ᠲᠦᠩ ᠳ᠋ᠣᠣ ᠵᠡᠭᠡᠯᠢ ᠶᠢᠨ ᠬᠠᠤᠯᠢ ᠴᠠᠭᠠᠵᠠ ᠶᠢᠨ ᠭᠠᠵᠠᠷ ᠤᠨ ᠬᠢᠨ ᠨᠡᠶᠢᠭᠡᠮ ᠲᠣᠭᠤᠷᠢᠭ ᠲᠤ ᠰᠢᠨ᠎ᠡ ᠪᠠᠷ ᠣᠷᠣᠵᠤ ᠵᠠᠯᠠᠷᠠᠭᠤᠯᠬᠤ ᠡᠲᠡᠭᠡᠳ ᠢ ᠰᠤᠷᠪᠤᠯᠵᠢᠯᠠᠪᠠ
ᠨᠡᠶᠢᠲᠡᠯᠡᠭᠰᠡᠨ ᠴᠠᠭ᠄
2024/1/18
      ᠨᠡᠶᠢᠭᠡᠮ ᠲᠣᠭᠤᠷᠢᠭ ᠤᠨ ᠵᠠᠯᠠᠷᠠᠭᠤᠯᠬᠤ ᠡᠲᠡᠭᠡᠳ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠨᠡᠶᠢᠭᠡᠮ ᠲᠣᠭᠤᠷᠢᠭ ᠤᠨ ᠵᠠᠯᠠᠷᠠᠭᠤᠯᠬᠤ ᠡᠲᠡᠭᠡᠳ ᠤᠨ ᠠᠮᠢᠳᠤᠷᠠᠯ᠂ ᠠᠵᠢᠯ᠂ ᠦᠵᠡᠯ ᠰᠠᠨᠠᠭᠠᠨ ᠤ ᠪᠠᠶᠢᠳᠠᠯ ᠢ ᠡᠵᠡᠮᠰᠢᠬᠦ ᠶᠢᠨ ᠲᠥᠯᠥᠭᠡ᠂ ᠣᠶᠢᠷ᠎ᠠ ᠳᠤ᠂ ᠲᠦᠩ ᠳ᠋ᠣᠣ ᠵᠡᠭᠡᠯᠢ ᠶᠢᠨ ᠬᠠᠤᠯᠢ ᠴᠠᠭᠠᠵᠠ ᠶᠢᠨ ᠭᠠᠵᠠᠷ ᠤᠨ ᠠᠵᠢᠯᠲᠠᠳ ᠬᠠᠷᠢᠶ᠎ᠠ ᠲᠣᠭᠤᠷᠢᠭ ᠤᠨ ᠰᠢᠨ᠎ᠡ ᠪᠠᠷ ᠵᠠᠰᠠᠨ ᠵᠠᠯᠠᠷᠠᠭᠤᠯᠬᠤ ᠠᠵᠢᠯ ᠳᠤ ᠣᠷᠣᠭᠰᠠᠨ ᠨᠡᠶᠢᠭᠡᠮ ᠲᠣᠭᠤᠷᠢᠭ ᠤᠨ ᠵᠠᠯᠠᠷᠠᠭᠤᠯᠬᠤ ᠡᠲᠡᠭᠡᠳ ᠢ ᠴᠢᠩᠭ᠎ᠠ ᠬᠠᠮᠢᠶᠠᠷᠴᠤ ᠪᠠᠶᠢᠭ᠎ᠠ ᠪᠠᠶᠢᠳᠠᠯ ᠢ ᠲᠤᠬᠠᠢ ᠶᠢᠨ ᠭᠠᠵᠠᠷ ᠲᠤᠨᠢ ᠰᠤᠷᠪᠤᠯᠵᠢᠯᠠᠪᠠ᠃      ᠰᠤᠷᠪᠤᠯᠵᠢᠯᠠᠬᠤ ᠶᠠᠪᠤᠴᠠ ᠳᠤ᠂ ᠬᠠᠤᠯᠢ ᠴᠠᠭᠠᠵᠠ ᠶᠢᠨ ᠭᠠᠵᠠᠷ ᠤᠨ ᠠᠵᠢᠯᠲᠠᠳ ᠨᠡᠶᠢᠭᠡᠮ ᠲᠣᠭᠤᠷᠢᠭ ᠤᠨ ᠵᠠᠯᠠᠷᠠᠭᠤᠯᠬᠤ ᠡᠲᠡᠭᠡᠳ ᠲᠠᠢ ᠨᠠᠷᠢᠨ ᠭᠦᠨᠵᠡᠭᠡᠢ ᠶᠠᠷᠢᠯᠴᠠᠵᠤ᠂ ᠲᠡᠭᠦᠨ ᠤ ᠣᠶᠢᠷ᠎ᠠ ᠶᠢᠨ ᠬᠤᠭᠤᠴᠠᠭᠠᠨ ᠤ ᠦᠵᠡᠯ ᠰᠠᠨᠠᠭᠠᠨ ᠤ ᠪᠠᠶᠢᠳᠠᠯ᠂ ᠠᠮᠢᠳᠤᠷᠠᠯ ᠤᠨ ᠪᠠᠶᠢᠳᠠᠯ ᠵᠢᠴᠢ ᠡᠩ ᠤᠨ ᠦᠶ᠎ᠡ ᠳᠤ ᠠᠭᠤᠯᠵᠠᠵᠤ ᠪᠠᠶᠢᠭᠰᠠᠨ ᠬᠥᠮᠥᠰ᠂ ᠠᠵᠢᠯ ᠤᠨ ᠣᠷᠣᠯᠭ᠎ᠠ ᠵᠡᠷᠭᠡ ᠪᠠᠶᠢᠳᠠᠯ ᠢ ᠣᠶᠢᠯᠠᠭᠠᠵᠤ᠂ ᠲᠡᠭᠦᠨ ᠤ ᠣᠪᠣᠷ ᠢᠶᠠᠨ ᠲᠥᠪ ᠪᠣᠯᠭᠠᠵᠤ᠂︽ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠡᠶᠢᠭᠡᠮ ᠲᠣᠭᠤᠷᠢᠭ ᠤᠨ ᠵᠠᠯᠠᠷᠠᠭᠤᠯᠬᠤ ᠬᠠᠤᠯᠢ︾ ᠶᠢ ᠴᠢᠩᠭ᠎ᠠ ᠳᠠᠭᠠᠬᠤ ᠶᠢ ᠬᠦᠰᠡᠪᠡ᠃ ᠡᠭᠦᠨ ᠤ ᠬᠠᠮᠲᠤ ᠲᠡᠭᠦᠨ ᠳᠤ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠶᠢᠨ ᠳᠤᠮᠳᠠ ᠠᠩᠬᠠᠷᠬᠤ ᠴᠢᠬᠤᠯᠠᠲᠠᠢ ᠠᠰᠠᠭᠤᠳᠠᠯ ᠢ ᠡᠳᠦᠷ ᠪᠦᠷᠢ ᠴᠠᠭ ᠲᠤᠬᠠᠢ ᠳᠤᠨᠢ ᠭᠠᠷ ᠤᠨ ᠥᠰᠥᠭ ᠵᠢᠷᠤᠵᠤ᠂ ᠶᠠᠮᠠᠷᠪᠠ ᠣᠨᠴᠠᠭᠠᠶ ᠪᠠᠶᠢᠳᠠᠯ ᠲᠠᠢ ᠪᠣᠯ ᠲᠡᠷᠡ ᠳᠠᠷᠤᠢ ᠳᠤᠨᠢ ᠬᠠᠤᠯᠢ ᠴᠠᠭᠠᠵᠠ ᠶᠢᠨ ᠭᠠᠵᠠᠷ ᠲᠤ ᠬᠠᠷᠢᠭᠤ ᠮᠡᠳᠡᠭᠦᠯᠬᠦ ᠬᠡᠷᠡᠭᠲᠡᠢ ᠭᠡᠵᠦ ᠰᠠᠨᠠᠭᠤᠯᠤᠭᠰᠠᠨ ᠪᠠᠶᠢᠨ᠎ᠠ᠃      ᠡᠭᠦᠨ ᠤ ᠬᠠᠮᠲᠤ ᠨᠡᠶᠢᠭᠡᠮ ᠲᠣᠭᠤᠷᠢᠭ ᠤᠨ ᠵᠠᠯᠠᠷᠠᠭᠤᠯᠬᠤ ᠡᠲᠡᠭᠡᠳ ᠤᠨ ᠬᠢᠨᠠᠨ ᠬᠠᠮᠠᠭᠠᠯᠠᠭᠴᠢ ᠲᠠᠢ ᠨᠢᠭᠤᠷᠲᠠᠨ ᠶᠠᠷᠢᠯᠴᠠᠵᠤ᠂ ᠲᠡᠳᠡᠨ ᠤ ᠭᠡᠷ ᠪᠦᠯᠢ ᠶᠢᠨ ᠬᠥᠮᠦᠵᠢᠯ ᠤᠨ ᠦᠢᠯᠡᠳᠦᠯ ᠢ ᠢᠳᠡᠪᠬᠢᠲᠡᠢ ᠪᠠᠳᠠᠷᠠᠭᠤᠯᠬᠤ ᠶᠢ ᠵᠣᠷᠢᠭᠵᠢᠭᠤᠯᠵᠤ᠂ ᠬᠠᠤᠯᠢ ᠴᠠᠭᠠᠵᠠ ᠶᠢᠨ ᠭᠠᠵᠠᠷ ᠢ ᠬᠠᠮᠵᠢᠨ ᠨᠡᠶᠢᠭᠡᠮ ᠲᠣᠭᠤᠷᠢᠭ ᠤᠨ ᠵᠠᠯᠠᠷᠠᠭᠤᠯᠬᠤ ᠡᠲᠡᠭᠡᠳ ᠲᠤ ᠬᠢᠨᠠᠯᠲᠠ ᠲᠠᠯᠪᠢᠵᠤ ᠰᠤᠷᠭᠠᠨ ᠬᠥᠮᠥᠵᠢᠭᠦᠯᠬᠦ ᠠᠵᠢᠯ ᠢ ᠰᠠᠶᠢᠲᠤᠷ ᠬᠢᠵᠦ᠂ ᠨᠡᠶᠢᠭᠡᠮ ᠲᠣᠭᠤᠷᠢᠭ ᠤᠨ ᠵᠠᠯᠠᠷᠠᠭᠤᠯᠬᠤ ᠡᠲᠡᠭᠡᠳ ᠤᠨ ᠬᠢᠨᠠᠯᠲᠠ ᠬᠠᠮᠢᠶᠠᠷᠤᠯᠲᠠ ᠶᠢ ᠳᠠᠭᠠᠬᠤ ᠶᠢ ᠰᠢᠪᠠᠳᠠᠵᠤ᠂ ᠤᠬᠠᠮᠰᠠᠷ ᠠᠴᠠ ᠪᠠᠨ ᠥᠪᠡᠷ ᠢ ᠪᠠᠨ ᠵᠠᠯᠠᠷᠠᠭᠤᠯᠬᠤ ᠶᠢᠨ ᠬᠠᠮᠲᠤ ᠨᠡᠶᠢᠭᠡᠮ ᠲᠣᠭᠤᠷᠢᠭ ᠵᠠᠯᠠᠷᠠᠭᠤᠯᠬᠤ ᠡᠲᠡᠭᠡᠳ ᠤᠨ ᠢᠳᠡᠪᠬᠢᠲᠡᠢ ᠣᠪᠣᠷ ᠢᠶᠠᠷ ᠬᠦᠴᠢᠷᠳᠡᠯ ᠳᠤ ᠬᠠᠨᠳᠤᠵᠤ᠂ ᠢᠲᠡᠭᠡᠯ ᠵᠣᠷᠢᠭ ᠢᠶᠠᠨ ᠨᠡᠮᠡᠭᠳᠡᠭᠦᠯᠦᠨ᠂ ᠥᠪᠡᠷ ᠢ ᠪᠠᠨ ᠴᠢᠷᠮᠠᠶᠢᠨ ᠥᠭᠡᠷᠡᠴᠢᠯᠡᠵᠦ᠂ ᠨᠡᠶᠢᠭᠡᠮ ᠳᠤ ᠬᠡᠷᠡᠭᠴᠡᠭᠡ ᠲᠠᠢ ᠬᠥᠮᠥᠨ ᠪᠣᠯᠬᠤ ᠶᠢ ᠵᠣᠷᠢᠭᠵᠢᠭᠤᠯᠤᠨ᠎ᠠ᠃      ᠡᠨᠡ ᠤᠳᠠᠭ᠎ᠠ ᠶᠢᠨ ᠡᠷᠦᠬᠡ ᠳᠤ ᠬᠦᠷᠴᠦ ᠰᠤᠷᠪᠤᠯᠵᠢᠯᠠᠬᠤ ᠪᠠᠷ ᠳᠡᠮᠵᠢᠨ᠂ ᠨᠡᠶᠢᠭᠡᠮ ᠲᠣᠭᠤᠷᠢᠭ ᠤᠨ ᠵᠠᠯᠠᠷᠠᠭᠤᠯᠬᠤ ᠡᠲᠡᠭᠡᠳ ᠤᠨ ᠦᠵᠡᠯ ᠰᠠᠨᠠᠭ᠎ᠠ᠂ ᠠᠮᠢᠳᠤᠷᠠᠯ ᠤᠨ ᠪᠠᠶᠢᠳᠠᠯ ᠢ ᠤᠯᠠᠮ ᠨᠢᠭᠡ ᠠᠯᠬᠤᠮ ᠡᠵᠡᠮᠰᠢᠵᠦ᠂ ᠨᠡᠶᠢᠭᠡᠮ ᠲᠣᠭᠤᠷᠢᠭ ᠤᠨ ᠵᠠᠯᠠᠷᠠᠭᠤᠯᠬᠤ ᠡᠲᠡᠭᠡᠳ ᠪᠣᠯᠣᠨ ᠠᠵᠢᠯᠲᠠᠳ ᠤᠨ ᠬᠠᠷᠢᠴᠠᠭ᠎ᠠ ᠶᠢ ᠣᠶᠢᠷᠠᠲᠤᠭᠤᠯᠵᠤ᠂ ᠵᠠᠯᠠᠷᠠᠭᠤᠯᠬᠤ ᠡᠲᠡᠭᠡᠳ ᠤᠨ ᠳᠤᠷ᠎ᠠ ᠦᠭᠡᠶᠢᠴᠡᠯ ᠢ ᠠᠷᠢᠯᠭᠠᠵᠤ᠂ ᠲᠡᠳᠡᠨ ᠢ ᠠᠵᠢᠯᠲᠠᠳ ᠲᠤ ᠥᠪᠡᠷ ᠤᠨ ᠦᠨᠡᠨ ᠰᠠᠨᠠᠭ᠎ᠠ ᠪᠠᠨ ᠬᠡᠯᠡᠬᠦ ᠳᠤᠷᠠᠲᠠᠢ ᠪᠣᠯᠭᠠᠵᠤ᠂ ᠨᠡᠶᠢᠭᠡᠮ ᠲᠣᠭᠤᠷᠢᠭ ᠤᠨ ᠵᠠᠯᠠᠷᠠᠭᠤᠯᠬᠤ ᠠᠵᠢᠯ ᠢ ᠪᠦᠬᠦ ᠲᠠᠯ᠎ᠠ ᠪᠠᠷ ᠰᠠᠶᠢᠲᠤᠷ ᠬᠢᠵᠦ᠂ ᠨᠡᠶᠢᠭᠡᠮ ᠲᠣᠭᠤᠷᠢᠭ ᠤᠨ ᠵᠠᠯᠠᠷᠠᠭᠤᠯᠬᠤ ᠡᠲᠡᠭᠡᠳ ᠢ ᠬᠥᠲᠥᠯᠥᠨ ᠵᠢᠯᠤᠭᠤᠳᠴᠤ ᠪᠠᠶᠢᠭᠠᠳ ᠢᠳᠡᠪᠬᠢᠲᠡᠢ ᠡᠷᠡᠭᠦᠯ ᠰᠡᠳᠬᠢᠴᠡ ᠪᠠᠷ ᠨᠡᠶᠢᠭᠡᠮ ᠳᠤ ᠡᠭᠡᠭᠦᠯᠬᠦ ᠳᠤ ᠰᠠᠶᠢᠨ ᠰᠠᠭᠤᠷᠢ ᠲᠠᠯᠪᠢᠵᠤ ᠥᠭᠴᠡᠢ᠃      ᠢᠷᠡᠯᠲᠡ᠄ ᠬᠤᠳᠤᠩ ᠠᠷᠠᠳ ᠤᠨ ᠲᠤᠭᠤᠷᠢᠭ ᠤᠨ ᠵᠠᠰᠠᠭ ᠤᠨ ᠣᠷᠳᠣᠨ ᠤ ᠠᠯᠪᠠᠨ ᠰᠦᠯᠵᠢᠶ᠎ᠡ
 
ᠢᠷᠡᠯᠲᠡ᠄ ᠬᠤᠲᠤᠩ ᠠᠷᠠᠳ ᠤᠨ ᠲᠣᠭᠤᠷᠢᠭ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号