ᠥᠪᠡᠷᠲᠡᠭᠡᠨ ᠵᠠᠰᠠᠬᠤ ᠣᠷᠣᠨ ᠤ ᠬᠠᠤᠯᠢ ᠶᠢᠨ ᠤᠬᠠᠭᠠᠨ ᠤ ᠨᠡᠶᠢᠭᠡᠮᠯᠢᠭ ᠤᠨ ᠪᠠᠶᠢᠴᠠᠭᠠᠨ ᠰᠤᠳᠤᠯᠬᠤ ᠳᠤᠭᠤᠶᠢᠯᠠᠩ ᠬᠤᠲᠣᠩ ᠠᠷᠠᠳ ᠤᠨ ᠲᠣᠭᠤᠷᠢᠭ ᠤᠨ ᠠᠷᠠᠳ ᠤᠨ ᠰᠢᠭᠦᠬᠦ ᠬᠤᠷᠢᠶ᠎ᠠ ᠳᠤ ᠬᠦᠷᠴᠦ ᠵᠠᠷᠭᠤ ᠶᠢᠨ ᠢᠷᠡᠯᠲᠡ ᠶᠢ ᠵᠠᠰᠠᠬᠤ ᠠᠵᠢᠯ ᠢ ᠪᠠᠶᠢᠴᠠᠭᠠᠨ ᠰᠤᠳᠤᠯᠵᠤ ᠵᠢᠭᠠᠨ ᠵᠢᠯᠣᠭᠤᠳᠪᠠ
ᠨᠡᠶᠢᠲᠡᠯᠡᠭᠰᠡᠨ ᠴᠠᠭ᠄
2024/1/16
      ᠪᠦᠬᠦ ᠤᠯᠤᠰ ᠤᠨ ᠲᠡᠷᠢᠭᠦᠨ ᠬᠠᠤᠯᠢ ᠴᠠᠭᠠᠵᠠ ᠶᠢᠨ ᠵᠥᠪᠯᠡᠯᠭᠡ ᠥᠭᠬᠦ ᠲᠤᠰᠬᠠᠢ ᠮᠡᠷᠭᠡᠵᠢᠯᠲᠡᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ ᠰᠢᠨ᠎ᠡ ᠴᠠᠭ ᠦᠶ᠎ᠡ ᠶᠢᠨ ︽ᠹᠧᠩᠴᠢᠶᠤᠤ ᠶᠢᠨ ᠲᠤᠷᠰᠢᠯᠭ᠎ᠠ︾ ᠶᠢ ᠪᠠᠷᠢᠮᠲᠠᠯᠠᠨ ᠬᠥᠭᠵᠢᠭᠦᠯᠵᠦ᠂ ᠵᠠᠷᠭᠤ ᠶᠢᠨ ᠢᠷᠡᠯᠲᠡ ᠶᠢ ᠵᠠᠰᠠᠬᠤ ᠠᠵᠢᠯ ᠳᠠᠬᠢ ᠲᠦᠷᠦᠭᠦᠦ ᠬᠠᠤᠯᠢ ᠴᠠᠭᠠᠵᠠ ᠶᠢᠨ ᠲᠤᠰᠬᠠᠢ ᠮᠡᠷᠭᠡᠵᠢᠯᠲᠡᠨ ᠤ ᠴᠢᠬᠤᠯᠠ ᠦᠢᠯᠡᠳᠦᠯ ᠢ ᠭᠦᠢᠴᠡᠳ ᠪᠠᠳᠠᠷᠠᠭᠤᠯᠵᠤ᠂ 2024 ᠣᠨ ᠤ 1 ᠰᠠᠷ᠎ᠠ ᠶᠢᠨ 15 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠤᠯᠤᠰ ᠲᠦᠷᠦ ᠬᠠᠤᠯᠢ ᠴᠠᠭᠠᠵᠠ ᠶᠢᠨ ᠬᠤᠷᠢᠶ᠎ᠠ ᠶᠢᠨ ᠤᠳᠤᠷᠢᠳᠬᠤ ᠪᠠᠭ ᠤᠨ ᠪᠦᠷᠢᠯᠳᠦᠭᠦᠨ᠂ ᠬᠠᠤᠯᠢ ᠶᠢᠨ ᠤᠬᠠᠭᠠᠨ ᠤ ᠨᠡᠶᠢᠭᠡᠮᠯᠢᠭ ᠤᠨ ᠲᠤᠰᠬᠠᠢ ᠲᠤᠰᠢᠶᠠᠯᠲᠤ ᠳᠡᠳ᠋ ᠳᠠᠷᠤᠭ᠎ᠠ᠂ ᠨᠠᠷᠢᠨ ᠪᠢᠴᠢᠭ ᠤᠨ ᠳᠠᠷᠤᠭ᠎ᠠ ᠮᠢᠶᠣᠣ ᠺᠦᠩ ᠯᠢᠶᠠᠨ᠂ ᠬᠤᠳᠠ ᠶᠢᠨ ᠬᠠᠤᠯᠢ ᠶᠢᠨ ᠤᠬᠠᠭᠠᠨ ᠤ ᠨᠡᠶᠢᠭᠡᠮᠯᠢᠭ ᠤᠨ ᠲᠤᠰᠬᠠᠢ ᠲᠤᠰᠢᠶᠠᠯᠲᠤ ᠳᠡᠳ᠋ ᠳᠠᠷᠤᠭ᠎ᠠ ᠶᠦᠨ ᠴᠧᠩ ᠵᠢᠶᠦ᠋ᠨ ᠨᠠᠷ ᠬᠤᠲᠣᠩ ᠠᠷᠠᠳ ᠤᠨ ᠲᠣᠭᠤᠷᠢᠭ ᠤᠨ ᠠᠷᠠᠳ ᠤᠨ ᠰᠢᠭᠦᠬᠦ ᠬᠤᠷᠢᠶ᠎ᠠ ᠳᠤ ᠬᠦᠷᠴᠦ ᠵᠠᠷᠭᠤ ᠶᠢᠨ ᠢᠷᠡᠯᠲᠡ ᠶᠢ ᠵᠠᠰᠠᠬᠤ ᠠᠵᠢᠯ ᠢ ᠪᠠᠶᠢᠴᠠᠭᠠᠨ ᠰᠤᠳᠤᠯᠵᠤ ᠵᠢᠭᠠᠨ ᠵᠢᠯᠣᠭᠤᠳᠪᠠ᠃ ᠬᠤᠲᠣᠩ ᠠᠷᠠᠳ ᠤᠨ ᠲᠣᠭᠤᠷᠢᠭ ᠤᠨ ᠠᠷᠠᠳ ᠤᠨ ᠰᠢᠭᠦᠬᠦ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠬᠤᠷᠢᠶᠠᠨ ᠳᠠᠷᠤᠭ᠎ᠠ ᠵᠧᠦ ᠶᠠᠨ᠂ ᠬᠤᠷᠢᠶᠠᠨ ᠳᠠᠷᠤᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠳᠡᠳ᠋ ᠬᠤᠷᠢᠶᠠᠨ ᠳᠠᠷᠤᠭ᠎ᠠ ᠯᠢ ᠴᠠᠢ ᠵᠢᠴᠢ ᠬᠤᠯᠪᠣᠭᠳᠠᠯ ᠪᠦᠬᠦᠢ ᠬᠠᠷᠢᠭᠤᠴᠠᠯᠭᠠᠲᠠᠨ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠪᠡ᠃
     ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠲᠤᠬᠠᠢ ᠶᠢᠨ ᠭᠠᠵᠠᠷ ᠲᠤᠨᠢ ᠵᠠᠷᠭᠤ ᠶᠢᠨ ᠦᠢᠯᠡᠴᠢᠯᠡᠭᠡᠨ ᠤ ᠲᠥᠪ᠂ ᠵᠠᠭᠠᠯᠳᠤᠬᠤ ᠪᠠ ᠡᠶᠡᠳᠡᠭᠦᠯᠬᠦ ᠶᠢ ᠵᠣᠯᠭᠠᠭᠤᠯᠬᠤ ᠲᠥᠪ ᠢ ᠲᠣᠭᠤᠷᠢᠨ ᠦᠵᠡᠵᠦ᠂ ᠬᠡᠷᠡᠭ ᠪᠣᠯᠭᠠᠨ ᠳᠠᠩᠰᠠᠯᠠᠬᠤ ᠲᠢᠩᠬᠢᠮ ᠤᠨ ᠺᠠᠳ᠋ᠷ ᠴᠠᠭᠳᠠᠭ᠎ᠠ ᠶᠢᠨ ᠬᠤᠲᠣᠩ ᠠᠷᠠᠳ ᠤᠨ ᠲᠣᠭᠤᠷᠢᠭ ᠤᠨ ᠠᠷᠠᠳ ᠤᠨ ᠰᠢᠭᠦᠬᠦ ᠬᠤᠷᠢᠶ᠎ᠠ ᠶᠢᠨ ᠵᠥᠷᠢᠴᠡᠯ ᠵᠢᠭᠤᠷᠠᠯᠳᠤᠭᠠᠨ ᠢ ᠤᠯᠠᠨ ᠡᠰᠢᠵᠢᠭᠦᠯᠦᠨ ᠰᠢᠢᠳᠪᠦᠷᠢᠯᠡᠬᠦ ᠵᠡᠷᠭᠡ ᠠᠵᠢᠯ ᠤᠨ ᠪᠠᠶᠢᠳᠠᠯ ᠤᠨ ᠲᠤᠬᠠᠢ ᠲᠠᠨᠢᠯᠴᠠᠭᠤᠯᠭ᠎ᠠ ᠶᠢ ᠰᠣᠨᠣᠰᠬᠤ ᠶᠢᠨ ᠬᠠᠮᠲᠤ ᠯᠠᠪᠯᠠᠨ ᠠᠰᠠᠭᠤᠵᠤ ᠰᠣᠯᠢᠯᠴᠠᠬᠤ᠂ ᠤᠬᠠᠭᠤᠯᠭ᠎ᠠ ᠶᠢᠨ ᠹᠢᠯᠢᠮ ᠢ ᠦᠵᠡᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠬᠤᠲᠣᠩ ᠠᠷᠠᠳ ᠤᠨ ᠲᠣᠭᠤᠷᠢᠭ ᠤᠨ ᠠᠷᠠᠳ ᠤᠨ ᠰᠢᠭᠦᠬᠦ ᠬᠤᠷᠢᠶ᠎ᠠ ᠶᠢᠨ ᠵᠠᠷᠭᠤ ᠶᠢᠨ ᠢᠷᠡᠯᠲᠡ ᠶᠢ ᠵᠠᠰᠠᠬᠤ᠂ ᠵᠠᠭᠠᠯᠳᠤᠬᠤ ᠪᠠ ᠡᠶᠡᠳᠡᠭᠦᠯᠬᠦ ᠶᠢ ᠵᠣᠯᠭᠠᠭᠤᠯᠬᠤ᠂ ᠤᠯᠠᠨ ᠡᠰᠢᠵᠢᠭᠦᠯᠦᠨ ᠵᠢᠭᠤᠷᠠᠯᠳᠤᠭᠠᠨ ᠢ ᠰᠢᠢᠳᠪᠦᠷᠢᠯᠡᠬᠦ ᠵᠡᠷᠭᠡ ᠲᠠᠯ᠎ᠠ ᠪᠠᠷ ᠬᠢ ᠬᠢᠳᠡᠯ ᠪᠠ ᠦᠷ᠎ᠡ ᠪᠦᠲᠦᠮᠵᠢ ᠶᠢ ᠨᠠᠷᠢᠨ ᠣᠶᠢᠯᠠᠭᠠᠪᠠ᠃
     ᠶᠠᠷᠢᠯᠴᠠᠬᠤ ᠬᠤᠷᠠᠯ ᠳᠡᠭᠡᠷ᠎ᠡ᠂ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠬᠤᠲᠣᠩ ᠠᠷᠠᠳ ᠤᠨ ᠲᠣᠭᠤᠷᠢᠭ ᠤᠨ ᠠᠷᠠᠳ ᠤᠨ ᠰᠢᠭᠦᠬᠦ ᠬᠤᠷᠢᠶᠠᠨ ᠤ ᠵᠠᠷᠭᠤ ᠶᠢᠨ ᠢᠷᠡᠯᠲᠡ ᠶᠢ ᠵᠠᠰᠠᠬᠤ ᠠᠵᠢᠯ ᠤᠨ ᠳᠤᠮᠳᠠ ᠣᠯᠣᠭᠰᠠᠨ ᠠᠮᠵᠢᠯᠲᠠ ᠶᠢ ᠭᠦᠢᠴᠡᠳ ᠨᠤᠲᠠᠯᠠᠬᠤ ᠶᠢᠨ ᠬᠠᠮᠲᠤ ᠵᠥᠷᠢᠴᠡᠯ ᠵᠢᠭᠤᠷᠠᠯᠳᠤᠭᠠᠨ ᠢ ᠠᠷᠢᠯᠭᠠᠬᠤ ᠡᠬᠢ ᠪᠠᠶᠠᠯᠢᠭ ᠪᠠ ᠬᠦᠴᠦᠨ ᠴᠢᠳᠠᠯ ᠢ ᠡᠮᠬᠢᠯᠡᠨ ᠨᠡᠶᠢᠯᠡᠭᠦᠯᠵᠦ᠂ ︽ᠰᠢᠭᠦᠬᠦ ᠬᠤᠷᠢᠶ᠎ᠠ + ᠨᠡᠶᠢᠭᠡᠮ ᠤᠨ ᠡᠯ᠎ᠡ ᠡᠲᠡᠭᠡᠳ︾ ᠤᠨ ᠤᠯᠠᠨ ᠡᠰᠢᠲᠦ ᠬᠠᠮᠲᠤ ᠪᠠᠷ ᠵᠠᠰᠠᠬᠤ ᠪᠠᠶᠢᠷᠢᠰᠢᠯ ᠢ ᠪᠠᠶᠢᠭᠤᠯᠬᠤ ᠶᠢ ᠦᠷᠭᠦᠯᠵᠢᠯᠡᠨ ᠲᠦᠯᠬᠢᠨ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ ᠬᠤᠶᠠᠷ ᠲᠠᠯ᠎ᠠ ᠪᠠᠷ ᠢᠶᠠᠨ ᠵᠠᠷᠭᠤ ᠶᠢᠨ ᠢᠷᠡᠯᠲᠡ ᠶᠢᠨ ᠵᠠᠰᠠᠯᠲᠠ ᠶᠢ ᠦᠷᠭᠦᠯᠵᠢᠯᠡᠨ ᠭᠦᠨᠵᠡᠭᠡᠶᠢᠷᠡᠭᠦᠯᠬᠦ᠂ ᠰᠢᠭᠦᠬᠦ ᠬᠤᠷᠢᠶ᠎ᠠ ᠪᠣᠯᠣᠨ ᠬᠠᠤᠯᠢ ᠶᠢᠨ ᠤᠬᠠᠭᠠᠨ ᠤ ᠨᠡᠶᠢᠭᠡᠮᠯᠢᠭ ᠤᠨ ᠬᠤᠭᠤᠷᠣᠨᠳᠣᠬᠢ ᠨᠡᠪᠲᠡᠷᠡᠯᠴᠡᠭᠡ ᠬᠠᠷᠢᠯᠴᠠᠭ᠎ᠠ ᠶᠢ ᠴᠢᠩᠭᠠᠳᠬᠠᠬᠤ ᠵᠡᠷᠭᠡ ᠲᠠᠯ᠎ᠠ ᠪᠠᠷ ᠭᠤᠣᠯᠯᠠᠭᠤᠯᠤᠨ ᠭᠦᠨᠵᠡᠭᠡᠢ ᠶᠠᠷᠢᠯᠴᠠᠨ ᠰᠣᠯᠢᠯᠴᠠᠵᠤ᠂ ᠪᠠᠶᠢᠴᠠᠭᠠᠨ ᠰᠤᠳᠤᠯᠬᠤ ᠳᠤᠭᠤᠶᠢᠯᠠᠩ ᠤᠨ ᠪᠦᠷᠢᠯᠳᠦᠭᠦᠨ ᠨᠠᠷ ᠲᠤᠰ ᠪᠡᠶ᠎ᠡ ᠶᠢᠨ ᠲᠤᠰᠬᠠᠢ ᠮᠡᠷᠭᠡᠵᠢᠯ ᠤᠨ ᠬᠦᠷᠢᠶᠡᠨ ᠳᠡᠭᠡᠨ ᠰᠠᠭᠤᠷᠢᠯᠠᠨ᠂ ᠠᠯᠢ ᠤᠯᠠᠨ ᠪᠦᠲᠦᠭᠡᠯᠴᠢ ᠴᠢᠨᠠᠷᠲᠠᠢ ᠰᠠᠨᠠᠯ ᠪᠠ ᠰᠠᠨᠠᠭᠤᠯᠭ᠎ᠠ ᠶᠢ ᠳᠤᠷᠠᠳᠤᠨ ᠭᠠᠷᠭᠠᠵᠠᠢ᠃      ᠬᠤᠲᠣᠩ ᠠᠷᠠᠳ ᠤᠨ ᠲᠣᠭᠤᠷᠢᠭ ᠤᠨ ᠠᠷᠠᠳ ᠤᠨ ᠰᠢᠭᠦᠬᠦ ᠬᠤᠷᠢᠶ᠎ᠠ ᠲᠤᠰ ᠤᠳᠠᠭ᠎ᠠ ᠶᠢᠨ ᠪᠠᠶᠢᠴᠠᠭᠠᠨ ᠰᠤᠳᠤᠯᠤᠯᠲᠠ ᠪᠠᠷ ᠠᠵᠠ ᠲᠣᠬᠢᠶᠠᠯ ᠪᠣᠯᠭᠠᠵᠤ᠂ ᠵᠠᠷᠭᠤ ᠶᠢᠨ ᠢᠷᠡᠯᠲᠡ ᠶᠢ ᠵᠠᠰᠠᠬᠤ ᠠᠵᠢᠯ ᠤᠨ ᠰᠢᠨ᠎ᠡ ᠶᠢ ᠡᠭᠦᠳᠬᠦ ᠠᠷᠭ᠎ᠠ ᠬᠢᠳᠡᠯ ᠢ ᠢᠳᠡᠪᠬᠢᠲᠡᠢ ᠰᠦᠪᠡᠭᠴᠢᠯᠡᠵᠦ᠂ ᠨᠡᠶᠢᠭᠡᠮ ᠤᠨ ᠵᠠᠭᠤᠷᠠᠯᠳᠤᠭᠠᠨ ᠢ ᠤᠯᠠᠨ ᠡᠰᠢᠵᠢᠭᠦᠯᠦᠨ ᠰᠡᠷᠭᠡᠶᠢᠯᠡᠬᠦ ᠡᠶᠡᠳᠡᠭᠦᠯᠦᠨ ᠰᠢᠢᠳᠪᠦᠷᠢᠯᠡᠬᠦ ᠠᠷᠢᠯᠭᠠᠬᠤ ᠶᠡᠷᠦᠩᠬᠡᠶᠢᠯᠡᠭᠰᠡᠨ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠵᠠᠭᠤᠷᠠᠯᠳᠤᠭᠠᠨ ᠢ ᠰᠢᠢᠳᠪᠦᠷᠢᠯᠡᠬᠦ ᠨᠡᠩ ᠤᠯᠠᠨ ᠡᠬᠢ ᠪᠠᠶᠠᠯᠢᠭ ᠢ ᠵᠠᠭᠤᠷᠠᠯᠳᠤᠭᠠᠨ ᠤ ᠡᠮᠦᠨ᠎ᠡ ᠬᠡᠰᠡᠭ ᠲᠤ ᠰᠢᠢᠳᠪᠦᠷᠢᠯᠡᠨ ᠴᠤᠭᠯᠠᠷᠠᠭᠤᠯᠬᠤ ᠶᠢ ᠬᠥᠲᠥᠯᠥᠨ ᠵᠢᠯᠤᠭᠤᠳᠴᠤ᠂ ᠶᠡᠭᠡ ᠬᠡᠮᠵᠢᠶᠡᠨ ᠤ ᠵᠥᠷᠢᠴᠡᠯ ᠵᠠᠭᠤᠷᠠᠯᠳᠤᠭᠠᠨ ᠢ ᠡᠭᠦᠰᠦᠭᠡᠳᠦᠢ᠂ ᠵᠠᠭᠠᠯᠳᠤᠭᠰᠠᠨ ᠦᠭᠡᠢ ᠪᠠᠶᠢᠳᠠᠯ ᠳᠤ ᠵᠣᠭᠰᠣᠭᠠᠨ᠎ᠠ᠃       ᠢᠷᠡᠯᠲᠡ᠄ ᠬᠤᠳᠤᠩ ᠠᠷᠠᠳ ᠤᠨ ᠲᠤᠭᠤᠷᠢᠭ ᠤᠨ ᠵᠠᠰᠠᠭ ᠤᠨ ᠣᠷᠳᠣᠨ ᠤ ᠠᠯᠪᠠᠨ ᠰᠦᠯᠵᠢᠶ᠎ᠡ
 
ᠢᠷᠡᠯᠲᠡ᠄ ᠬᠤᠲᠤᠩ ᠠᠷᠠᠳ ᠤᠨ ᠲᠣᠭᠤᠷᠢᠭ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号