ᠤᠯᠤᠰ ᠤᠨ ᠠᠯᠪᠠᠲᠠᠨ ᠤ ᠰᠢᠯᠭᠠᠯᠲᠠ ᠶᠢᠨ ᠬᠤᠪᠢ ᠶᠢᠨ ᠱᠤᠭᠤᠮ ᠢ ᠨᠡᠶᠢᠲᠡᠯᠡᠪᠡ︕
ᠨᠡᠶᠢᠲᠡᠯᠡᠭᠰᠡᠨ ᠴᠠᠭ᠄
2024/1/16
     ᠲᠥᠪ ᠤᠨ ᠪᠠᠶᠢᠭᠤᠯᠭ᠎ᠠ ᠵᠢᠴᠢ ᠲᠡᠭᠦᠨ ᠤ ᠰᠢᠭᠤᠳ ᠬᠠᠷᠢᠶ᠎ᠠ ᠪᠠᠶᠢᠭᠤᠯᠤᠮᠵᠢ ᠶᠢᠨ 2024 ᠣᠨ ᠤ ᠠᠯᠪᠠᠲᠠᠨ ᠰᠢᠯᠭᠠᠨ ᠡᠯᠰᠡᠬᠦ ᠪᠢᠷ ᠤᠨ ᠰᠢᠯᠭᠠᠯᠲᠠ ᠶᠢᠨ ᠬᠢᠷᠢ ᠪᠦᠲᠦᠮᠵᠢ ᠪᠠ ᠬᠢᠷᠢ ᠲᠡᠩᠴᠡᠬᠦ ᠬᠤᠪᠢ ᠶᠢᠨ ᠱᠤᠭᠤᠮ ᠢ ᠨᠡᠶᠢᠲᠡᠯᠡᠪᠡ      ᠰᠢᠯᠭᠠᠭᠤᠯᠤᠭᠴᠢ ᠲᠣᠰ ᠡᠳᠦᠷ ᠠᠴᠠ ᠡᠬᠢᠯᠡᠨ ︽ᠲᠥᠪ ᠤᠨ ᠪᠠᠶᠢᠭᠤᠯᠭ᠎ᠠ ᠵᠢᠴᠢ ᠲᠡᠭᠦᠨ ᠤ ᠰᠢᠭᠤᠳ ᠬᠠᠷᠢᠶ᠎ᠠ ᠪᠠᠶᠢᠭᠤᠯᠤᠮᠵᠢ ᠶᠢᠨ 2024 ᠣᠨ ᠤ ᠠᠯᠪᠠᠲᠠᠨ ᠰᠢᠯᠭᠠᠨ ᠡᠯᠰᠡᠬᠦ ᠲᠤᠰᠬᠠᠢ ᠰᠦᠯᠵᠢᠶ᠎ᠡ︾ ︵http᠄ //bm.scs.gov.cn/ kl 2024︶ ᠳᠤ ᠭᠠᠷᠴᠤ ᠪᠠᠶᠢᠴᠠᠭᠠᠨ ᠯᠠᠪᠯᠠᠵᠤ ᠪᠣᠯᠣᠨ᠎ᠠ᠃      ᠲᠥᠪ ᠤᠨ ᠪᠠᠶᠢᠭᠤᠯᠭ᠎ᠠ ᠪᠠ ᠮᠤᠵᠢ ᠶᠢᠨ ᠱᠠᠲᠤᠨ ︵ᠳᠡᠳ᠋ ᠮᠤᠵᠢ ᠶᠢᠨ ᠱᠠᠲᠤ ᠪᠠᠭᠲᠠᠨ᠎ᠠ︶ ᠤ ᠰᠢᠭᠤᠳ ᠬᠠᠷᠢᠶ᠎ᠠ ᠪᠠᠶᠢᠭᠤᠯᠤᠮᠵᠢ ᠶᠢᠨ ᠶᠡᠷᠦᠩᠬᠡᠶᠢᠯᠡᠭᠰᠡᠨ ᠬᠠᠮᠢᠶᠠᠷᠤᠯᠲᠠ ᠶᠢᠨ ᠲᠥᠷᠥᠯ ᠤᠨ ᠠᠵᠢᠯ ᠤᠨ ᠪᠠᠶᠢᠷᠢ ᠶᠢᠨ ᠬᠢᠷᠢ ᠲᠡᠩᠴᠡᠬᠦ ᠬᠤᠪᠢ ᠶᠢᠨ ᠱᠤᠭᠤᠮ ᠨᠢ᠄ ᠶᠡᠷᠦᠩᠬᠡᠢ ᠬᠤᠪᠢ ︵ᠵᠠᠰᠠᠭ ᠵᠠᠬᠢᠷᠭᠠᠨ ᠤ ᠠᠵᠢᠯ ᠮᠡᠷᠭᠡᠵᠢᠯ ᠤᠨ ᠴᠢᠳᠠᠪᠤᠷᠢ ᠶᠢᠨ ᠪᠠᠶᠢᠴᠠᠭᠠᠯᠲᠠ ᠪᠠ ᠰᠢᠭᠦᠨ ᠥᠭᠦᠯᠡᠬᠦᠢ ᠶᠢᠨ ᠬᠢᠷᠢ ᠪᠦᠲᠦᠮᠵᠢ ᠶᠢᠨ ᠨᠡᠶᠢᠯᠡᠪᠦᠷᠢ᠂ ᠳᠣᠷᠣᠭᠰᠢ ᠠᠳᠠᠯᠢ︶ 105 ᠬᠤᠪᠢ᠂ ᠵᠠᠰᠠᠭ ᠵᠠᠬᠢᠷᠭᠠᠨ ᠤ ᠠᠵᠢᠯ ᠮᠡᠷᠭᠡᠵᠢᠯ ᠤᠨ ᠴᠢᠳᠠᠪᠤᠷᠢ ᠶᠢᠨ ᠪᠠᠶᠢᠴᠠᠭᠠᠯᠲᠠ 60 ᠬᠤᠪᠢ ᠪᠤᠯᠣᠨ᠎ᠠ︔      ᠬᠤᠲᠠ ︵ᠲᠤᠰᠬᠠᠢ ᠣᠷᠣᠨ︶ ᠶᠢᠨ ᠱᠠᠲᠤ ᠪᠠ ᠰᠢᠶᠠᠨ ︵ᠲᠣᠭᠤᠷᠢᠭ︶ ᠤ ᠱᠠᠲᠤᠨ ᠤ ᠰᠢᠭᠤᠳ ᠬᠠᠷᠢᠶ᠎ᠠ ᠪᠠᠶᠢᠭᠤᠯᠤᠮᠵᠢ ᠶᠢᠨ ᠶᠡᠷᠦᠩᠬᠡᠶᠢᠯᠡᠭᠰᠡᠨ ᠬᠠᠮᠢᠶᠠᠷᠤᠯᠲᠠ ᠶᠢᠨ ᠲᠥᠷᠥᠯ ᠤᠨ ᠠᠵᠢᠯ ᠤᠨ ᠪᠠᠶᠢᠷᠢ ᠶᠢᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠥᠷᠥᠯ ᠤᠨ ᠠᠵᠢᠯ ᠤᠨ ᠪᠠᠶᠢᠷᠢ ᠶᠢᠨ ᠬᠢᠷᠢ ᠲᠡᠩᠴᠡᠬᠦ ᠬᠤᠪᠢ ᠶᠢᠨ ᠱᠤᠭᠤᠮ  ᠨᠢ᠄ ᠶᠡᠷᠦᠩᠬᠡᠢ ᠬᠤᠪᠢ ᠨᠢ 95 ᠬᠤᠪᠢ᠂ ᠵᠠᠰᠠᠭ ᠵᠠᠬᠢᠷᠭᠠᠨ ᠤ ᠠᠵᠢᠯ ᠮᠡᠷᠭᠡᠵᠢᠯ ᠤᠨ ᠴᠢᠳᠠᠪᠤᠷᠢ ᠶᠢᠨ ᠰᠢᠯᠭᠠᠯᠲᠠ ᠨᠢ 50 ᠬᠤᠪᠢ ᠪᠤᠯᠣᠨ᠎ᠠ︔      ᠪᠠᠷᠠᠭᠤᠨ ᠬᠡᠰᠡᠭ ᠤᠨ ᠭᠠᠵᠠᠷ ᠣᠷᠣᠨ ᠪᠣᠯᠣᠨ ᠬᠦᠴᠢᠷ ᠪᠡᠷᠬᠡᠰᠢᠶᠡᠯᠲᠡᠢ ᠬᠢᠯᠢ ᠬᠢᠵᠠᠭᠠᠷ ᠣᠷᠣᠨ ︵ᠱᠠᠨ ᠰᠢ᠂ ᠥᠪᠥᠷ ᠮᠣᠩᠭᠤᠯ᠂ ᠭᠢᠷᠢᠨ᠂ ᠬᠠᠷᠠᠮᠥ᠋ᠷᠡᠨ᠂ ᠭᠤᠸᠠᠩᠰᠢ᠂ ᠴᠦᠩᠴᠢᠩ᠂ ᠰᠧᠴᠤᠸᠠᠨ᠂ ᠭᠦᠢᠵᠧᠦ᠂ ᠶᠦᠨᠨᠠᠨ᠂ ᠲᠥᠪᠡᠳ᠂ ᠱᠠᠨᠰᠢ᠂ ᠭᠠᠨᠰᠤ᠂ ᠬᠥᠬᠡᠨᠠᠭᠤᠷ᠂ ᠨᠢᠩᠰᠢᠶᠠ᠂ ᠰᠢᠨᠵᠢᠶᠠᠩ ᠵᠡᠷᠭᠡ 15 ᠮᠤᠵᠢ ᠣᠷᠣᠨ ᠬᠤᠲᠠ ᠶᠢᠨ ᠬᠤᠲᠠ ︵ᠲᠤᠰᠬᠠᠢ ᠣᠷᠣᠨ︶ ᠶᠢᠨ ᠲᠠᠰ᠂ ᠰᠢᠶᠠᠨ ︵ᠲᠣᠭᠤᠷᠢᠭ︶ ᠤ ᠲᠠᠰ ᠤᠨ ᠰᠢᠭᠤᠳ ᠬᠠᠷᠢᠶ᠎ᠠ ᠪᠠᠶᠢᠭᠤᠯᠤᠮᠵᠢ ᠶᠢᠨ ᠶᠡᠷᠦᠩᠬᠡᠶᠢᠯᠡᠭᠰᠡᠨ ᠬᠠᠮᠢᠶᠠᠷᠤᠯᠲᠠ ᠶᠢᠨ ᠲᠥᠷᠥᠯ ᠪᠣᠯᠣᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠥᠷᠥᠯ ᠤᠨ ᠠᠵᠢᠯ ᠤᠨ ᠪᠠᠶᠢᠷᠢ᠂ ᠦᠨᠳᠦᠰᠦᠨ ᠱᠠᠲᠤᠨ ᠳᠤ ᠦᠢᠯᠡᠴᠢᠯᠡᠬᠦ ᠲᠥᠷᠥᠯ ᠵᠦᠢᠯ ᠤᠨ ᠠᠵᠢᠯᠲᠠᠨ ᠪᠣᠯᠣᠨ ᠴᠡᠷᠢᠭ ᠠᠩᠭᠢ ᠳᠤ ᠠᠯᠪᠠ ᠬᠠᠭᠠᠭᠠᠳ 5 ᠵᠢᠯ ᠠᠴᠠ ᠳᠡᠭᠡᠭᠰᠢ ᠪᠣᠯᠵᠤ ᠪᠠᠶᠢᠭ᠎ᠠ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠢ ᠬᠠᠨᠳᠤᠯᠭ᠎ᠠ ᠲᠠᠢ ᠪᠠᠷ ᠡᠯᠰᠡᠨ ᠬᠡᠷᠡᠭᠯᠡᠬᠦ ᠠᠵᠢᠯ ᠤᠨ ᠪᠠᠶᠢᠷᠢ᠂ ᠨᠡᠶᠢᠳᠡᠮ ᠬᠡᠷᠡᠭᠯᠡᠭᠳᠡᠬᠦ ᠪᠤᠰᠤ ᠬᠡᠯᠡᠨ ᠤ ᠠᠵᠢᠯ ᠤᠨ ᠪᠠᠶᠢᠷᠢ ᠵᠢᠴᠢ ᠣᠨᠴᠠᠭᠠᠢ ᠲᠤᠰᠬᠠᠢ ᠮᠡᠷᠭᠡᠵᠢᠯ ᠤᠨ ᠠᠵᠢᠯ ᠤᠨ ᠪᠠᠶᠢᠷᠢ ᠶᠢᠨ ᠬᠢᠷᠢ ᠲᠡᠩᠴᠡᠬᠦ ᠬᠤᠪᠢ ᠶᠢᠨ ᠱᠤᠭᠤᠮ ᠪᠣᠯ᠄ ᠶᠡᠷᠦᠩᠬᠡᠢ ᠬᠤᠪᠢ 90 ᠬᠤᠪᠢ᠂ ᠵᠠᠰᠠᠭ ᠵᠠᠬᠢᠷᠭᠠᠨ ᠤ ᠠᠵᠢᠯ ᠮᠡᠷᠭᠡᠵᠢᠯ ᠤᠨ ᠴᠢᠳᠠᠪᠤᠷᠢ ᠶᠢᠨ ᠰᠢᠯᠭᠠᠯᠲᠠ ᠨᠢ 45 ᠬᠤᠪᠢ ᠪᠤᠯᠣᠨ᠎ᠠ︔      ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ ᠵᠢᠴᠢ ᠲᠣᠮᠢᠯᠠᠭᠰᠠᠨ ᠪᠠᠶᠢᠭᠤᠯᠤᠮᠵᠢ ᠶᠢᠨ ᠠᠵᠢᠯ ᠤᠨ ᠪᠠᠶᠢᠷᠢ᠂ ᠳᠤᠮᠳᠠᠳᠤ ᠤᠯᠤᠰ ᠤᠨ ᠦᠨᠡᠲᠦ ᠲᠡᠮᠳᠡᠭᠲᠦ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠵᠢᠴᠢ ᠲᠣᠮᠢᠯᠠᠭᠰᠠᠨ ᠪᠠᠶᠢᠭᠤᠯᠤᠮᠵᠢ ᠶᠢᠨ ᠠᠵᠢᠯ ᠤᠨ ᠪᠠᠶᠢᠷᠢ ᠪᠣᠯᠣᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠠᠷᠠᠳ ᠤᠨ ᠴᠠᠭᠳᠠᠭ᠎ᠠ ᠶᠢᠨ ᠠᠵᠢᠯ ᠤᠨ ᠪᠠᠶᠢᠷᠢ ᠳᠤ ᠲᠤᠰᠬᠠᠢ ᠮᠡᠷᠭᠡᠵᠢᠯ ᠤᠨ ᠲᠥᠷᠥᠯ ᠤᠨ ᠪᠢᠷ ᠤᠨ ᠰᠢᠯᠭᠠᠯᠲᠠ ᠶᠢ ᠨᠢᠭᠡᠳᠦᠯᠲᠡᠢ ᠵᠣᠬᠢᠶᠠᠨ ᠪᠠᠶᠢᠭᠤᠯᠪᠠ᠂ ᠲᠤᠰᠬᠠᠢ ᠮᠡᠷᠭᠡᠵᠢᠯ ᠤᠨ ᠪᠢᠷ ᠤᠨ ᠰᠢᠯᠭᠠᠯᠲᠠ ᠶᠢᠨ ᠬᠢᠷᠢ ᠲᠡᠩᠴᠡᠬᠦ ᠬᠤᠪᠢ ᠶᠢᠨ ᠱᠤᠭᠤᠮ ᠨᠢ᠄ 45 ᠬᠤᠪᠢ᠃      ᠡᠯ᠎ᠡ ᠠᠵᠢᠯ ᠤᠨ ᠪᠠᠶᠢᠷᠢ ᠶᠢᠨ ᠨᠢᠭᠤᠷᠲᠠᠨ ᠰᠢᠯᠭᠠᠯᠲᠠ ᠳᠤ ᠣᠷᠤᠯᠴᠠᠬᠤ ᠬᠥᠮᠥᠰ ᠤᠨ ᠨᠡᠷᠡᠰ ᠢ ᠨᠢᠭᠤᠷᠲᠠᠨ ᠰᠢᠯᠭᠠᠬᠤ ᠬᠠᠷᠢᠴᠠᠯ ᠢ ᠦᠨᠳᠦᠰᠦᠯᠡᠨ᠂ ᠪᠢᠷ ᠤᠨ ᠰᠢᠯᠭᠠᠯᠲᠠ ᠶᠢᠨ ᠬᠢᠷᠢ ᠪᠦᠲᠦᠮᠵᠢ ᠶᠢᠨ ᠥᠨᠳᠥᠷ ᠬᠤᠪᠢ ᠠᠴᠠ ᠳᠣᠣᠷ᠎ᠠ ᠬᠤᠪᠢ ᠬᠦᠷᠲᠡᠯᠡᠬᠢ ᠳᠠᠷᠠᠭᠠᠯᠠᠯ ᠢᠶᠠᠷ ᠲᠣᠭᠲᠠᠭᠠᠵᠤ᠂ ᠨᠡᠶᠢᠭᠡᠮ ᠨᠡᠶᠢᠲᠡ ᠳᠤ ᠨᠢᠭᠡᠳᠦᠯᠲᠡᠢ ᠨᠡᠶᠢᠲᠡᠯᠡᠨ᠎ᠡ᠃ ᠨᠢᠭᠤᠷᠲᠠᠨ ᠰᠢᠯᠭᠠᠬᠤ ᠠᠵᠢᠯ ᠢ ᠡᠯ᠎ᠡ ᠡᠯᠰᠡᠬᠦ ᠪᠠᠶᠢᠭᠤᠯᠭ᠎ᠠ ᠠᠴᠠ ᠪᠣᠳᠠᠲᠠᠢ ᠬᠡᠷᠡᠭᠵᠢᠭᠦᠯᠦᠨ᠎ᠡ᠃ ᠨᠢᠭᠤᠷᠲᠠᠨ ᠰᠢᠯᠭᠠᠯᠲᠠ ᠠᠴᠠ ᠡᠮᠦᠨ᠎ᠡ᠂ ︽ᠲᠥᠪ ᠤᠨ ᠪᠠᠶᠢᠭᠤᠯᠭ᠎ᠠ ᠵᠢᠴᠢ ᠲᠡᠭᠦᠨ ᠤ ᠰᠢᠭᠤᠳ ᠬᠠᠷᠢᠶ᠎ᠠ ᠪᠠᠶᠢᠭᠤᠯᠤᠮᠵᠢ ᠶᠢᠨ 2024 ᠣᠨ ᠤ ᠠᠯᠪᠠᠲᠠᠨ ᠰᠢᠯᠭᠠᠨ ᠡᠯᠰᠡᠬᠦ ᠲᠤᠰᠬᠠᠢ ᠰᠦᠯᠵᠢᠶ᠎ᠡ︾ ᠳᠡᠭᠡᠷ᠎ᠡ ᠨᠢᠭᠤᠷᠲᠠᠨ ᠰᠢᠯᠭᠠᠬᠤ ᠠᠯᠪᠠᠨ ᠵᠠᠷᠯᠠᠯ ᠨᠡᠶᠢᠲᠡᠯᠡᠨ᠎ᠡ᠃ ᠪᠢᠷ ᠤᠨ ᠰᠢᠯᠭᠠᠯᠲᠠ ᠳᠤ ᠬᠢᠷᠢ ᠲᠡᠩᠴᠡᠭᠰᠡᠨ ᠬᠥᠮᠥᠨ ᠤ ᠲᠤᠭ᠎ᠠ ᠪᠣᠯᠣᠨ ᠡᠯᠰᠡᠬᠦ ᠪᠠᠷ ᠪᠠᠶᠢᠭ᠎ᠠ ᠬᠥᠮᠥᠨ ᠤ ᠲᠤᠭ᠎ᠠ ᠶᠢᠨ ᠬᠠᠷᠢᠴᠠᠯ ᠨᠢ ᠲᠣᠭᠲᠠᠭᠠᠭᠰᠠᠨ ᠨᠢᠭᠤᠷᠲᠠᠨ ᠰᠢᠯᠭᠠᠯᠲᠠ ᠶᠢᠨ ᠬᠠᠷᠢᠴᠠᠯ ᠳᠤ ᠭᠦᠷᠦᠭᠰᠡᠨ ᠦᠭᠡᠢ ᠬᠡᠰᠡᠭ ᠠᠵᠢᠯ ᠤᠨ ᠪᠠᠶᠢᠷᠢ ᠳᠤ᠂ ᠤᠯᠤᠰ ᠤᠨ ᠠᠯᠪᠠᠲᠠᠨ ᠤ ᠲᠣᠪᠴᠢᠶ᠎ᠠ ᠠᠴᠠ ᠢᠯᠡ ᠪᠠᠷ ᠲᠣᠬᠢᠷᠠᠭᠤᠯᠤᠯᠲᠠ ᠬᠢᠵᠦ᠂ ᠳᠠᠷᠠᠭ᠎ᠠ ᠪᠠᠷ ᠪᠠᠰᠠ ᠠᠵᠢᠯᠲᠠᠨ ᠲᠤᠲᠠᠭᠳᠠᠵᠤ ᠪᠠᠶᠢᠭ᠎ᠠ ᠠᠵᠢᠯ ᠤᠨ ᠪᠠᠶᠢᠷᠢ ᠳᠤ ᠴᠢᠭᠯᠡᠭᠦᠯᠦᠨ᠂ ᠨᠡᠶᠢᠭᠡᠮ ᠳᠤ ᠬᠠᠨᠳᠤᠭᠤᠯᠤᠨ ᠨᠢᠭᠡᠳᠦᠯᠲᠡᠢ ᠪᠠᠷ ᠨᠥᠬᠦᠵᠦ ᠡᠯᠰᠡᠨ᠎ᠡ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号