ᠭᠤᠷᠪᠠᠳᠤᠭᠠᠷ ᠬᠤᠭᠤᠴᠠᠭᠠᠨ ᠤ ᠭᠦᠭᠡᠬᠤᠲᠠ ᠶᠢᠨ ᠪᠠᠶᠠᠰᠬᠤᠯᠠᠩᠲᠤ ᠮᠥᠰᠥ ᠴᠠᠰᠤᠨ ᠤ ᠨᠠᠶᠢᠷ ᠡᠬᠢᠯᠡᠯ᠎ᠡ
ᠨᠡᠶᠢᠲᠡᠯᠡᠭᠰᠡᠨ ᠴᠠᠭ᠄
2024/1/15
      1 ᠰᠠᠷ᠎ᠠ ᠶᠢᠨ 12 ᠤᠨ ᠡᠳᠦᠷ᠂ ᠭᠤᠷᠪᠠᠳᠤᠭᠠᠷ ᠬᠤᠭᠤᠴᠠᠭᠠᠨ ᠤ ᠭᠦᠭᠡᠬᠤᠲᠠ ᠶᠢᠨ ᠪᠠᠶᠠᠰᠬᠤᠯᠠᠩᠲᠤ ᠮᠥᠰᠥ ᠴᠠᠰᠤᠨ ᠤ ᠨᠠᠶᠢᠷ ᠶᠡᠭᠡ ᠲᠦᠷᠭᠡᠨ ᠭᠤᠣᠯ ᠤᠨ ᠴᠡᠷᠢᠭ ᠤᠨ ᠶᠠᠪᠤᠳᠠᠯ ᠤᠨ ᠰᠣᠶᠣᠯ ᠤᠨ ᠬᠦᠷᠢᠶᠡᠯᠡᠩ ᠳᠤ ᠨᠢᠵᠢᠭᠢᠷ ᠡᠬᠢᠯᠡᠵᠦ᠂ ᠲᠦᠷᠪᠡᠨ ᠵᠦᠭ ᠨᠠᠢᠮᠠᠨ ᠵᠣᠪᠬᠢᠰ ᠤᠨ ᠵᠢᠭᠤᠯᠴᠢᠯᠠᠬᠰᠠᠳ ᠢ ᠤᠭᠲᠤᠨ ᠠᠪᠤᠯ᠎ᠠ᠃      ᠲᠤᠰ ᠬᠤᠭᠤᠴᠠᠭᠠᠨ ᠤ ᠮᠥᠰᠥ ᠴᠠᠰᠤᠨ ᠤ ᠨᠠᠶᠢᠷ ᠨᠢ ︽ᠲᠣᠷᠭᠠᠨ ᠵᠠᠮ ᠤᠨ ᠭᠢᠯᠪᠠᠭ᠎ᠠ ᠪᠠᠶᠠᠷ ᠴᠡᠩᠭᠡᠯᠲᠦ ᠭᠦᠭᠡᠬᠤᠲᠠ︾ ᠪᠠᠷ ᠭᠤᠣᠯ ᠰᠡᠳᠦᠪ ᠪᠤᠯᠭᠠᠵᠤ᠂︽ᠭᠡᠷ ᠪᠦᠯᠢ ᠪᠠᠷ ᠢᠶᠠᠨ ᠤᠷᠤᠯᠴᠠᠬᠰᠠᠨ᠂ ᠤᠷᠤᠰᠬᠠᠯ ᠳᠠᠭᠠᠬᠰᠠᠨ᠂ ᠳᠡᠭᠡᠳᠦ ᠳᠡᠰ ᠤᠨ ᠵᠤᠭ᠎ᠠ ᠴᠡᠩᠭᠡᠯ︾ ᠭᠡᠬᠦ ᠭᠤᠷᠪᠠᠨ ᠶᠡᠭᠡ ᠭᠤᠣᠯᠳᠠᠯᠭ᠎ᠠ ᠶᠢᠨ ᠲᠣᠭᠤᠷᠢᠨ ᠳᠤ ᠤᠮᠠᠷᠠᠲᠤ ᠬᠢᠯᠢ ᠶᠢᠨ ᠰᠣᠶᠣᠯ ᠪᠠ ᠣᠷᠣᠨ ᠨᠤᠲᠤᠭ ᠤᠨ ᠵᠠᠩ ᠦᠶᠯᠡ ᠲᠠᠢ ᠤᠶᠠᠯᠳᠤᠭᠤᠯᠤᠨ᠂ ᠬᠤᠲᠠ ᠶᠢᠨ ᠠᠷᠠᠳ ᠪᠣᠯᠣᠨ ᠵᠢᠭᠤᠯᠴᠢᠯᠠᠬᠰᠠᠳ ᠲᠤ ᠮᠥᠰᠥ ᠴᠠᠰᠤᠨ ᠤ ᠤᠷᠠᠯᠢᠭ᠂ ᠮᠥᠰᠥ ᠴᠠᠰᠤᠨ ᠤ ᠰᠣᠶᠣᠯ᠂ ᠮᠥᠰᠥ ᠴᠠᠰᠤᠨ ᠤ ᠲᠣᠬᠯᠠᠯᠲᠠ᠂ ᠮᠥᠰᠥ ᠴᠠᠰᠤᠨ ᠤ ᠪᠠᠷᠢᠯᠭ᠎ᠠ᠂ ᠮᠥᠰᠥ ᠴᠠᠰᠤᠨ ᠤ ᠠᠵᠢᠯᠯᠠᠭ᠎ᠠ᠂ ᠮᠥᠰᠥ ᠴᠠᠰᠤᠨ ᠤ ᠪᠡᠶ᠎ᠡ ᠶᠢᠨ ᠲᠠᠮᠢᠷ ᠢ ᠨᠢᠭᠡ ᠴᠣᠭᠴᠠᠵᠢᠭᠤᠯᠤᠭᠰᠠᠨ ᠮᠥᠰᠥ ᠴᠠᠰᠤᠨ ᠤ ᠴᠡᠩᠭᠡᠯ ᠤᠨ ᠬᠦᠷᠢᠶᠡᠯᠡᠩ ᠢ ᠪᠠᠶᠢᠭᠤᠯᠵᠤ ᠥᠭᠬᠦ ᠶᠢ ᠵᠣᠷᠢᠵᠠᠢ᠃      ᠭᠦᠭᠡᠬᠤᠳᠠ ᠶᠢᠨ ᠡᠨᠡ ᠵᠢᠯ ᠤᠨ ᠮᠥᠰᠥ ᠴᠠᠰᠤᠨ ᠤ ᠨᠠᠭᠠᠳᠤᠮ ᠤᠨ ᠳᠠᠯᠠᠪᠠᠢ ᠨᠢ 27 ᠲᠦᠮᠡᠨ ᠲᠡᠭᠰᠢ ᠳᠥᠷᠪᠡᠯᠵᠢᠨ ᠮᠧᠲᠷ ᠪᠠᠶᠢᠵᠤ᠂ ᠬᠠᠷᠢᠯᠴᠠᠨ ᠦᠢᠯᠡᠳᠦᠯᠴᠡᠵᠦ ᠪᠡᠶᠡᠴᠢᠯᠡᠨ ᠣᠶᠢᠯᠠᠭᠠᠬᠤ ᠣᠨᠴᠠᠯᠢᠭᠲᠤ ᠲᠣᠭᠤᠷᠢᠭ᠂ ᠮᠥᠰᠥ ᠴᠠᠰᠤᠨ ᠤ ᠴᠡᠩᠭᠡᠯ ᠤᠨ ᠬᠦᠷᠢᠶᠡᠯᠡᠩ᠂ ᠬᠤᠳᠠᠯᠳᠤᠭᠠᠨ ᠤ ᠲᠣᠭᠤᠷᠢᠭ ᠭᠡᠬᠦ ᠭᠤᠷᠪᠠᠨ ᠶᠡᠭᠡ ᠭᠤᠣᠯ ᠰᠡᠳᠦᠪᠲᠦ ᠬᠤᠪᠢᠶᠠᠷᠢ ᠲᠣᠭᠤᠷᠢᠭ ᠭᠠᠷᠭᠠᠪᠠ᠃ ᠬᠠᠷᠢᠯᠴᠠᠨ ᠦᠢᠯᠡᠳᠦᠯᠴᠡᠵᠦ ᠪᠡᠶᠡᠴᠢᠯᠡᠨ ᠣᠶᠢᠯᠠᠭᠠᠬᠤ ᠣᠨᠴᠠᠯᠢᠭᠲᠤ ᠲᠣᠭᠤᠷᠢᠭ ᠨᠢ ᠬᠦᠷᠢᠶᠡᠯᠡᠩ ᠲᠣᠭᠤᠷᠢᠭ ᠤᠨ ᠲᠡᠮᠦᠷ ᠵᠠᠮ ᠤᠨ ᠭᠤᠣᠯ ᠰᠡᠳᠦᠪᠲᠦ ᠣᠨᠴᠠᠯᠢᠭᠲᠤ ᠦᠵᠡᠮᠵᠢ ᠪᠣᠯᠣᠨ ᠭᠤᠣᠯ ᠰᠡᠳᠦᠪᠲᠦ ᠴᠡᠩᠭᠡᠯ ᠤᠨ ᠬᠦᠷᠢᠶᠡᠯᠡᠩ ᠤᠨ ᠣᠶᠢᠯᠠᠭᠠᠭᠳᠠᠬᠤᠨ ᠲᠠᠢ ᠤᠶᠠᠯᠳᠤᠭᠤᠯᠤᠨ ᠭᠠᠯᠲᠤ ᠲᠡᠷᠭᠡᠨ ᠤ ᠦᠵᠡᠭᠦᠯᠭᠡ ᠣᠶᠢᠯᠠᠭᠠᠯᠲᠠ ᠶᠢᠨ ᠲᠣᠭᠤᠷᠢᠭ᠂ ᠲᠦᠷᠦᠯ ᠲᠡᠮᠳᠡᠭᠲᠦ ᠶᠢᠨ ᠭᠢᠯᠠᠰ ᠳᠡᠯᠭᠡᠭᠦᠷ᠂ ᠵᠡᠷᠭᠡᠯᠭᠡᠨᠲᠦ ᠠᠷᠠᠯ᠂ ᠴᠡᠷᠢᠭ ᠤᠨ ᠵᠡᠪᠰᠡᠭ ᠤᠨ ᠲᠣᠭᠤᠷᠢᠭ᠂ ᠶᠠᠪᠠᠭᠠᠨ ᠭᠠᠯᠠᠭᠤ ᠪᠠ ᠬᠤᠨᠢᠨ ᠲᠡᠮᠡᠭᠡ ᠶᠢᠨ ᠲᠣᠭᠤᠷᠢᠭ ᠢ ᠲᠣᠬᠢᠷᠠᠭᠤᠯᠵᠠᠢ᠃ ᠮᠥᠰᠥ ᠴᠠᠰᠤᠨ ᠤ ᠴᠡᠩᠭᠡᠯ ᠤᠨ ᠬᠦᠷᠢᠶᠡᠯᠡᠩ ᠳᠤ 300 ᠮᠧᠲᠷ ᠤᠨ 8 ᠭᠤᠯᠭᠤᠯᠲᠠ ᠶᠢᠨ ᠵᠠᠮ᠂ ᠬᠠᠮᠤᠭ ᠤᠨ ᠣᠷᠳᠣ ᠮᠥᠰᠥᠨ ᠭᠤᠯᠭᠤᠭᠤᠷ ᠱᠠᠲᠤ᠂ 10000 ᠭᠠᠷᠤᠢ ᠪᠣᠰᠤᠭ᠎ᠠ ᠳᠥᠷᠪᠡᠯᠵᠢᠨ ᠮᠧᠲᠷ ᠤᠨ ᠡᠯᠳᠡᠪ ᠵᠦᠢᠯ ᠤᠨ ᠮᠥᠰᠥᠨ ᠱᠤᠭᠤᠮᠠᠯ᠂ 100 ᠭᠠᠷᠤᠢ ᠲᠠᠯᠠᠪᠠᠢ ᠮᠥᠰᠥ ᠴᠠᠰᠤᠨ ᠤ ᠦᠵᠡᠭᠦᠯᠭᠡ ᠲᠤᠬᠯᠠᠯᠳᠠ᠂ ᠴᠠᠰᠤᠨ ᠳᠡᠭᠡᠷᠡᠬᠢ ᠮᠣᠲ᠋ᠣᠷ᠂ ᠮᠥᠰᠥᠨ ᠴᠢᠷᠭ᠎ᠠ᠂ ᠮᠥᠰᠥᠨ ᠳᠡᠭᠡᠷᠡᠬᠢ ᠮᠥᠷᠭᠦᠯᠳᠦᠭᠡ ᠲᠡᠷᠭᠡ᠂ ᠴᠠᠰᠤᠨ ᠡᠭᠡᠷᠡᠦᠯ᠂ ᠴᠠᠰᠤᠨ ᠴᠠᠭᠠᠷᠢᠭ ᠤᠨ ᠬᠠᠯᠢᠯᠳᠠ ᠵᠡᠷᠭᠡ 10 ᠭᠠᠷᠤᠢ ᠵᠦᠢᠯ ᠤᠨ ᠮᠥᠰᠥ ᠴᠠᠰᠤᠨ ᠤ ᠵᠤᠭ᠎ᠠ ᠴᠡᠩᠭᠡᠯ ᠤᠨ ᠲᠥᠷᠥᠯ ᠵᠦᠢᠯ ᠵᠢᠴᠢ ᠮᠥᠰᠥᠨ ᠳᠡᠪᠦᠷ᠎ᠡ᠂ ᠮᠥᠰᠥᠨ ᠪᠥᠮᠪᠦᠭᠡ᠂ ᠮᠥᠰᠥᠨ ᠲᠠᠪᠠᠭ ᠵᠡᠷᠭᠡ ᠮᠥᠰᠥᠨ ᠳᠡᠭᠡᠷᠡᠬᠢ ᠲᠠᠮᠢᠷ ᠤᠨ ᠬᠥᠳᠡᠯᠭᠡᠭᠡᠨ ᠢ ᠲᠣᠬᠢᠷᠠᠭᠤᠯᠪᠠ᠃ ᠬᠤᠳᠠᠯᠳᠤᠭᠠᠨ ᠤ ᠲᠣᠭᠤᠷᠢᠭ ᠲᠤ ᠮᠥᠰᠥ ᠴᠠᠰᠤᠲᠤ ᠭᠠᠯᠲᠤ ᠲᠡᠷᠭᠡᠨ ᠤ ᠠᠮᠲᠠᠲᠤ ᠢᠳᠡᠭᠡᠨ᠂ ᠮᠥᠰᠥ ᠴᠠᠰᠤᠨ ᠤ ᠬᠤᠭᠤᠯᠠᠨ ᠲᠡᠷᠭᠡ᠂ ᠪᠠᠭ᠎ᠠ ᠭᠡᠯᠪᠡᠷᠢ ᠶᠢᠨ ᠤᠷᠠᠨ ᠰᠠᠶᠢᠬᠠᠨ ᠤ ᠲᠣᠬᠯᠠᠯᠲᠠ᠂ ᠬᠤᠸᠠᠷ ᠫᠤᠤᠵᠢᠩ  ᠤᠨ ᠦᠵᠡᠭᠦᠯᠭᠡ᠂ ᠭᠤᠣᠯ ᠰᠡᠳᠦᠪᠲᠦ ᠲᠣᠬᠯᠠᠯᠲᠠ᠂ ᠡᠯᠧᠺᠲᠷᠣᠨ ᠲᠠᠭᠤ ᠬᠥᠭᠵᠢᠮ ᠤᠨ ᠨᠠᠶᠢᠷ ᠵᠡᠷᠭᠡ ᠲᠥᠷᠥᠯ ᠵᠦᠢᠯ  ᠢ ᠲᠣᠬᠢᠷᠠᠭᠤᠯᠵᠤ᠂ ᠵᠢᠭᠤᠯᠴᠢᠯᠠᠬᠰᠠᠳ ᠤᠨ ᠪᠡᠶᠡᠴᠢᠯᠡᠨ ᠣᠶᠢᠯᠠᠭᠠᠵᠤ ᠣᠷᠤᠯᠴᠠᠬᠤ ᠬᠡᠷᠡᠭᠴᠡᠭᠡ ᠱᠠᠭᠠᠷᠳᠠᠯᠭ᠎ᠠ ᠶᠢ ᠬᠠᠩᠭᠠᠵᠤ᠂ ᠤᠮᠠᠷᠠᠲᠤ ᠬᠢᠯᠢ ᠶᠢᠨ ᠡᠪᠦᠯ ᠤᠨ ᠤᠯᠠᠷᠢᠯ ᠤᠨ ᠵᠢᠭᠤᠯᠴᠢᠯᠠᠯ ᠤᠨ ᠪᠠᠶᠠᠷ ᠪᠠᠭ᠋ᠠᠳᠤᠯ ᠢ ᠪᠦᠷᠢᠨ ᠡᠳ᠋ᠯᠡᠭᠦᠯᠵᠦ ᠪᠠᠶᠢᠨ᠎ᠠ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号