ᠮᠠᠨ ᠤ ᠣᠷᠣᠨ ᠡᠨᠡ ᠵᠢᠯ ᠨᠢᠭᠡ ᠪᠦᠯᠦᠭ ᠳ᠋ᠣᠺᠲ᠋ᠣᠷ ᠴᠣᠯᠠ ᠣᠯᠭᠤᠬᠤ ᠴᠡᠭ ᠢ ᠰᠢᠨ᠎ᠡ ᠪᠠᠷ ᠨᠡᠮᠡᠭᠳᠡᠭᠦᠯᠦᠨ᠎ᠡ
ᠨᠡᠶᠢᠲᠡᠯᠡᠭᠰᠡᠨ ᠴᠠᠭ᠄
2024/1/16
      ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠠᠴᠠ ᠣᠶᠢᠯᠠᠭᠠᠭᠰᠠᠨ ᠢᠶᠠᠷ᠂ ᠡᠨᠡ ᠵᠢᠯ ᠮᠠᠨ ᠤ ᠣᠷᠣᠨ ᠥᠪᠡᠷᠲᠡᠭᠡᠨ ᠵᠠᠰᠠᠬᠤ ᠣᠷᠣᠨ ᠤ ᠲᠠᠰ ᠤᠨ ᠰᠢᠨᠵᠢᠯᠡᠭᠡᠨ ᠤ ᠰᠠᠯᠠᠭ᠎ᠠ ᠲᠤᠰᠬᠠᠢ ᠮᠡᠷᠭᠡᠵᠢᠯ ᠤᠨ ᠪᠠᠶᠢᠭᠤᠯᠤᠯᠲᠠ ᠶᠢ ᠨᠢᠭᠡᠳᠦᠯᠲᠡᠢ ᠲᠥᠯᠥᠪᠵᠢᠭᠦᠯᠬᠦ ᠪᠠ ᠬᠠᠮᠢᠶᠠᠷᠬᠤ ᠪᠠᠨ ᠦᠷᠭᠦᠯᠵᠢᠯᠡᠨ ᠴᠢᠩᠭᠠᠳᠬᠠᠵᠤ᠂ ᠶᠡᠭᠡ ᠳᠡᠭᠡᠳᠦ ᠰᠤᠷᠭᠠᠭᠤᠯᠢ ᠶᠢ ᠵᠢᠯᠣᠭᠤᠳᠤᠨ ᠰᠢᠨᠵᠢᠯᠡᠭᠡᠨ ᠤ ᠰᠠᠯᠠᠭ᠎ᠠ ᠲᠤᠰᠬᠠᠢ ᠮᠡᠷᠭᠡᠵᠢᠯ ᠤᠨ ᠲᠣᠬᠢᠷᠠᠭᠤᠯᠤᠯᠲᠠ ᠶᠢ ᠰᠠᠶᠢᠲᠤᠷ ᠬᠢᠵᠦ᠂ ᠲᠡᠷᠢᠭᠦᠨ ᠤ ᠰᠢᠨᠵᠢᠯᠡᠭᠡᠨ ᠤ ᠰᠠᠯᠠᠭ᠎ᠠ᠂ ᠲᠡᠷᠢᠭᠦᠨ ᠤ ᠲᠤᠰᠬᠠᠢ ᠮᠡᠷᠭᠡᠵᠢᠯ ᠤᠨ ᠪᠠᠶᠢᠭᠤᠯᠤᠯᠲᠠ ᠶᠢᠨ ᠠᠵᠢᠯᠯᠠᠭᠠᠨ ᠤ ᠲᠥᠯᠥᠪᠯᠡᠭᠡ ᠶᠢ ᠬᠡᠷᠡᠭᠵᠢᠭᠦᠯᠵᠦ᠂ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠥᠪᠡᠷᠲᠡᠭᠡᠨ ᠵᠠᠰᠠᠬᠤ ᠣᠷᠣᠨ ᠤ ᠬᠤᠶᠠᠷ ᠶᠡᠭᠡ ᠶᠠᠪᠤᠳᠠᠯ ᠳᠤ ᠦᠢᠯᠡᠴᠢᠯᠡᠬᠦ ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃      ᠵᠠᠷᠤᠳᠠᠯ ᠤᠨ ᠣᠷᠣᠭᠤᠯᠤᠯᠲᠠ ᠶᠢᠨ ᠡᠷᠴᠢᠮ ᠢ ᠨᠡᠮᠡᠭᠳᠡᠭᠦᠯᠦᠨ᠎ᠡ᠃ ᠡᠪᠡᠰᠦᠨ ᠤ ᠰᠤᠳᠤᠯᠤᠯ᠂ ᠠᠮᠢᠳᠤ ᠪᠣᠳᠠᠰ ᠤᠨ ᠰᠤᠳᠤᠯᠤᠯ ᠵᠡᠷᠭᠡ ᠬᠤᠶᠠᠷ ᠲᠡᠷᠢᠭᠦᠨ ᠤ ᠣᠷᠣᠶᠢᠯᠠᠭᠰᠠᠨ ᠰᠢᠨᠵᠢᠯᠡᠭᠡᠨ ᠤ ᠰᠠᠯᠠᠭ᠎ᠠ ᠶᠢᠨ ᠵᠢᠯ ᠤᠨ ᠪᠦᠲᠦᠭᠡᠨ ᠪᠠᠶᠢᠭᠤᠯᠤᠯᠲᠠ ᠶᠢᠨ ᠵᠠᠷᠤᠳᠠᠯ ᠢ 5000 ᠲᠦᠮᠡᠨ ᠲᠥᠭᠦᠷᠢᠭ ᠠᠴᠠ ᠳᠣᠣᠷ᠎ᠠ  ᠪᠠᠶᠢᠯᠭᠠᠵᠤ  ᠪᠤᠯᠬᠤ  ᠦᠭᠡᠢ;ᠢᠳᠡᠭᠡᠨ ᠤ ᠰᠢᠨᠵᠢᠯᠡᠬᠦ ᠤᠬᠠᠭᠠᠨ ᠬᠢᠭᠡᠳ ᠢᠨᠵᠧᠨᠧᠷᠢᠩ᠂ ᠠᠮᠢ ᠠᠬᠤᠢ ᠶᠢᠨ ᠤᠬᠠᠭᠠᠨ᠂ ᠬᠥᠳᠡᠯᠭᠡᠬᠦ ᠬᠦᠴᠦᠨ ᠤ ᠢᠨᠵᠧᠨᠧᠷᠢᠩ ᠵᠢᠴᠢ ᠢᠨᠵᠧᠨᠧᠷᠢᠩ ᠤᠨ ᠢᠯᠴᠢ ᠶᠢᠨ ᠹᠢᠽᠢᠺ᠂ ᠲᠡᠮᠦᠷᠯᠢᠭ ᠬᠠᠶᠢᠯᠤᠭᠤᠯᠬᠤ ᠢᠨᠵᠧᠨᠧᠷᠢᠩ ᠵᠡᠷᠭᠡ ᠥᠪᠡᠷᠲᠡᠭᠡᠨ ᠵᠠᠰᠠᠬᠤ ᠣᠷᠣᠨ ᠤ ᠳᠥᠷᠪᠡᠨ ᠶᠡᠭᠡ ᠲᠤᠯᠭᠠᠭᠤᠷᠢ ᠠᠵᠤ ᠦᠢᠯᠡᠰ ᠲᠤ ᠳᠡᠭᠡᠳᠦ ᠬᠡᠮᠵᠢᠶ᠎ᠡ ᠪᠠᠷ ᠵᠣᠬᠢᠴᠠᠭᠰᠠᠨ ᠲᠡᠷᠢᠭᠦᠨ ᠤ ᠣᠷᠣᠶᠢᠯᠠᠭᠰᠠᠨ ᠰᠢᠨᠵᠢᠯᠡᠭᠡᠨ ᠤ ᠰᠠᠯᠠᠭ᠎ᠠ ᠶᠢᠨ ᠵᠢᠯ ᠤᠨ ᠪᠦᠲᠦᠭᠡᠨ ᠪᠠᠶᠢᠭᠤᠯᠤᠯᠲᠠ ᠶᠢᠨ ᠵᠠᠷᠤᠳᠠᠯ ᠢ 3000 ᠲᠦᠮᠡᠨ ᠲᠥᠭᠦᠷᠢᠭ ᠠᠴᠠ ᠳᠣᠣᠷ᠎ᠠ ᠪᠠᠶᠢᠯᠭᠠᠬᠤ ᠦᠭᠡᠢ ᠪᠠᠶᠢᠵᠤ᠂ ᠬᠠᠮᠢᠶ᠎ᠠ ᠪᠦᠬᠦᠢ ᠰᠢᠨᠵᠢᠯᠡᠭᠡᠨ ᠤ ᠰᠠᠯᠠᠭ᠎ᠠ ᠶᠢᠨ ᠤᠯᠤᠰ ᠤᠨ ᠲᠡᠷᠢᠭᠦᠨ ᠤ ᠰᠢᠨᠵᠢᠯᠡᠭᠡᠨ ᠤ ᠰᠠᠯᠠᠭ᠎ᠠ ᠳᠠᠬᠢ ᠰᠢᠨ᠎ᠡ ᠰᠢᠪᠲᠤᠯᠤᠯᠲᠠ ᠶᠢ ᠲᠦᠷᠭᠡᠬᠡᠨ ᠪᠡᠶᠡᠯᠡᠭᠦᠯᠬᠦ ᠶᠢ ᠠᠬᠢᠭᠤᠯᠤᠨ᠎ᠠ᠃      ᠳᠡᠭᠡᠳᠦ ᠳᠡᠰ ᠳᠠᠪᠬᠤᠷᠭ᠎ᠠ ᠶᠢᠨ ᠰᠢᠨᠵᠢᠯᠡᠭᠡᠨ ᠤ ᠰᠠᠯᠠᠭ᠎ᠠ ᠶᠢᠨ ᠲᠠᠪᠴᠠᠩ ᠤᠨ ᠪᠠᠶᠢᠭᠤᠯᠤᠯᠲᠠ ᠶᠢ ᠴᠢᠩᠭᠠᠳᠬᠠᠨ᠎ᠠ᠃ ᠡᠬᠢ ᠪᠠᠶᠠᠯᠢᠭ ᠬᠢᠭᠡᠳ ᠣᠷᠴᠢᠨ ᠲᠣᠭᠤᠷᠢᠨ᠂ ᠮᠠᠲ᠋ᠧᠷᠢᠶᠠᠯ ᠬᠢᠭᠡᠳ ᠬᠢᠮᠢ ᠶᠢᠨ ᠠᠵᠤ ᠦᠢᠯᠡᠳᠪᠦᠷᠢ᠂ ᠡᠨᠧᠷᠭᠢ ᠶᠢᠨ ᠬᠥᠳᠡᠯᠭᠡᠭᠴᠢ ᠬᠦᠴᠦᠨ᠂ ᠰᠢᠷᠣᠢ ᠮᠣᠳᠣ ᠤᠰᠤᠨ ᠠᠰᠢᠭᠯᠠᠯᠲᠠ᠂ ᠲᠠᠷᠢᠶᠠᠯᠠᠩ᠂ ᠮᠠᠯ ᠤᠨ ᠡᠮᠨᠡᠯᠭᠡ ᠵᠡᠷᠭᠡ ᠬᠦᠷᠢᠶᠡᠨ ᠳᠤ ᠳ᠋ᠣᠺᠲ᠋ᠣᠷ ᠤᠨ ᠲᠤᠰᠬᠠᠢ ᠮᠡᠷᠭᠡᠵᠢᠯ ᠤᠨ ᠴᠣᠯᠠ ᠣᠯᠭᠤᠬᠤ ᠴᠡᠭ ᠢ 10 ᠣᠷᠴᠢᠮ ᠪᠠᠶᠢᠭᠤᠯᠵᠤ᠂ ᠬᠥᠷᠥᠰᠥ ᠰᠢᠷᠣᠢ ᠶᠢ ᠬᠠᠮᠠᠭᠠᠯᠠᠬᠤ ᠬᠢᠭᠡᠳ ᠡᠯᠡᠰᠦᠷᠬᠡᠭᠵᠢᠯ ᠢ ᠰᠡᠷᠭᠡᠶᠢᠯᠡᠨ ᠵᠠᠰᠠᠬᠤ ᠤᠬᠠᠭᠠᠨ᠂ ᠡᠮᠴᠢᠯᠡᠭᠡᠨ ᠤ ᠠᠨᠠᠭᠠᠬᠤ ᠤᠬᠠᠭᠠᠨ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠬᠢᠭᠡᠳ ᠰᠡᠷᠭᠡᠶᠢᠯᠡᠬᠦ ᠠᠨᠠᠭᠠᠬᠤ ᠤᠬᠠᠭᠠᠨ᠂ ᠰᠤᠷᠭᠠᠨ ᠬᠥᠮᠦᠵᠢᠯ ᠤᠨ ᠤᠬᠠᠭᠠᠨ᠂ ᠬᠡᠷᠡᠭᠯᠡᠭᠡᠨ ᠤ ᠠᠵᠤ ᠠᠬᠤᠢ ᠶᠢᠨ ᠤᠬᠠᠭᠠᠨ ᠵᠡᠷᠭᠡ ᠨᠢᠭᠡᠳᠦᠭᠡᠷ ᠳᠡᠰ ᠤᠨ ᠰᠢᠨᠵᠢᠯᠡᠭᠡᠨ ᠤ ᠰᠠᠯᠠᠭ᠎ᠠ ᠶᠢᠨ ᠳ᠋ᠣᠺᠲ᠋ᠣᠷ ᠤᠨ ᠴᠣᠯᠠ ᠣᠯᠭᠤᠬᠤ ᠴᠡᠭ ᠢ ᠭᠤᠣᠯᠳᠠᠯᠭ᠎ᠠ ᠲᠠᠢ ᠪᠦᠲᠦᠭᠡᠨ ᠪᠠᠶᠢᠭᠤᠯᠤᠨ᠎ᠠ᠃ 2027 ᠣᠨ ᠪᠤᠯᠬᠤ ᠳᠤ ᠥᠪᠡᠷᠲᠡᠭᠡᠨ ᠵᠠᠰᠠᠬᠤ ᠣᠷᠣᠨ ᠤ ᠳ᠋ᠣᠺᠲ᠋ᠣᠷ ᠤᠨ ᠴᠣᠯᠠ ᠣᠯᠭᠤᠬᠤ ᠴᠡᠭ ᠤᠨ ᠶᠡᠷᠦᠩᠬᠡᠢ ᠲᠤᠭ᠎ᠠ ᠶᠢ 70 ᠣᠷᠴᠢᠮ ᠳᠤ ᠬᠦᠷᠦᠭᠦᠯᠬᠦ ᠪᠠᠷ ᠴᠢᠷᠮᠠᠶᠢᠨ᠎ᠠ᠃ ᠰᠦ ᠶᠢᠨ ᠦᠢᠯᠡᠰ᠂ ᠬᠤᠪᠣᠷ ᠰᠢᠷᠣᠢ᠂ ᠰᠢᠨ᠎ᠡ ᠡᠨᠧᠷᠭᠢ ᠵᠡᠷᠭᠡ ᠬᠦᠷᠢᠶ᠎ᠡ ᠴᠠᠷᠠᠭ᠎ᠠ ᠶᠢᠨ ᠭᠤᠣᠯᠳᠠᠯᠭ᠎ᠠ ᠲᠠᠢ ᠠᠵᠤ ᠠᠬᠤᠶᠢᠯᠠᠯ ᠤᠨ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠤᠨ ᠬᠡᠷᠡᠭᠴᠡᠭᠡ ᠱᠠᠭᠠᠷᠳᠠᠯᠭ᠎ᠠ ᠪᠠᠷ ᠬᠥᠲᠥᠯᠥᠮᠵᠢ ᠪᠤᠯᠭᠠᠵᠤ᠂ ᠥᠪᠡᠷᠲᠡᠭᠡᠨ ᠵᠠᠰᠠᠬᠤ ᠣᠷᠣᠨ ᠤ ᠳᠡᠭᠡᠳᠦ ᠵᠡᠷᠭᠡ ᠶᠢᠨ ᠰᠤᠳᠤᠯᠭᠠᠨ ᠤ ᠬᠦᠷᠢᠶᠡᠯᠡᠩ ᠢ ᠪᠠᠶᠢᠭᠤᠯᠤᠨ᠂ ᠰᠤᠷᠭᠠᠭᠤᠯᠢ ᠠᠵᠤ ᠠᠬᠤᠶᠢᠯᠠᠯ ᠤᠨ ᠬᠠᠮᠵᠢᠯᠴᠠᠨ ᠰᠢᠨ᠎ᠡ ᠶᠢ ᠡᠭᠦᠳᠬᠦ ᠲᠠᠪᠴᠠᠩ ᠢ ᠪᠠᠶᠢᠭᠤᠯᠵᠤ᠂ ᠲᠠᠪᠤᠨ ᠶᠡᠭᠡ ᠡᠭᠦᠷᠭᠡ ᠶᠢᠨ ᠲᠣᠭᠤᠷᠢᠨ ᠳᠤ ᠪᠠᠴᠢᠮ ᠬᠡᠷᠡᠭᠴᠡᠭᠡ ᠲᠠᠢ ᠲᠤᠲᠠᠭᠳᠠᠵᠤ ᠪᠠᠶᠢᠭ᠎ᠠ ᠬᠡᠷᠡᠭᠯᠡᠭᠡᠨ ᠤ ᠭᠡᠯᠪᠡᠷᠢ ᠶᠢᠨ ᠳᠡᠭᠡᠳᠦ ᠳᠡᠰ ᠳᠠᠪᠬᠤᠷᠭ᠎ᠠ ᠶᠢᠨ ᠴᠢᠳᠠᠪᠤᠷᠢᠲᠠᠨ ᠬᠥᠮᠥᠵᠢᠭᠦᠯᠬᠦ ᠴᠢᠳᠠᠪᠤᠷᠢ ᠶᠢ ᠲᠦᠷᠭᠡᠳᠬᠡᠨ ᠳᠡᠭᠡᠭᠰᠢᠯᠡᠭᠦᠯᠦᠨ᠎ᠡ᠃      ᠲᠡᠷᠢᠭᠦᠨ ᠤ ᠵᠢᠩᠬᠢᠨᠢ ᠠᠩᠭᠢ ᠶᠢᠨ ᠲᠤᠰᠬᠠᠢ ᠮᠡᠷᠭᠡᠵᠢᠯ ᠤᠨ ᠪᠠᠶᠢᠭᠤᠯᠤᠯᠲᠠ ᠶᠢ ᠴᠢᠩᠭᠠᠳᠬᠠᠨ᠎ᠠ᠃ ᠶᠡᠭᠡ ᠳᠡᠭᠡᠳᠦ ᠰᠤᠷᠭᠠᠭᠤᠯᠢ ᠶᠢ ᠬᠥᠲᠥᠯᠥᠨ ᠵᠢᠯᠤᠭᠤᠳᠴᠤ ᠪᠠᠶᠢᠭᠠᠳ ᠥᠪᠡᠷᠲᠡᠭᠡᠨ ᠵᠠᠰᠠᠬᠤ ᠣᠷᠣᠨ ᠤ ᠬᠤᠶᠠᠷ ᠶᠡᠭᠡ ᠶᠠᠪᠤᠳᠠᠯ ᠳᠤ ᠦᠢᠯᠡᠴᠢᠯᠡᠬᠦ ᠶᠢᠨ ᠲᠣᠭᠤᠷᠢᠨ ᠳᠤ᠂ ᠤᠯᠤᠰ ᠤᠨ ᠲᠠᠰ᠂ ᠥᠪᠡᠷᠲᠡᠭᠡᠨ ᠵᠠᠰᠠᠬᠤ ᠣᠷᠣᠨ ᠤ ᠲᠠᠰ ᠤᠨ ᠲᠡᠷᠢᠭᠦᠨ ᠤ ᠵᠢᠩᠬᠢᠨᠢ ᠠᠩᠭᠢ ᠶᠢᠨ ᠲᠤᠰᠬᠠᠢ ᠮᠡᠷᠭᠡᠵᠢᠯ ᠤᠨ ᠪᠠᠶᠢᠭᠤᠯᠤᠯᠲᠠ ᠶᠢᠨ ᠴᠡᠭ ᠤᠨ ᠶᠠᠰᠤ ᠴᠢᠨᠠᠷ ᠢ ᠦᠷᠭᠦᠯᠵᠢᠯᠡᠨ ᠴᠢᠩᠭᠠᠳᠬᠠᠵᠤ᠂ ᠵᠢᠱᠢᠶ᠎ᠡ ᠦᠵᠡᠭᠦᠯᠦᠨ ᠳᠠᠶᠢᠴᠢᠯᠠᠬᠤ ᠦᠢᠯᠡᠳᠦᠯ ᠢ ᠭᠦᠢᠴᠡᠳ ᠪᠠᠳᠠᠷᠠᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠱᠠᠲᠤᠨ ᠤ ᠣᠳᠣ ᠦᠶ᠎ᠡ ᠶᠢᠨ ᠠᠵᠤ ᠦᠢᠯᠡᠰ ᠤᠨ ᠳᠡᠭᠡᠳᠦ ᠰᠤᠷᠭᠠᠭᠤᠯᠢ᠂ ᠲᠤᠰᠬᠠᠢ ᠮᠡᠷᠭᠡᠵᠢᠯ ᠤᠨ ᠣᠨᠴᠠᠯᠢᠭᠲᠤ ᠳᠡᠭᠡᠳᠦ ᠰᠤᠷᠭᠠᠭᠤᠯᠢ᠂ ᠢᠷᠡᠭᠡᠳᠦᠢ ᠶᠢᠨ ᠮᠡᠷᠭᠡᠵᠢᠯ ᠤᠨ ᠳᠡᠭᠡᠳᠦ ᠰᠤᠷᠭᠠᠭᠤᠯᠢ ᠪᠣᠯᠣᠨ ᠰᠠᠭᠤᠷᠢ ᠰᠢᠨᠵᠢᠯᠡᠭᠡᠨ ᠤ ᠣᠷᠣᠶᠢᠯᠠᠭᠰᠠᠨ ᠰᠤᠷᠤᠬᠴᠢ ᠶᠢ ᠬᠥᠮᠥᠵᠢᠭᠦᠯᠬᠦ ᠰᠠᠭᠤᠷᠢᠨ ᠢ ᠰᠠᠶᠢᠲᠤᠷ ᠪᠠᠶᠢᠭᠤᠯᠤᠨ ᠬᠦᠴᠦᠷᠬᠡᠭᠵᠢᠭᠦᠯᠵᠦ᠂ ᠰᠢᠯᠭᠠᠷᠠᠭᠰᠠᠨ ᠣᠷᠣᠶᠢᠯᠠᠭᠰᠠᠨ ᠴᠢᠳᠠᠪᠤᠷᠢᠲᠠᠨ ᠢ ᠶᠡᠭᠡ ᠪᠠᠷ ᠬᠥᠮᠥᠵᠢᠭᠦᠯᠦᠨ᠂ ᠴᠢᠳᠠᠪᠤᠷᠢᠲᠠᠨ ᠤ ᠪᠡᠶ᠎ᠡ ᠪᠠᠨ ᠳᠠᠭᠠᠭᠠᠵᠤ ᠰᠤᠷᠤᠯᠴᠠᠬᠤ ᠴᠢᠳᠠᠪᠤᠷᠢ ᠪᠣᠯᠣᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠦᠢᠯᠡᠴᠢᠯᠡᠬᠦ ᠴᠢᠳᠠᠪᠤᠷᠢ ᠶᠢ ᠪᠦᠭᠦ ᠲᠠᠯ᠎ᠠ ᠪᠠᠷ ᠳᠡᠭᠡᠭᠰᠢᠯᠡᠭᠦᠯᠦᠨ᠎ᠡ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号