ᠮᠠᠨ ᠤ ᠣᠷᠣᠨ ᠤ ᠮᠠᠯ ᠠᠵᠤ ᠠᠬᠤᠢ ᠲᠠᠷᠢᠶᠠᠯᠠᠩ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠦᠷᠭᠦᠯᠵᠢᠯᠡᠨ ᠳᠡᠭᠡᠭᠰᠢᠯᠡᠪᠡ
ᠨᠡᠶᠢᠲᠡᠯᠡᠭᠰᠡᠨ ᠴᠠᠭ᠄
2024/1/17
      2023 ᠣᠨ ᠳᠤ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ ᠤᠯᠤᠰ ᠤᠨ ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠢ ᠪᠦᠲᠦᠭᠡᠨ ᠪᠠᠶᠢᠭᠤᠯᠬᠤ ᠱᠠᠭᠠᠷᠳᠠᠯᠭ᠎ᠠ ᠲᠠᠢ ᠤᠶᠠᠯᠳᠤᠭᠤᠯᠤᠨ᠂ ᠥᠪᠡᠷᠲᠡᠭᠡᠨ ᠵᠠᠰᠠᠬᠤ ᠣᠷᠣᠨ ᠤ ᠮᠠᠯ ᠠᠵᠤ ᠠᠬᠤᠢ ᠲᠠᠷᠢᠶᠠᠯᠠᠩ ᠤᠨ ᠬᠦᠷᠢᠶ᠎ᠡ ᠴᠠᠷᠠᠭ᠎ᠠ ᠶᠢᠨ ᠳᠠᠪᠠᠭᠤᠯᠢᠭ ᠪᠠ ᠣᠨᠴᠠᠯᠢᠭᠲᠤ ᠠᠵᠤ ᠦᠢᠯᠡᠰ ᠤᠨ ᠲᠣᠭᠤᠷᠢᠨ ᠳᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠤᠯᠭᠠᠭᠤᠷᠢᠯᠠᠯ ᠢ ᠦᠷᠭᠦᠯᠵᠢᠯᠡᠨ ᠴᠢᠩᠭᠠᠷᠠᠭᠤᠯᠵᠤ᠂ ᠥᠪᠡᠷᠲᠡᠭᠡᠨ ᠵᠠᠰᠠᠬᠤ ᠣᠷᠣᠨ ᠤ ᠮᠠᠯ ᠠᠵᠤ ᠠᠬᠤᠢ ᠲᠠᠷᠢᠶᠠᠯᠠᠩ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠶᠢ ᠦᠷᠭᠦᠯᠵᠢᠯᠡᠨ ᠳᠡᠭᠡᠭᠰᠢᠯᠡᠭᠦᠯᠪᠡ᠃      ᠠᠵᠤ ᠦᠢᠯᠡᠰ ᠤᠨ ᠰᠠᠭᠤᠷᠢ ᠶᠢ ᠪᠠᠬᠢᠵᠢᠭᠦᠯᠵᠦ ᠦᠷ᠎ᠡ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠪᠠ᠃ ᠲᠥᠮᠥᠰᠥ ᠪᠣᠯ ᠮᠠᠨ ᠤ ᠣᠷᠣᠨ ᠤ ᠳᠠᠪᠠᠭᠤᠯᠢᠭ ᠣᠨᠴᠠᠯᠢᠭᠲᠤ ᠠᠵᠤ ᠦᠢᠯᠡᠰ ᠤᠨ ᠨᠢᠭᠡ ᠪᠣᠯᠣᠨ᠎ᠠ᠂ ᠭᠡᠪᠡᠴᠦ ᠦᠷ᠎ᠡ ᠡᠳ᠋ ᠤᠨ ᠡᠬᠢ ᠪᠠᠶᠠᠯᠢᠭ ᠳᠤᠲᠠᠮᠠᠭ᠂ ᠡᠭᠦᠯᠳᠡᠷ ᠤᠨ ᠰᠢᠨ᠎ᠡ ᠡᠭᠦᠳᠦᠯᠲᠡ ᠳᠤᠲᠠᠮᠠᠭ᠂ ᠪᠡᠶ᠎ᠡ ᠪᠠᠨ ᠳᠠᠭᠠᠭᠠᠵᠤ ᠪᠣᠶᠢᠵᠢᠭᠤᠯᠤᠭᠰᠠᠨ ᠭᠠᠩ ᠳᠤ ᠲᠡᠰᠪᠦᠷᠢᠲᠡᠢ ᠪᠥᠭᠡᠳ ᠡᠳ᠋ᠰᠢᠭᠦᠯᠬᠦ ᠲᠤᠰᠬᠠᠢ ᠲᠥᠷᠥᠯ ᠵᠦᠢᠯ ᠪᠠᠷᠤᠭ ᠬᠤᠭᠤᠰᠤᠨ ᠪᠠᠶᠢᠬᠤ ᠵᠡᠷᠭᠡ ᠬᠦᠴᠦᠨ ᠵᠦᠢᠯ ᠨᠢ ᠲᠥᠮᠥᠰᠥ ᠶᠢᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠣᠷᠳᠣ ᠬᠤᠭᠤᠴᠠᠭᠠᠨ ᠤ ᠲᠤᠷᠰᠢ  ᠬᠢᠵᠠᠭᠠᠷᠯᠠᠭᠰᠠᠭᠠᠷ ᠢᠷᠡᠪᠡ᠃ ᠥᠪᠥᠷ ᠮᠣᠩᠭᠤᠯ ᠤᠨ ᠲᠥᠮᠥᠰᠥ ᠶᠢᠨ ᠦᠷ᠎ᠡ ᠶᠢᠨ ᠦᠢᠯᠡᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠬᠤᠯᠪᠣᠭᠠᠲᠤ ᠴᠣᠭᠴᠠ ᠮᠠᠨ ᠤ ᠣᠷᠣᠨ ᠤ ᠲᠥᠮᠥᠰᠥ ᠶᠢᠨ ᠠᠵᠤ ᠦᠢᠯᠡᠰ ᠤᠨ ᠬᠥᠭᠵᠢᠯᠲᠡ ᠶᠢᠨ ᠪᠣᠳᠠᠲᠠᠢ ᠠᠰᠠᠭᠤᠳᠠᠯ ᠳᠤ ᠴᠢᠭᠯᠡᠭᠦᠯᠦᠨ᠂ ᠲᠥᠮᠥᠰᠥ ᠶᠢᠨ ᠰᠢᠯᠢᠳᠡᠭ ᠡᠭᠦᠯᠳᠡᠷ ᠤᠨ ᠰᠢᠨ᠎ᠡ ᠶᠢ ᠡᠭᠦᠳᠬᠦ ᠵᠢᠴᠢ ᠰᠢᠨ᠎ᠡ ᠡᠭᠦᠯᠳᠡᠷ ᠢ ᠰᠣᠩᠭᠤᠨ ᠪᠣᠶᠢᠵᠢᠭᠤᠯᠬᠤ ᠪᠣᠭᠤᠮᠲᠠ ᠰᠢᠪᠲᠤᠯᠬᠤ ᠠᠵᠢᠯ ᠢ ᠥᠷᠨᠢᠭᠦᠯᠵᠦ᠂ ᠣᠳᠣᠬᠠᠨ ᠪᠤᠯᠲᠠᠯ᠎ᠠ᠂ ᠲᠥᠮᠥᠰᠥ ᠶᠢᠨ ᠦᠷ᠎ᠡ ᠡᠳ᠋ ᠤᠨ ᠡᠬᠢ ᠪᠠᠶᠠᠯᠢᠭ ᠢ ᠨᠡᠶᠢᠲᠡ 412 ᠬᠤᠪᠢ ᠣᠷᠣᠭᠤᠯᠤᠨ ᠠᠪᠴᠢᠷᠠᠵᠤ᠂ ᠰᠢᠯᠢᠳᠡᠭ ᠦᠷ᠎ᠡ ᠡᠳ᠋ ᠤᠨ ᠡᠬᠢ ᠪᠠᠶᠠᠯᠢᠭ ᠢ 70 ᠬᠤᠪᠢ ᠰᠣᠩᠭᠤᠨ ᠭᠠᠷᠭᠠᠵᠤ᠂ ᠡᠪᠡᠳᠴᠢᠨ ᠡᠮᠭᠡᠭ ᠢ ᠡᠰᠡᠷᠭᠦᠴᠡᠬᠦ ᠴᠢᠳᠠᠪᠤᠷᠢ ᠲᠠᠢ ᠡᠳ᠋ᠰᠢᠭᠦᠯᠬᠦ ᠳᠤ ᠬᠡᠷᠡᠭᠯᠡᠬᠦ 3 ᠰᠢᠨ᠎ᠡ ᠡᠭᠦᠯᠳᠡᠷ ᠢ ᠪᠣᠶᠢᠵᠢᠭᠤᠯᠵᠤ᠂ ᠭᠠᠩ ᠳᠤ ᠲᠡᠰᠪᠦᠷᠢᠲᠡᠢ ᠴᠢᠨᠠᠷ ᠰᠠᠶᠢᠲᠠᠢ ᠰᠢᠨ᠎ᠡ ᠰᠣᠷᠭᠤᠭ ᠢᠳᠡᠭᠡᠨ ᠤ ᠲᠦᠷᠦᠯ ᠤᠨ 4 ᠡᠭᠦᠯᠳᠡᠷ ᠢ ᠪᠣᠶᠢᠵᠢᠭᠤᠯᠵᠤ᠂ ᠰᠢᠨ᠎ᠡ ᠡᠭᠦᠯᠳᠡᠷ ᠢ 11.7 ᠲᠦᠮᠡᠨ ᠮᠦ ᠭᠠᠵᠠᠷ ᠲᠤ ᠵᠢᠱᠢᠶ᠎ᠡ ᠦᠵᠡᠭᠦᠯᠦᠨ ᠳᠡᠯᠭᠡᠷᠡᠭᠦᠯᠪᠡ᠃      ᠠᠵᠤ ᠦᠢᠯᠡᠰ ᠤᠨ ᠬᠡᠷᠡᠭᠴᠡᠭᠡ ᠳᠤ ᠠᠩᠬᠠᠷᠤᠯ ᠢᠶᠠᠨ ᠲᠥᠪᠯᠡᠷᠡᠭᠦᠯᠵᠦ ᠰᠢᠨᠵᠢᠯᠡᠬᠦ ᠤᠬᠠᠭᠠᠨ ᠤ ᠰᠤᠳᠤᠯᠭᠠᠨ ᠤ ᠪᠣᠭᠤᠮᠲᠠ ᠰᠢᠪᠲᠤᠯᠬᠤ ᠶᠢ ᠵᠣᠬᠢᠶᠠᠨ ᠪᠠᠶᠢᠭᠤᠯᠪᠠ᠃ 2023 ᠣᠨ ᠳᠤ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠵᠡᠭᠦᠨ ᠬᠤᠶᠢᠲᠤ ᠣᠷᠣᠨ ᠢ ᠬᠥᠭᠵᠢᠭᠦᠯᠦᠨ ᠮᠠᠨᠳᠤᠭᠤᠯᠬᠤ᠂ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢ ᠲᠤᠯᠭᠠᠭᠤᠷᠢᠯᠠᠬᠤ ᠵᠡᠷᠭᠡ ᠲᠥᠷᠥᠯ ᠵᠦᠢᠯ ᠢ ᠨᠡᠶᠢᠲᠡᠯᠡᠵᠦ᠂ ᠲᠠᠷᠢᠮᠠᠯ ᠤᠨ ᠦᠢᠯᠡᠰ ᠤᠨ ᠰᠢᠨ᠎ᠡ ᠶᠢ ᠡᠭᠦᠳᠬᠦ᠂ ᠪᠣᠬᠢᠷᠳᠤᠯ ᠦᠭᠡᠢ ᠪᠠᠷ ᠳᠠᠷᠢᠵᠤ ᠲᠡᠵᠢᠭᠡᠬᠦ᠂ ᠣᠶᠤᠨᠴᠢ ᠮᠠᠯ ᠠᠵᠤ ᠠᠬᠤᠢ ᠲᠠᠷᠢᠶᠠᠯᠠᠩ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠡᠳ᠋ᠰᠢᠭᠦᠯᠬᠦ ᠵᠡᠷᠭᠡ ᠬᠦᠷᠢᠶ᠎ᠡ ᠴᠠᠷᠠᠭᠠᠨ ᠤ 81 ᠲᠥᠷᠥᠯ ᠵᠦᠢᠯ ᠢ ᠳᠡᠮᠵᠢᠵᠡᠢ᠃ ᠡᠭᠦᠨ ᠳᠤ᠂ ᠲᠥᠮᠥᠰᠥ᠂ ᠡᠷᠳᠡᠨᠢ ᠰᠢᠰᠢ᠂ ᠢᠳᠡᠰᠢᠨ ᠤ ᠬᠤᠨᠢ᠂ ᠢᠳᠡᠰᠢᠨ ᠤ ᠦᠬᠡᠷ᠂ ᠰᠦ᠂ ᠢᠮᠠᠭᠠᠨ ᠨᠣᠣᠯᠣᠭᠤᠷ ᠪᠠ ᠪᠡᠯᠴᠢᠭᠡᠷ ᠡᠪᠡᠰᠦᠨ ᠤ ᠠᠵᠤ ᠦᠢᠯᠡᠰ ᠤᠨ ᠬᠡᠯᠬᠢᠶ᠎ᠡ ᠶᠢᠨ ᠲᠥᠷᠥᠯ ᠵᠦᠢᠯ ᠢ ᠭᠤᠣᠯᠳᠠᠯᠭ᠎ᠠ ᠲᠠᠢ ᠪᠠᠶᠢᠷᠢᠰᠢᠭᠤᠯᠵᠤ᠂ 36 ᠵᠦᠢᠯ ᠢ ᠲᠥᠷᠥᠯ ᠵᠦᠢᠯ ᠲᠣᠭᠲᠠᠭᠠᠨ ᠳᠡᠮᠵᠢᠭᠰᠡᠨ ᠪᠠᠶᠢᠨ᠎ᠠ᠃      ᠠᠵᠤ ᠦᠢᠯᠡᠰ ᠤᠨ ᠬᠥᠭᠵᠢᠯᠲᠡ ᠳᠤ ᠬᠦᠴᠦᠨ ᠨᠡᠮᠡᠷᠢᠯᠡᠵᠦ ᠶᠠᠮᠤᠨ ᠮᠤᠵᠢ ᠶᠢᠨ ᠬᠤᠯᠪᠤᠭᠠᠯᠠᠨ ᠬᠥᠳᠡᠯᠦᠯᠴᠡᠬᠦ ᠶᠢ ᠴᠢᠩᠭᠠᠳᠬᠠᠪᠠ᠃ 2023 ᠣᠨ ᠳᠤ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ ᠤᠯᠤᠰ ᠤᠨ ᠶᠠᠮᠤᠨ ᠮᠤᠵᠢ ᠶᠢᠨ ᠬᠤᠯᠪᠤᠭᠠᠯᠠᠨ ᠬᠥᠳᠡᠯᠦᠯᠴᠡᠬᠦ ᠲᠥᠷᠥᠯ ᠵᠦᠢᠯ ᠤᠨ ᠳᠡᠮᠵᠢᠯᠭᠡ ᠶᠢ ᠣᠯᠬᠤ ᠪᠠᠷ ᠢᠳᠡᠪᠬᠢᠲᠡᠢ ᠴᠢᠷᠮᠠᠶᠢᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠶᠠᠮᠤᠨ ᠠᠴᠠ ︽ᠵᠡᠭᠦᠨ ᠬᠤᠶᠢᠲᠤ ᠣᠷᠣᠨ ᠤ ᠪᠠᠷᠠᠭᠤᠨ ᠬᠡᠰᠡᠭ ᠤᠨ ᠬᠠᠪᠤᠷ ᠤᠨ ᠡᠷᠳᠡᠨᠢ ᠰᠢᠰᠢ᠂ ᠰᠢᠷ᠎ᠠ ᠪᠤᠷᠴᠠᠭ ᠤᠨ ᠠᠵᠤ ᠦᠢᠯᠡᠰ ᠢ ᠮᠠᠰᠢᠨᠴᠢᠯᠠᠵᠤ ᠪᠣᠬᠢᠷᠳᠤᠯ ᠦᠭᠡᠢ ᠡᠯᠪᠡᠭ ᠬᠤᠷᠢᠶᠠᠯᠲᠠ ᠶᠢᠨ ᠦᠷ᠎ᠡ ᠠᠰᠢᠭ ᠢ ᠨᠡᠮᠡᠭᠳᠡᠭᠦᠯᠬᠦ ᠮᠡᠷᠭᠡᠵᠢᠯ ᠢ ᠰᠤᠳᠤᠯᠤᠨ ᠨᠡᠭᠡᠭᠡᠬᠦ ᠵᠢᠴᠢ ᠵᠢᠱᠢᠶ᠎ᠡ ᠦᠵᠡᠭᠦᠯᠭᠦ︾ ᠵᠡᠷᠭᠡ 3 ᠵᠦᠢᠯ ᠤᠨ ᠶᠠᠮᠤᠨ ᠮᠤᠵᠢ ᠶᠢᠨ ᠬᠤᠯᠪᠤᠭᠠᠯᠠᠨ ᠬᠥᠳᠡᠯᠦᠯᠴᠡᠬᠦ ᠲᠥᠷᠥᠯ ᠵᠦᠢᠯ ᠢ ᠳᠡᠪᠰᠢᠭᠦᠯᠪᠡ᠃ ᠲᠥᠷᠥᠯ ᠵᠦᠢᠯ ᠨᠢ ᠤᠯᠤᠰ ᠤᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠪᠠ ᠮᠠᠨ ᠤ ᠣᠷᠣᠨ ᠤ ᠠᠵᠤ ᠦᠢᠯᠡᠰ ᠤᠨ ᠬᠥᠭᠵᠢᠯᠲᠡ ᠶᠢᠨ ᠴᠢᠬᠤᠯᠠ ᠶᠡᠭᠡ ᠬᠡᠷᠡᠭᠴᠡᠭᠡ ᠱᠠᠭᠠᠷᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠤᠯᠤᠰ ᠤᠨ ᠪᠠᠶᠢᠯᠳᠤᠬᠤ ᠪᠣᠳᠣᠯᠭ᠎ᠠ ᠶᠢᠨ ᠰᠢᠰᠲ᠋ᠧᠮ ᠯᠦᠭᠡ ᠵᠣᠯᠭᠠᠭᠤᠯᠬᠤ ᠪᠠᠷ ᠳᠠᠮᠵᠢᠭᠤᠯᠤᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠡᠬᠢ ᠪᠠᠶᠠᠯᠢᠭ ᠢ ᠨᠢᠭᠡᠳᠦᠯᠲᠡᠢ ᠲᠥᠯᠥᠪᠯᠡᠵᠦ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠴᠦᠨ ᠢ ᠴᠡᠭᠴᠡᠯᠡᠨ ᠨᠡᠶᠢᠳᠬᠡᠵᠦ᠂ ᠮᠠᠨ ᠤ ᠣᠷᠣᠨ ᠤ ᠰᠦ ᠶᠢᠨ ᠦᠢᠯᠡᠰ᠂ ᠡᠷᠳᠡᠨᠢ ᠰᠢᠰᠢ᠂ ᠰᠢᠷ᠎ᠠ ᠪᠤᠷᠴᠠᠭ᠂ ᠡᠯᠳᠡᠪ ᠠᠮᠤ ᠵᠡᠷᠭᠡ ᠳᠠᠪᠠᠭᠤᠯᠢᠭ ᠠᠵᠤ ᠦᠢᠯᠡᠰ ᠤᠨ ᠬᠥᠭᠵᠢᠯᠲᠡ ᠪᠠ ᠭᠤᠣᠯ ᠠᠮᠤ ᠪᠤᠳᠠᠭᠠᠨ ᠤ ᠦᠢᠯᠡᠳᠪᠦᠷᠢᠯᠡᠯ ᠤᠨ ᠴᠢᠳᠠᠪᠤᠷᠢ ᠶᠢ ᠳᠡᠭᠡᠭᠰᠢᠯᠡᠭᠦᠯᠭᠦ ᠳᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠤᠯᠭᠠᠭᠤᠷᠢᠯᠠᠯ ᠬᠠᠩᠭᠠᠵᠤ ᠪᠠᠶᠢᠨ᠎ᠠ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号