︽ᠮᠥᠩᠬᠡ ᠰᠤᠪᠠᠭ︾ ᠮᠠᠨ ᠤ ᠬᠤᠲᠠ ᠶᠢᠨ ︽ᠲᠡᠷᠭᠡ ᠳᠠᠭᠠᠭᠠᠴᠢᠯᠠᠭᠰᠠᠨ ᠵᠢᠭᠤᠯᠴᠢᠯᠠᠯ︾ ᠳᠤ ᠨᠠᠩ ᠲᠥᠬᠦᠮ ᠦᠵᠡᠭᠦᠯᠪᠡ
ᠨᠡᠶᠢᠲᠡᠯᠡᠭᠰᠡᠨ ᠴᠠᠭ᠄
2024/1/15
      ︵ᠰᠤᠷᠪᠤᠯᠵᠢᠯᠠᠭᠴᠢ ᠶᠦᠨ ᠶᠠᠨ ᠹᠠᠩ︶ ᠠᠷᠠᠳ ᠲᠤ ᠲᠥᠬᠦᠮ ᠦᠵᠡᠭᠦᠯᠬᠦ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠲᠤᠬᠠᠶᠢᠯᠠᠭᠰᠠᠨ ᠠᠵᠢᠯ ᠤᠨ ᠬᠡᠷᠡᠭᠯᠡᠭᠡᠨ ᠤ ᠬᠠᠮᠤᠷᠬᠤ ᠬᠡᠪᠴᠢᠶ᠎ᠡ ᠶᠢ ᠳᠡᠭᠡᠭᠰᠢᠯᠡᠭᠦᠯᠦᠨ᠂ ᠠᠷᠠᠳ ᠲᠤ ᠲᠥᠬᠦᠮ ᠦᠵᠡᠭᠦᠯᠬᠦ ᠬᠡᠷᠡᠭᠯᠡᠭᠡᠨ ᠤ ᠨᠥᠯᠥᠭᠡᠯᠡᠬᠦ ᠬᠦᠴᠦᠨ ᠢ ᠨᠡᠮᠡᠭᠳᠡᠭᠦᠯᠬᠦ ᠶᠢᠨ ᠲᠥᠯᠥᠭᠡ᠂ ᠣᠶᠢᠷ᠎ᠠ ᠳᠤ᠂︽ᠬᠥᠬᠡᠬᠤᠲᠠ ᠶᠢᠨ ᠵᠢᠭᠤᠯᠴᠢᠯᠠᠯ ᠤᠨ ᠲᠡᠷᠭᠡ ᠳᠠᠭᠠᠭᠠᠴᠢᠯᠠᠬᠤ ᠬᠠᠮᠢᠶᠠᠷᠤᠯᠲᠠ ᠶᠢᠨ ᠮᠡᠳᠡᠭᠡ ᠵᠠᠩᠭᠢ ᠶᠢᠨ ᠰᠢᠰᠲ᠋ᠧᠮ︾ ︵ᠳᠣᠷᠣᠭᠰᠢ ︽ᠲᠡᠷᠭᠡ ᠳᠠᠭᠠᠭᠠᠴᠢᠯᠠᠭᠰᠠᠨ ᠵᠢᠭᠤᠯᠴᠢᠯᠠᠯ︾ ᠭᠡᠵᠦ ᠲᠣᠪᠴᠢᠯᠠᠨ᠎ᠠ︶ ᠢ ︽ᠮᠥᠩᠬᠡ ᠰᠤᠪᠠᠭ︾ App ᠶᠢᠨ ᠬᠤᠯᠪᠣᠭᠳᠠᠯ ᠪᠦᠬᠦᠢ ᠪᠠᠷᠢᠮᠵᠢᠶ᠎ᠠ ᠶᠢᠨ ᠵᠢᠷᠤᠮᠵᠢᠯ ᠶᠣᠰᠣᠭᠠᠷ ᠥᠭᠡᠷᠡᠴᠢᠯᠡᠵᠦ᠂︽ᠮᠥᠩᠬᠡ ᠰᠤᠪᠠᠭ︾ App ᠲᠠᠪᠴᠠᠩ ᠢ ᠠᠰᠢᠭᠯᠠᠨ᠂  ᠴᠦ᠋ ᠰᠢᠨ᠎ᠡ ᠳᠦᠷᠰᠦ ᠪᠠᠶᠢᠳᠠᠯ ᠢᠶᠠᠷ ᠬᠠᠮᠢᠶᠠᠷᠤᠯᠲᠠ ᠶᠢᠨ ᠰᠠᠯᠠᠭ᠎ᠠ ᠮᠥᠴᠢᠷ᠂ ᠠᠵᠤ ᠠᠬᠤᠶᠢᠯᠠᠯ᠂ ᠨᠡᠶᠢᠭᠡᠮ ᠨᠡᠶᠢᠲᠡ ᠳᠤ ᠦᠷᠭᠦᠯᠵᠢᠯᠡᠨ ᠦᠢᠯᠡᠴᠢᠯᠡᠭᠡ ᠬᠠᠩᠭᠠᠪᠠ᠃      ︽ᠲᠡᠷᠭᠡ ᠳᠠᠭᠠᠭᠠᠴᠢᠯᠠᠭᠰᠠᠨ ᠵᠢᠭᠤᠯᠴᠢᠯᠠᠯ︾ ᠨᠢ PC ᠦᠵᠦᠭᠦᠷ᠂ ᠰᠢᠯᠵᠢᠮᠡᠯ ᠬᠤᠯᠪᠣᠭᠠᠨ ᠤ ᠦᠵᠦᠭᠦᠷ ᠵᠡᠷᠭᠡ ᠣᠯᠠᠨ ᠵᠦᠢᠯ ᠤᠨ ᠬᠡᠯᠪᠡᠷᠢ ᠪᠠᠷ᠂ ᠵᠢᠭᠤᠯᠴᠢᠯᠠᠯ ᠤᠨ ᠭᠠᠵᠠᠷ᠂ ᠲᠡᠷᠭᠡ ᠳᠠᠭᠠᠭᠠᠴᠢᠯᠠᠬᠤ ᠠᠵᠤ ᠠᠬᠤᠶᠢᠯᠠᠯ᠂ ᠠᠶᠤᠯᠭᠦᠢ ᠶᠢᠨ ᠪᠠᠶᠢᠴᠠᠭᠠᠯᠲᠠ ᠶᠢᠨ ᠠᠵᠤ ᠠᠬᠤᠶᠢᠯᠠᠯ᠂ ᠵᠢᠭᠤᠯᠴᠢᠯᠠᠯ ᠤᠨ ᠬᠥᠲᠥᠴᠢ᠂ ᠬᠤᠪᠢ ᠬᠥᠮᠥᠨ ᠵᠡᠷᠭᠡ ᠨᠠᠢᠮᠠᠨ ᠲᠥᠷᠥᠯ ᠤᠨ ᠬᠡᠷᠡᠭᠯᠡᠭᠴᠢᠳ ᠲᠤ ᠦᠢᠯᠡᠴᠢᠯᠡᠭᠡ ᠬᠠᠩᠭᠠᠵᠤ᠂ ᠬᠡᠷᠡᠭᠯᠡᠭᠴᠢ ᠶᠢᠨ ᠬᠠᠮᠢᠶᠠᠷᠤᠯᠲᠠ᠂ ᠲᠡᠭᠡᠭᠡᠪᠦᠷᠢ ᠶᠢᠨ ᠤᠳᠠᠭ᠎ᠠ ᠶᠢᠨ ᠬᠠᠮᠢᠶᠠᠷᠤᠯᠲᠠ᠂ ᠳᠠᠭᠠᠭᠠᠴᠢᠯᠠᠭᠰᠠᠨ ᠲᠡᠷᠭᠡᠨ ᠤ ᠫᠠᠶᠢᠰᠠ ᠶᠢ ᠠᠪᠴᠤ ᠬᠡᠷᠡᠭᠯᠡᠬᠦ ᠬᠠᠮᠢᠶᠠᠷᠤᠯᠲᠠ᠂ ᠵᠢᠯᠣᠭᠤᠴᠢ ᠶᠢᠨ ᠠᠵᠢᠯ ᠳᠤ ᠣᠷᠣᠵᠤ ᠲᠤᠰᠢᠶᠠᠯ ᠠᠴᠠ ᠪᠠᠨ ᠰᠠᠯᠬᠤ ᠬᠠᠮᠢᠶᠠᠷᠤᠯᠲᠠ᠂ ᠭᠡᠷ᠎ᠡ ᠶᠢᠨ ᠬᠠᠮᠢᠶᠠᠷᠤᠯᠲᠠ᠂ ᠦᠨᠡᠯᠡᠯᠲᠡ ᠶᠢᠨ ᠬᠠᠮᠢᠶᠠᠷᠤᠯᠲᠠ᠂ ᠪᠠᠶᠢᠴᠠᠭᠠᠨ ᠯᠠᠪᠯᠠᠵᠤ ᠪᠦᠷᠢᠳᠬᠡᠬᠦ᠂ ᠰᠦᠯᠵᠢᠶ᠎ᠡ ᠪᠠᠷ ᠲᠥᠯᠥᠬᠦ ᠵᠡᠷᠭᠡ ᠴᠢᠳᠠᠮᠵᠢ ᠲᠠᠢ ᠪᠠᠶᠢᠵᠤ᠂ ᠣᠳᠣᠬᠠᠨ ᠳᠤ ᠵᠢᠭᠤᠯᠴᠢᠯᠠᠯ ᠤᠨ ᠦᠢᠯᠡᠴᠢᠯᠡᠭᠡᠨ ᠤ ᠭᠠᠵᠠᠷ ᠤᠨ ᠬᠡᠷᠡᠭᠯᠡᠭᠴᠢ 410᠂ ᠲᠡᠷᠭᠡ ᠳᠠᠭᠠᠭᠠᠴᠢᠯᠠᠭᠰᠠᠨ ᠠᠵᠤ ᠠᠬᠤᠶᠢᠯᠠᠯ ᠤᠨ ᠬᠡᠷᠡᠭᠯᠡᠭᠴᠢ 45᠂ ᠠᠶᠤᠯᠭᠦᠢ ᠶᠢᠨ ᠪᠠᠶᠢᠴᠠᠭᠠᠯᠲᠠ ᠶᠢᠨ ᠠᠵᠤ ᠠᠬᠤᠶᠢᠯᠠᠯ ᠤᠨ ᠬᠡᠷᠡᠭᠯᠡᠭᠴᠢ 22᠂ ᠵᠢᠯᠣᠭᠤᠴᠢ ᠬᠡᠷᠡᠭᠯᠡᠭᠴᠢ 474᠂ ᠬᠤᠪᠢ ᠬᠥᠮᠥᠨ ᠤ ᠬᠡᠷᠡᠭᠯᠡᠭᠴᠢ 616 ᠪᠠᠶᠢᠵᠤ᠂ ᠳᠠᠭᠠᠭᠠᠴᠢᠯᠠᠭᠰᠠᠨ ᠲᠡᠷᠭᠡᠨ ᠤ ᠲᠡᠭᠡᠭᠡᠪᠦᠷᠢ ᠶᠢ ᠨᠡᠶᠢᠲᠡ 14567 ᠤᠳᠠᠭ᠎ᠠ ᠮᠡᠳᠡᠭᠦᠯᠦᠨ ᠳᠠᠩᠰᠠᠯᠠᠭᠤᠯᠵᠠᠢ᠃      ︽ᠲᠡᠷᠭᠡ ᠳᠠᠭᠠᠭᠠᠴᠢᠯᠠᠭᠰᠠᠨ ᠵᠢᠭᠤᠯᠴᠢᠯᠠᠯ︾ ᠢ ᠰᠦᠯᠵᠢᠶᠡᠨ ᠳᠤ ᠣᠷᠣᠭᠤᠯᠤᠨ ᠬᠡᠷᠡᠭᠯᠡᠭᠰᠡᠨ ᠢᠶᠠᠷ ᠲᠤᠭ᠎ᠠ ᠪᠠᠷᠢᠮᠲᠠ ᠶᠢᠨ ᠪᠠᠬᠢᠯᠡᠯᠲᠡ ᠶᠢ ᠨᠠᠪᠲᠠᠷᠡᠭᠦᠯᠵᠦ᠂︽ᠵᠠᠮ ᠬᠠᠷᠢᠯᠴᠠᠭ᠎ᠠ + ᠵᠢᠭᠤᠯᠴᠢᠯᠠᠯ︾ ᠤᠨ ᠠᠵᠢᠯ ᠲᠥᠷᠥᠯ ᠠᠯᠤᠰᠯᠠᠨ ᠬᠠᠮᠲᠤᠷᠠᠨ ᠬᠢᠨᠠᠨ ᠬᠠᠮᠢᠶᠠᠷᠬᠤ ᠶᠢ ᠪᠡᠶᠡᠯᠡᠭᠦᠯᠵᠦ᠂︽ᠬᠠᠷ᠎ᠠ ᠪᠦᠯᠬᠦᠮ᠂ ᠬᠠᠷ᠎ᠠ ᠲᠡᠷᠭᠡ᠂ ᠬᠠᠷ᠎ᠠ ᠬᠥᠲᠥᠴᠢ︾ ᠵᠡᠷᠭᠡ ᠲᠣᠭᠲᠠᠭᠠᠯ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠪᠦᠲᠦᠮᠵᠢᠲᠡᠶ ᠬᠤᠷᠢᠭᠯᠠᠵᠤ᠂ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠬᠠᠮᠠᠭᠠᠯᠠᠵᠤ᠂︽ᠲᠡᠭᠡᠭᠡᠪᠦᠷᠢ ᠵᠢᠭᠤᠯᠴᠢᠯᠠᠯ ᠢ ᠠᠭᠤᠰᠤᠯᠴᠠᠭᠤᠯᠬᠤ︾ ᠶᠢᠨ ᠴᠢᠬᠤᠯᠠ ᠢᠯᠡᠷᠡᠯ ᠪᠣᠯᠤᠭᠰᠠᠨ ᠪᠠᠶᠢᠨ᠎ᠠ᠃ ᠡᠭᠦᠨ ᠤ ᠬᠠᠮᠲᠤ ᠮᠠᠰᠢᠨ ᠲᠡᠷᠭᠡᠨ ᠤ ᠳᠠᠭᠠᠳᠬᠠᠯ ᠤᠨ ᠲᠤᠬᠠᠶᠢᠯᠠᠭᠰᠠᠨ ᠠᠵᠢᠯ ᠢ ᠰᠦᠯᠵᠢᠶᠡᠨ ᠳᠡᠭᠡᠷ᠎ᠡ ᠭᠦᠢᠴᠡᠳᠬᠡᠬᠦ᠂ ᠲᠡᠷᠭᠡ ᠳᠠᠭᠠᠭᠠᠴᠢᠯᠠᠭᠰᠠᠨ ᠤᠳᠠᠭ᠎ᠠ  ᠶᠢ ᠰᠦᠯᠵᠢᠶᠡᠨ ᠳᠡᠭᠡᠷ᠎ᠡ ᠭᠤᠶᠤᠴᠢᠯᠠᠬᠤ ᠪᠠ ᠬᠢᠨᠠᠨ ᠬᠠᠷᠭᠤᠭᠤᠯᠬᠤ᠂ ᠲᠡᠷᠭᠡ ᠳᠠᠭᠠᠭᠠᠴᠢᠯᠠᠭᠰᠠᠨ ᠫᠠᠶᠢᠰᠠ ᠶᠢ ᠴᠠᠭ ᠲᠤᠬᠠᠢ   ᠳᠤᠨᠢ ᠪᠠᠶᠢᠴᠠᠭᠠᠨ ᠰᠢᠯᠭᠠᠬᠤ ᠪᠠ ᠡᠯᠧᠺᠲᠷᠣᠨ ᠲᠡᠷᠭᠡ ᠳᠠᠭᠠᠭᠠᠴᠢᠯᠠᠭᠰᠠᠨ ᠫᠠᠶᠢᠰᠠ ᠶᠢ ᠬᠡᠷᠡᠭᠯᠡᠬᠦ ᠶᠢ ᠪᠡᠶᠡᠯᠡᠭᠦᠯᠵᠡᠢ᠃ ᠰᠦᠯᠵᠢᠶ᠎ᠡ ᠪᠠᠷ ᠲᠣᠭᠠᠴᠠᠭ᠎ᠠ ᠬᠢᠬᠦ᠂ ᠭᠤᠷᠪᠠᠳᠠᠭᠢ ᠡᠲᠡᠭᠡᠳ ᠤᠨ ᠭᠠᠵᠠᠷ ᠤᠨ ᠵᠢᠷᠤᠭ ᠤᠨ ᠪᠠᠶᠢᠷᠢ ᠲᠣᠭᠲᠠᠭᠠᠬᠤ ᠮᠡᠷᠭᠡᠵᠢᠯ ᠢ ᠣᠷᠣᠭᠤᠯᠤᠨ ᠠᠪᠴᠢᠷᠠᠵᠤ᠂ ᠦᠢᠯᠡᠴᠢᠯᠡᠭᠡᠨ ᠤ ᠶᠠᠰᠤ ᠴᠢᠨᠠᠷ ᠤᠨ ᠦᠨᠡᠯᠡᠯᠲᠡ ᠶᠢᠨ ᠰᠢᠰᠲ᠋ᠧᠮᠵᠢ ᠶᠢ ᠪᠠᠶᠢᠭᠤᠯᠤᠨ᠂ ᠠᠵᠢᠯ ᠲᠥᠷᠥᠯ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠬᠢᠭᠡᠳ ᠵᠠᠬ᠎ᠠ ᠳᠡᠯᠭᠡᠭᠦᠷ ᠤᠨ ᠬᠢᠨᠠᠯᠲᠠ ᠶᠢ ᠪᠦᠲᠦᠮᠵᠢᠲᠡᠶ ᠴᠢᠩᠭᠠᠳᠬᠠᠵᠤ᠂ ᠠᠵᠤ ᠠᠬᠤᠶᠢᠯᠠᠯ ᠤᠨ ᠡᠵᠡᠩᠨᠡᠯᠲᠡ ᠶᠢᠨ ᠥᠪᠡᠷ ᠤᠨ ᠥᠷᠲᠡᠭ ᠢ ᠪᠠᠭᠤᠷᠠᠭᠤᠯᠤᠨ᠂ ᠵᠢᠭᠤᠯᠴᠢᠯᠠᠯ ᠤᠨ ᠲᠡᠷᠭᠡ  ᠳᠠᠭᠠᠭᠠᠴᠢᠯᠠᠬᠤ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠦᠭᠰᠡᠨ ᠪᠥᠭᠡᠳ ᠠᠵᠢᠯ ᠲᠥᠷᠥᠯ ᠤᠨ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢ ᠤᠯᠠᠮ ᠨᠢᠭᠡ ᠠᠯᠬᠤᠮ ᠠᠬᠢᠭᠤᠯᠬᠤ ᠳᠤ ᠬᠦᠴᠦᠲᠡᠢ ᠦᠨᠳᠦᠰᠦᠯᠡᠯ ᠬᠠᠩᠭᠠᠭᠰᠠᠨ ᠪᠠᠶᠢᠨ᠎ᠠ᠃
 
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号