳᠣᠣᠷᠠᠬᠢ ᠪᠠᠶᠢᠳᠠᠯ ᠤᠨ ᠨᠢᠭᠡ ᠨᠢ ᠪᠠᠶᠢᠪᠠᠯ᠂ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ ᠲᠡᠭᠦᠨ ᠤ ᠪᠠᠶᠢᠭ᠎ᠠ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠᠶᠢᠭᠤᠯᠭ᠎ᠠ ᠳᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠳᠤ ᠬᠢᠨᠠᠯᠲᠠ ᠲᠠᠯᠪᠢᠬᠤ ᠪᠢᠴᠢᠭ ᠬᠠᠷ᠎ᠠ ᠶᠢ ᠵᠣᠬᠢᠶᠠᠨ ᠲᠠᠷᠬᠠᠭᠠᠵᠤ ᠪᠣᠯᠣᠨ᠎ᠠ᠄      ︵ᠨᠢᠭᠡ︶ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠯᠠᠭᠠᠨ ᠤ ᠳᠤᠮᠳᠠ ᠲᠣᠭᠲᠠᠭᠠᠯ ᠶᠣᠰᠣᠭᠠᠷ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠭᠡᠷᠡᠴᠢ ᠲᠡᠮᠳᠡᠭ ᠢᠶᠠᠨ ᠭᠠᠷᠭᠠᠵᠤ ᠦᠵᠡᠭᠦᠯᠦᠭᠰᠡᠨ ᠦᠭᠡᠢ ᠪᠤᠶᠤ ᠡᠭᠦᠷᠭᠡ ᠬᠠᠷᠢᠭᠤᠴᠠᠯᠭ᠎ᠠ ᠡᠷᠬᠡ ᠶᠢᠨ ᠬᠢᠵᠠᠭᠠᠷ᠂ ᠣᠷᠣᠨ ᠪᠦᠰᠡ ᠶᠢᠨ ᠬᠡᠪᠴᠢᠶᠡᠨ ᠠᠴᠠ ᠪᠠᠨ ᠳᠠᠪᠠᠵᠤ ᠬᠠᠤᠯᠢ ᠬᠡᠷᠡᠭᠵᠢᠭᠦᠯᠦᠭᠰᠡᠨ︔      ︵ᠬᠤᠶᠠᠷ︶ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠭᠡᠷᠡᠴᠢ ᠲᠡᠮᠳᠡᠭ ᠢᠶᠠᠨ ᠭᠡᠭᠡᠭᠳᠡᠭᠦᠯᠦᠭᠡᠳ ᠴᠠᠭ ᠲᠤᠬᠠᠢ ᠳᠤ ᠨᠢ ᠮᠡᠳᠡᠭᠦᠯᠦᠭᠰᠡᠨ ᠦᠭᠡᠢ ᠪᠤᠶᠤ ᠬᠦᠴᠦᠨ ᠦᠭᠡᠢ ᠪᠣᠯᠤᠭᠰᠠᠨ ᠢ ᠵᠠᠷᠯᠠᠨ ᠨᠡᠶᠢᠲᠡᠯᠡᠭᠰᠡᠨ ᠦᠭᠡᠢ ᠠᠴᠠ ᠮᠠᠭᠤ ᠦᠷ᠎ᠡ ᠳ᠋ᠦᠩ ᠭᠠᠷᠤᠭᠰᠠᠨ︔      ︵ᠭᠤᠷᠪᠠ︶ ᠪᠠᠯᠠᠯᠤᠨ ᠵᠠᠰᠠᠭᠰᠠᠨ᠂ ᠬᠠᠭᠤᠷᠮᠠᠭ ᠢᠶᠠᠷ ᠵᠣᠬᠢᠶᠠᠭᠰᠠᠨ ᠪᠠ ᠬᠠᠤᠯᠢ ᠪᠤᠰᠤ ᠪᠠᠷ ᠳᠠᠷᠤᠮᠠᠯᠯᠠᠨ ᠵᠣᠬᠢᠶᠠᠭᠰᠠᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠭᠡᠷᠡᠴᠢ ᠲᠡᠮᠳᠡᠭ ᠢ ᠬᠡᠷᠡᠭᠯᠡᠬᠦ ᠪᠤᠶᠤ ᠪᠤᠰᠤᠳ ᠲᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠭᠡᠷᠡᠴᠢ ᠲᠡᠮᠳᠡᠭ ᠢᠶᠠᠨ ᠵᠢᠭᠡᠯᠡᠭᠦᠯᠦᠨ ᠬᠡᠷᠡᠭᠯᠡᠭᠦᠯᠦᠭᠰᠡᠨ︔      ︵ᠳᠥᠷᠪᠡ︶ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠭᠡᠷᠡᠴᠢ ᠲᠡᠮᠳᠡᠭ ᠤᠨ ᠬᠠᠮᠢᠶᠠᠷᠤᠯᠲᠠ ᠶᠢᠨ ᠪᠤᠰᠤᠳ ᠲᠣᠭᠲᠠᠭᠠᠯ ᠢ ᠵᠥᠷᠢᠴᠡᠭᠰᠡᠨ ᠪᠠᠶᠢᠳᠠᠯ᠃      ᠬᠤᠷᠢᠨ ᠨᠢᠭᠡᠳᠦᠭᠡᠷ ᠵᠦᠢᠯ  ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ ᠭᠡᠷᠡᠴᠢ ᠲᠡᠮᠳᠡᠭ ᠡᠵᠡᠮᠰᠢᠭᠴᠢ ᠶᠢᠨ ᠬᠤᠳᠠᠯ ᠬᠡᠯᠡᠵᠦ ᠬᠠᠭᠤᠷᠮᠠᠭ ᠢᠶᠠᠷ ᠵᠣᠬᠢᠶᠠᠬᠤ ᠪᠤᠶᠤ ᠪᠤᠰᠤᠳ ᠬᠠᠤᠯᠢ ᠪᠤᠰᠤ ᠠᠷᠭ᠎ᠠ ᠪᠠᠷᠢᠯ ᠢᠶᠠᠷ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠭᠡᠷᠡᠴᠢ ᠲᠡᠮᠳᠡᠭ ᠣᠯᠣᠭᠰᠠᠨ ᠢ ᠮᠡᠳᠡᠪᠡᠯ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠲᠤ ᠱᠠᠲᠤ ᠳᠠᠷᠠᠭᠠᠯᠠᠨ ᠮᠡᠳᠡᠭᠦᠯᠵᠦ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠭᠡᠷᠡᠴᠢ ᠲᠡᠮᠳᠡᠭ ᠢ ᠨᠢ ᠬᠦᠴᠦᠨ ᠦᠭᠡᠢ ᠪᠣᠯᠭᠠᠬᠤ ᠬᠡᠷᠡᠭᠲᠡᠢ᠃      ᠬᠤᠷᠢᠨ ᠬᠤᠶᠠᠳᠤᠭᠠᠷ ᠵᠦᠢᠯ  ᠳᠣᠣᠷᠠᠬᠢ ᠪᠠᠶᠢᠳᠠᠯ ᠤᠨ ᠨᠢᠭᠡ ᠨᠢ ᠪᠠᠶᠢᠪᠠᠯ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠᠶᠢᠭᠤᠯᠭ᠎ᠠ ᠨᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠲᠤ ᠱᠠᠲᠤ ᠳᠠᠷᠠᠭᠠᠯᠠᠨ ᠮᠡᠳᠡᠭᠦᠯᠵᠦ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠭᠡᠷᠡᠴᠢ ᠲᠡᠮᠳᠡᠭ ᠢ ᠬᠦᠴᠦᠨ ᠦᠭᠡᠢ ᠪᠣᠯᠭᠠᠬᠤ ᠬᠡᠷᠡᠭᠲᠡᠢ᠄      ︵ᠨᠢᠭᠡ︶ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠭᠡᠷᠡᠴᠢ ᠲᠡᠮᠳᠡᠭ ᠤᠨ ᠬᠦᠴᠦᠨ ᠲᠠᠢ ᠬᠤᠭᠤᠴᠠᠭ᠎ᠠ ᠭᠦᠢᠴᠡᠭᠰᠡᠨ︔      ︵ᠬᠤᠶᠠᠷ︶ ᠭᠡᠷᠡᠴᠢ ᠲᠡᠮᠳᠡᠭ ᠡᠵᠡᠮᠰᠢᠭᠴᠢ ᠶᠢᠨ ᠲᠤᠰᠢᠶᠠᠯ ᠠᠴᠠ ᠪᠠᠨ ᠪᠠᠭᠤᠬᠤ᠂ ᠠᠵᠢᠯ ᠠᠴᠠ ᠨᠢ ᠪᠠᠭᠤᠯᠭᠠᠬᠤ᠂ ᠠᠵᠢᠯ ᠠᠴᠠ ᠪᠠᠨ ᠠᠮᠠᠷᠠᠬᠤ᠂ ᠦᠬᠦᠬᠦ᠂ ᠰᠢᠯᠵᠢᠭᠦᠯᠦᠨ ᠶᠠᠪᠤᠭᠤᠯᠬᠤ ᠪᠤᠶᠤ ᠪᠤᠰᠤᠳ ᠰᠢᠯᠲᠠᠭᠠᠨ ᠠᠴᠠ ᠪᠣᠯᠵᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠤᠨ ᠪᠠᠶᠢᠷᠢ ᠠᠴᠠ ᠰᠠᠯᠤᠭᠰᠠᠨ︔      ︵ᠭᠤᠷᠪᠠ︶ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠭᠡᠷᠡᠴᠢ ᠲᠡᠮᠳᠡᠭ ᠢ ᠨᠢ ᠬᠠᠤᠯᠢ ᠶᠣᠰᠣᠭᠠᠷ ᠬᠦᠴᠦᠨ ᠦᠭᠡᠢ ᠪᠣᠯᠭᠠᠭᠰᠠᠨ︔      ︵ᠳᠥᠷᠪᠡ︶ ᠬᠠᠤᠯᠢ ᠶᠣᠰᠣᠭᠠᠷ ᠬᠦᠴᠦᠨ ᠦᠭᠡᠢ ᠪᠣᠯᠭᠠᠪᠠᠰᠤ ᠵᠣᠬᠢᠬᠤ ᠪᠤᠰᠤᠳ ᠪᠠᠶᠢᠳᠠᠯ᠃      ᠬᠤᠷᠢᠨ ᠭᠤᠷᠪᠠᠳᠤᠭᠠᠷ ᠵᠦᠢᠯ  ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠭᠡᠷᠡᠴᠢ ᠲᠡᠮᠳᠡᠭ ᠢ ᠨᠢ ᠰᠣᠯᠢᠵᠤ ᠥᠭᠭᠦᠭᠰᠡᠨ᠂ ᠬᠦᠴᠦᠨ ᠦᠭᠡᠢ ᠪᠣᠯᠭᠠᠭᠰᠠᠨ ᠪᠠᠶᠢᠪᠠᠯ᠂ ᠭᠡᠷᠡᠴᠢ ᠲᠡᠮᠳᠡᠭ ᠡᠵᠡᠮᠰᠢᠭᠴᠢ ᠶᠢᠨ ᠪᠠᠶᠢᠭ᠎ᠠ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠᠶᠢᠭᠤᠯᠭ᠎ᠠ ᠨᠢ ᠴᠠᠭ ᠲᠤᠬᠠᠢ ᠳᠤ ᠨᠢ ᠤᠤᠯ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠭᠡᠷᠡᠴᠢ ᠲᠡᠮᠳᠡᠭ ᠢ ᠬᠤᠷᠢᠶᠠᠨ ᠠᠪᠬᠤ ᠶᠢᠨ ᠬᠠᠮᠲᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠭᠡᠷᠡᠴᠢ ᠲᠡᠮᠳᠡᠭ ᠢ ᠠᠪᠬᠤ ᠪᠠᠷ ᠭᠤᠶᠤᠴᠢᠯᠠᠭᠰᠠᠨ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠲᠤ ᠲᠤᠰᠢᠶᠠᠨ ᠤᠰᠠᠳᠬᠠᠯᠭᠠᠵᠤ᠂ ᠤᠰᠠᠳᠬᠠᠭᠰᠠᠨ ᠪᠠᠶᠢᠳᠠᠯ ᠢᠶᠠᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠲᠤ ᠱᠠᠲᠤ ᠳᠠᠷᠠᠭᠠᠯᠠᠨ ᠮᠡᠳᠡᠭᠦᠯᠬᠦ ᠬᠡᠷᠡᠭᠲᠡᠢ᠃      ᠬᠤᠷᠢᠨ ᠳᠥᠷᠪᠡᠳᠦᠭᠡᠷ ᠵᠦᠢᠯ  ᠭᠡᠷᠡᠴᠢ ᠲᠡᠮᠳᠡᠭ ᠡᠵᠡᠮᠰᠢᠭᠴᠢ ᠨᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠭᠡᠷᠡᠴᠢ ᠲᠡᠮᠳᠡᠭ ᠢᠶᠠᠨ ᠬᠦᠴᠦᠨ ᠦᠭᠡᠢ ᠪᠣᠯᠭᠠᠭᠳᠠᠭᠰᠠᠨ ᠪᠠ ᠬᠠᠰᠤᠭᠤᠯᠤᠭᠰᠠᠨ ᠶᠠᠪᠤᠳᠠᠯ ᠳᠤ ᠣᠨᠳᠣᠣ ᠰᠠᠨᠠᠯ ᠲᠠᠢ ᠪᠠᠶᠢᠪᠠᠯ᠂ ᠰᠢᠢᠳᠪᠦᠷᠢᠯᠡᠭᠰᠡᠨ ᠳ᠋ᠦᠩ ᠢ ᠮᠡᠳᠡᠭᠰᠡᠨ ᠪᠤᠶᠤ ᠮᠡᠳᠡᠬᠦ ᠶᠣᠰᠣᠲᠠᠢ ᠡᠳᠦᠷ ᠠᠴᠠ ᠡᠬᠢᠯᠡᠵᠦ ᠭᠤᠴᠢᠨ ᠡᠳᠦᠷ ᠤᠨ ᠳᠣᠲᠣᠷ᠎ᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠲᠤ ᠳᠠᠬᠢᠨ ᠬᠢᠨᠠᠭᠤᠯᠬᠤ ᠪᠠᠷ ᠭᠤᠶᠤᠴᠢᠯᠠᠵᠤ ᠪᠣᠯᠣᠨ᠎ᠠ᠃      ᠬᠤᠷᠢᠨ ᠲᠠᠪᠤᠳᠤᠭᠠᠷ ᠵᠦᠢᠯ ᠠᠷᠠᠳ ᠢᠷᠭᠡᠨ᠂ ᠬᠠᠤᠯᠢ ᠶᠢᠨ ᠡᠷᠬᠡᠲᠡᠨ ᠪᠤᠶᠤ ᠪᠤᠰᠤᠳ ᠵᠣᠬᠢᠶᠠᠨ ᠪᠠᠶᠢᠭᠤᠯᠤᠯᠲᠠ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠲᠠᠨ ᠳᠤ ᠲᠣᠰ ᠠᠷᠭ᠎ᠠ ᠶᠢᠨ ᠲᠣᠭᠲᠠᠭᠠᠯ ᠢ ᠵᠥᠷᠢᠴᠡᠭᠰᠡᠨ ᠦᠢᠯᠡ ᠠᠵᠢᠯᠯᠠᠭ᠎ᠠ ᠲᠠᠢ ᠪᠠᠶᠢᠬᠤ ᠶᠢ ᠣᠯᠵᠤ ᠮᠡᠳᠡᠪᠡᠯ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠲᠠᠨ ᠤ ᠪᠠᠶᠢᠭ᠎ᠠ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠᠶᠢᠭᠤᠯᠭ᠎ᠠ ᠪᠤᠶᠤ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠲᠤ ᠢᠯᠡᠴᠢᠯᠡᠨ ᠮᠡᠳᠡᠭᠦᠯᠵᠦ ᠪᠣᠯᠣᠨ᠎ᠠ᠃ ᠢᠯᠡᠴᠢᠯᠡᠨ ᠮᠡᠳᠡᠭᠦᠯᠦᠯᠲᠡ ᠶᠢ ᠬᠦᠯᠢᠶᠡᠨ ᠠᠪᠴᠤ ᠰᠢᠢᠳᠪᠦᠷᠢᠯᠡᠬᠦ ᠪᠠᠶᠢᠭᠤᠯᠭ᠎ᠠ ᠨᠢ ᠭᠤᠴᠢᠨ ᠡᠳᠦᠷ ᠤᠨ ᠳᠣᠲᠣᠷ᠎ᠠ ᠰᠢᠢᠳᠪᠦᠷᠢᠯᠡᠬᠦ ᠲᠣᠭᠲᠠᠭᠠᠯ ᠭᠠᠷᠭᠠᠬᠤ ᠶᠢᠨ ᠬᠠᠮᠲᠤ ᠢᠯᠡᠴᠢᠯᠡᠨ ᠮᠡᠳᠡᠭᠦᠯᠦᠭᠴᠢ ᠳᠤ ᠬᠠᠷᠢᠭᠤ ᠥᠭᠬᠦ ᠬᠡᠷᠡᠭᠲᠡᠢ᠃      ᠬᠤᠷᠢᠨ ᠵᠢᠷᠭᠤᠳᠤᠭᠠᠷ ᠵᠦᠢᠯ ᠲᠣᠰ ᠠᠷᠭ᠎ᠠ ᠶᠢᠨ ᠲᠣᠭᠲᠠᠭᠠᠯ ᠢ ᠵᠥᠷᠢᠴᠡᠭᠰᠡᠨ ᠦᠢᠯᠡ ᠠᠵᠢᠯᠯᠠᠭ᠎ᠠ᠂ ᠬᠤᠯᠪᠣᠭᠳᠠᠯ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ ᠳᠤ ᠨᠢᠭᠡᠨᠲᠡ ᠪᠣᠳᠠᠲᠠᠢ ᠰᠢᠢᠳᠬᠡᠨ ᠲᠣᠷᠭᠠᠬᠤ ᠲᠣᠭᠲᠠᠭᠠᠯ ᠭᠠᠷᠭᠠᠭᠰᠠᠨ ᠪᠠᠶᠢᠪᠠᠯ᠂ ᠲᠡᠷᠡ ᠲᠣᠭᠲᠠᠭᠠᠯ ᠢᠶᠠᠷ ᠬᠡᠷᠡᠭᠵᠢᠭᠦᠯᠦᠨ᠎ᠡ᠃      ᠬᠤᠷᠢᠨ ᠳᠣᠯᠣᠳᠤᠭᠠᠷ ᠵᠦᠢᠯ  ᠲᠣᠰ ᠠᠷᠭ᠎ᠠ ᠶᠢᠨ ᠲᠣᠭᠲᠠᠭᠠᠯ ᠢ ᠵᠥᠷᠢᠴᠡᠵᠦ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠᠶᠢᠭᠤᠯᠭ᠎ᠠ ᠨᠢ ᠨᠥᠬᠦᠴᠡᠯ ᠳᠤ ᠨᠡᠶᠢᠴᠡᠬᠦ ᠦᠭᠡᠢ ᠠᠵᠢᠯᠲᠠᠨ ᠳᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠭᠡᠷᠡᠴᠢ ᠲᠡᠮᠳᠡᠭ ᠭᠤᠶᠤᠴᠢᠯᠠᠨ ᠥᠭᠭᠦᠭᠰᠡᠨ ᠪᠠᠶᠢᠪᠠᠯ᠂ ᠲᠡᠭᠦᠨ ᠤ ᠳᠡᠭᠡᠷ᠎ᠡ ᠱᠠᠲᠤᠨ ᠤ ᠭᠤᠣᠯᠴᠢᠯᠠᠨ ᠬᠠᠮᠢᠶᠠᠷᠬᠤ ᠪᠠᠶᠢᠭᠤᠯᠭ᠎ᠠ ᠪᠤᠶᠤ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠠᠴᠠ ᠵᠠᠷᠯᠢᠭᠳᠠᠵᠤ ᠪᠠᠶᠢᠭᠠᠳ ᠵᠠᠯᠠᠷᠠᠭᠤᠯᠤᠨ᠎ᠠ︔ ᠦᠢᠯᠡ ᠪᠠᠶᠢᠳᠠᠯ ᠨᠢ ᠬᠦᠨᠳᠦ ᠨᠣᠴᠢᠲᠠᠢ ᠪᠣᠯ᠂ ᠰᠢᠭᠤᠳ ᠬᠠᠷᠢᠭᠤᠴᠠᠵᠤ ᠪᠠᠶᠢᠭ᠎ᠠ ᠭᠤᠣᠯᠴᠢᠯᠠᠨ ᠬᠠᠮᠢᠶᠠᠷᠤᠭᠴᠢ ᠪᠠ ᠪᠤᠰᠤᠳ ᠰᠢᠭᠤᠳ ᠬᠠᠷᠢᠭᠤᠴᠠᠯᠭᠠᠲᠠᠨ ᠳᠤ ᠬᠠᠤᠯᠢ ᠶᠣᠰᠣᠭᠠᠷ ᠰᠢᠢᠳᠬᠡᠯ ᠥᠭᠭᠦᠨ᠎ᠡ᠃      ᠬᠤᠷᠢᠨ ᠨᠠᠢᠮᠠᠳᠤᠭᠠᠷ ᠵᠦᠢᠯ  ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠭᠡᠷᠡᠴᠢ ᠲᠡᠮᠳᠡᠭ ᠤᠨ ᠬᠠᠮᠢᠶᠠᠷᠤᠯᠲᠠ ᠶᠢᠨ ᠠᠵᠢᠯ ᠳᠤ ᠲᠤᠰᠢᠶᠠᠯ ᠬᠠᠷᠢᠭᠤᠴᠠᠯᠭ᠎ᠠ ᠪᠠᠨ ᠤᠮᠳᠤᠭᠠᠶᠢᠯᠠᠬᠤ᠂ ᠡᠷᠬᠡ ᠲᠤᠰᠢᠶᠠᠯ ᠢᠶᠠᠨ ᠳᠤᠷ᠎ᠠ ᠪᠠᠷ ᠬᠡᠷᠡᠭᠯᠡᠬᠦ᠂ ᠬᠤᠪᠢ ᠶᠢᠨ ᠨᠠᠶᠢᠷ ᠲᠠᠯ᠎ᠠ ᠬᠠᠷᠠᠵᠤ ᠬᠠᠤᠯᠢ ᠶᠣᠰᠣ ᠶᠢ ᠵᠥᠷᠢᠴᠡᠪᠡᠯ᠂ ᠰᠢᠭᠤᠳ ᠬᠠᠷᠢᠭᠤᠴᠠᠵᠤ ᠪᠠᠶᠢᠭ᠎ᠠ ᠭᠤᠣᠯᠴᠢᠯᠠᠨ ᠬᠠᠮᠢᠶᠠᠷᠤᠭᠴᠢ ᠪᠠ ᠪᠤᠰᠤᠳ ᠰᠢᠭᠤᠳ ᠬᠠᠷᠢᠭᠤᠴᠠᠯᠭᠠᠲᠠᠨ ᠳᠤ ᠬᠠᠤᠯᠢ ᠶᠣᠰᠣᠭᠠᠷ ᠰᠢᠢᠳᠬᠡᠯ ᠥᠭᠭᠦᠨ᠎ᠡ︔ ᠶᠠᠯ᠎ᠠ ᠳᠤ ᠬᠥᠷᠥᠭᠰᠡᠨ ᠪᠠᠶᠢᠪᠠᠯ᠂ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃      ᠬᠤᠷᠢ ᠶᠢᠰᠦᠳᠦᠭᠡᠷ ᠵᠦᠢᠯ  ᠲᠣᠰ ᠠᠷᠭ᠎ᠠ ᠶᠢ 2023 ᠣᠨ ᠤ 12 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ 2015 ᠣᠨ ᠤ 9 ᠳ᠋ᠦ᠋ᠭᠡᠷ ᠰᠠᠷ᠎ᠠ ᠶᠢᠨ 30 ᠤ ᠡᠳᠦᠷ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠨᠡᠶᠢᠲᠡᠯᠡᠭᠰᠡᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠭᠡᠷᠡᠴᠢ ᠲᠡᠮᠳᠡᠭ ᠤᠨ ᠬᠠᠮᠢᠶᠠᠷᠤᠯᠲᠠ ᠶᠢᠨ ᠠᠷᠭ᠎ᠠ︾ ︵ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ 216 ᠳ᠋ᠤᠭᠠᠷ ᠲᠣᠭᠠᠲᠤ︶ ᠶᠢ ᠬᠠᠮᠲᠤ ᠳᠤ ᠨᠢ ᠬᠦᠴᠦᠨ ᠦᠭᠡᠢ ᠪᠣᠯᠭᠠᠨ᠎ᠠ᠃                        ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ                        ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ                  2023ᠣᠨ ᠤ 10 ᠳ᠋ᠤᠭᠠᠷ ᠰᠠᠷ᠎ᠠ ᠶᠢᠨ 24 ᠤ ᠡᠳᠦᠷ ᠳᠠᠷᠤᠮᠠᠯᠯᠠᠨ ᠲᠠᠷᠬᠠᠭᠠᠪᠠ
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号