1 ᠰᠠᠷ᠎ᠠ ᠶᠢᠨ 13 ᠠᠴᠠ 14 ᠤ ᠡᠳᠦᠷ ᠪᠤᠯᠳᠠᠯ᠎ᠠ᠂ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ | ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ ᠣᠯᠠᠨ ᠲᠦᠮᠡᠨᠴᠢ ᠤᠷᠤᠯᠳᠤᠭᠠᠨ ᠭᠦᠭᠡᠬᠤᠲᠠ ᠳᠤ | ᠶᠠᠪᠤᠭᠳᠠᠪᠠ᠃ | 14 ᠤ ᠡᠳᠦᠷ ᠤᠨ ᠰᠢᠢᠳᠪᠦᠷᠢᠲᠦ ᠤᠷᠤᠯᠳᠤᠭᠠᠨ ᠳᠤ᠂ ᠾᠧᠪᠧᠢ ᠶᠢᠨ ᠲᠥᠯᠥᠭᠡᠯᠡᠭᠴᠢᠳ ᠤᠨ ᠠᠩᠭᠢ | 4✕200 ᠮᠧᠲᠷ ᠤᠨ ᠡᠷᠡᠭᠲᠡᠢ ᠡᠮᠡᠭᠲᠡᠢ ᠶᠢᠨ ᠬᠠᠮᠲᠤᠷᠠᠭᠰᠠᠨ ᠪᠤᠤᠬᠢᠶ᠎ᠠ ᠵᠠᠯᠭᠠᠬᠤ ᠤᠷᠤᠯᠳᠤᠭᠠᠨ ᠪᠠ 2000 | ᠮᠧᠲᠷ ᠤᠨ ᠡᠷᠡᠭᠲᠡᠢ ᠡᠮᠡᠭᠲᠡᠢ ᠶᠢᠨ ᠬᠠᠮᠲᠤᠷᠠᠭᠰᠠᠨ ᠪᠦᠯᠭᠦᠮ ᠤᠨ ᠤᠷᠤᠯᠳᠤᠭᠠᠨ ᠳᠤ 2 ᠠᠯᠲᠠᠨ ᠮᠧᠳᠠᠯ ᠢ ᠲᠤᠰᠪᠠ᠃ | ᠭᠢᠷᠢᠨ ᠮᠤᠵᠢ ᠶᠢᠨ ᠲᠥᠯᠥᠭᠡᠯᠡᠭᠴᠢᠳ ᠤᠨ ᠠᠩᠭᠢ ᠬᠡᠭᠡᠷᠡᠯᠡᠬᠦ ᠴᠡᠨᠡᠯᠡᠯᠳᠡ ᠶᠢᠨ ᠡᠮᠡᠭᠲᠡᠢ ᠶᠢᠨ 4✕1000 | ᠮᠧᠲᠷ ᠤᠨ ᠪᠦᠯᠭᠦᠮ ᠤᠨ ᠪᠤᠤᠬᠢᠶ᠎ᠠ ᠳᠠᠮᠵᠢᠭᠤᠯᠬᠤ ᠤᠷᠤᠯᠳᠤᠭᠠᠨ ᠪᠠ ᠬᠡᠭᠡᠷᠡᠯᠡᠬᠦ ᠴᠡᠨᠡᠯᠡᠯᠳᠡ ᠶᠢᠨ ᠡᠷᠡᠭᠲᠡᠢ ᠶᠢᠨ | 4✕1500 ᠮᠧᠲᠷ ᠤᠨ ᠪᠦᠯᠭᠦᠮ ᠤᠨ ᠪᠤᠤᠬᠢᠶ᠎ᠠ ᠳᠠᠮᠵᠢᠭᠤᠯᠬᠤ ᠤᠷᠤᠯᠳᠤᠭᠠᠨ ᠳᠤ 2 ᠠᠯᠲᠠᠨ ᠮᠧᠳᠠᠯ ᠳᠤᠰᠪᠠ᠃ | ᠥᠪᠥᠷ ᠮᠣᠩᠭᠤᠯ ᠤᠨ ᠲᠥᠯᠥᠭᠡᠯᠡᠭᠴᠢᠳ ᠤᠨ ᠠᠩᠭᠢ ᠬᠡᠭᠡᠷᠡᠯᠡᠬᠦ ᠴᠡᠨᠡᠯᠡᠯᠲᠡ ᠶᠢᠨ ᠡᠮᠡᠭᠲᠡᠢ ᠶᠢᠨ 4✕1000 | ᠮᠧᠲᠷ ᠤᠨ ᠪᠦᠯᠭᠦᠮ ᠤᠨ ᠪᠤᠤᠬᠢᠶ᠎ᠠ ᠳᠠᠮᠵᠢᠭᠤᠯᠬᠤ ᠤᠷᠤᠯᠳᠤᠭᠠᠨ ᠳᠤ ᠮᠥᠩᠭᠦᠨ ᠮᠧᠳᠠᠯ ᠭᠠᠷᠳᠠᠪᠠ᠃ | ᠲᠤᠰ ᠤᠳᠠᠭᠠᠨ ᠤ ᠤᠷᠤᠯᠳᠤᠭᠠᠨ ᠳᠤ ᠲᠦᠷᠭᠡᠨ ᠲᠡᠰᠢᠯᠲᠡ ᠶᠢᠨ 4✕200 ᠮᠧᠲᠷ ᠤᠨ ᠡᠷᠡᠭᠲᠡᠢ ᠡᠮᠡᠭᠲᠡᠢ | ᠶᠢᠨ ᠬᠠᠮᠲᠤᠷᠠᠭᠰᠠᠨ ᠪᠤᠤᠬᠢᠶ᠎ᠠ ᠵᠠᠯᠭᠠᠬᠤ ᠤᠷᠤᠯᠳᠤᠭᠠᠨ᠂ ᠲᠦᠷᠭᠡᠨ ᠲᠡᠰᠢᠯᠲᠡ ᠶᠢᠨ 2000 ᠮᠧᠲᠷ ᠤᠨ ᠡᠷᠡᠭᠲᠡᠢ | ᠡᠮᠡᠭᠲᠡᠢ ᠶᠢᠨ ᠬᠠᠮᠲᠤᠷᠠᠭᠰᠠᠨ ᠪᠤᠤᠬᠢᠶ᠎ᠠ ᠵᠠᠯᠭᠠᠬᠤ ᠤᠷᠤᠯᠳᠤᠭᠠᠨ᠂ ᠬᠡᠭᠡᠷᠡᠯᠡᠬᠦ ᠴᠡᠨᠡᠯᠡᠯᠳᠡ ᠶᠢᠨ ᠡᠷᠡᠭᠲᠡᠢ ᠶᠢᠨ | 4✕1500 ᠮᠧᠲᠷ ᠤᠨ ᠪᠦᠯᠭᠦᠮ ᠤᠨ ᠪᠤᠤᠬᠢᠶ᠎ᠠ ᠵᠠᠯᠭᠠᠬᠤ ᠤᠷᠤᠯᠳᠤᠭᠠᠨ᠂ ᠬᠡᠭᠡᠷᠡᠯᠡᠬᠦ ᠴᠡᠨᠡᠯᠡᠯᠳᠡ ᠶᠢᠨ ᠡᠮᠡᠭᠲᠡᠢ | ᠶᠢᠨ 4✕1000 ᠮᠧᠲᠷ ᠤᠨ ᠪᠦᠯᠭᠦᠮ ᠤᠨ ᠪᠤᠤᠬᠢᠶ᠎ᠠ ᠵᠠᠯᠭᠠᠬᠤ ᠤᠷᠤᠯᠳᠤᠭᠠᠨ ᠵᠡᠷᠭᠡ 4 ᠲᠦᠷᠦᠯ ᠤᠨ | ᠤᠷᠤᠯᠳᠤᠭᠠᠨ ᠲᠣᠬᠢᠷᠠᠭᠤᠯᠵᠠᠢ᠃ ᠲᠣᠰ ᠤᠳᠠᠭ᠎ᠠ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠭᠦᠮ 20 | ᠲᠠᠮᠢᠷᠴᠢᠨ ᠢ ᠰᠣᠩᠭᠤᠨ ᠲᠣᠮᠢᠯᠠᠵᠤ ᠣᠯᠠᠨ ᠲᠦᠮᠡᠨᠴᠢ ᠤᠷᠤᠯᠳᠤᠭᠠᠨ ᠤ ᠪᠤᠶ ᠪᠦᠬᠦᠢ ᠲᠦᠷᠦᠯ ᠳᠤ | ᠣᠷᠣᠯᠴᠠᠭᠤᠯᠪᠠ᠂ ᠡᠭᠦᠨ ᠳᠤ 8 ᠲᠠᠮᠢᠷᠴᠢᠨ ᠲᠦᠷᠭᠡᠨ ᠲᠡᠰᠢᠯᠲᠡ ᠶᠢᠨ ᠤᠷᠤᠯᠳᠤᠭᠠᠨ ᠳᠤ ᠣᠷᠣᠯᠴᠠᠵᠤ᠂ 12 | ᠲᠠᠮᠢᠷᠴᠢᠨ ᠬᠡᠭᠡᠷᠡᠯᠡᠬᠦ ᠴᠡᠨᠡᠯᠡᠯᠲᠡ ᠶᠢᠨ ᠤᠷᠤᠯᠳᠤᠭᠠᠨ ᠳᠤ ᠣᠷᠣᠯᠴᠠᠵᠠᠢ᠃ ᠲᠤᠰ ᠬᠤᠭᠤᠴᠠᠭᠠᠨ ᠤ ᠡᠪᠦᠯ ᠤᠨ | ᠤᠯᠠᠷᠢᠯ ᠤᠨ ᠪᠦᠭᠦ ᠤᠯᠤᠰ ᠤᠨ ᠲᠠᠮᠢᠷ ᠤᠨ ᠴᠤᠭᠯᠠᠭᠠᠨ ᠳᠤ ᠠᠩᠬ᠎ᠠ ᠤᠳᠠᠭ᠎ᠠ ᠤᠯᠠᠨ ᠲᠦᠮᠡᠨᠴᠢ ᠤᠷᠤᠯᠳᠤᠭᠠᠨ ᠤ | ᠲᠦᠷᠦᠯ ᠢ ᠲᠣᠬᠢᠷᠠᠭᠤᠯᠵᠤ᠂ ᠪᠦᠭᠦ ᠤᠯᠤᠰ ᠤᠨ 21 ᠲᠥᠯᠥᠭᠡᠯᠡᠭᠴᠢᠳ ᠤᠨ ᠪᠦᠯᠭᠦᠮ ᠣᠷᠣᠯᠴᠠᠵᠠᠢ᠃ | | |