︽ᠬᠤᠲᠠ ᠶᠢᠨ ᠡᠳ᠋ᠯᠡᠯ︾ ᠢ ᠨᠠᠷᠢᠯᠢᠭ ᠵᠦᠯᠭᠦᠵᠦ ᠬᠤᠲᠠ ᠶᠢᠨ ᠥᠩᠭᠡ ᠵᠢᠰᠦ ᠶᠢ ᠴᠢᠮᠡᠭᠯᠡᠨ᠎ᠡ
ᠨᠡᠶᠢᠲᠡᠯᠡᠭᠰᠡᠨ ᠴᠠᠭ᠄
2024/1/18
     ᠣᠷᠴᠢᠨ ᠲᠣᠭᠤᠷᠢᠨ ᠤ ᠠᠷᠢᠭᠤᠨ ᠴᠡᠪᠡᠷ ᠤᠨ ᠦᠢᠯᠡᠴᠢᠯᠡᠭᠡᠨ ᠤ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢᠨ ᠲᠥᠯᠥᠭᠡ᠂ ᠨᠠᠷᠢᠨ ᠵᠦᠢᠯᠡᠰ ᠲᠤ ᠬᠤᠲᠠ ᠶᠢᠨ ᠪᠣᠯᠪᠠᠰᠤᠨ ᠢ ᠬᠠᠷᠠᠭᠤᠯᠤᠨ᠎ᠠ᠃ ᠣᠶᠢᠷ᠎ᠠ ᠳᠤ᠂ ᠬᠤᠳᠤᠩ ᠠᠷᠠᠳ ᠤᠨ ᠲᠣᠭᠤᠷᠢᠭ ᠤᠨ ᠣᠷᠴᠢᠨ ᠠᠬᠤᠢ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠪᠠᠶᠢᠩᠭᠤ ᠶᠢᠨ ᠴᠢᠨᠠᠷᠲᠠᠢ ᠠᠷᠢᠭᠤᠨ ᠴᠡᠪᠡᠷ ᠤᠨ ᠠᠵᠢᠯ ᠢ ᠰᠠᠶᠢᠲᠤᠷ ᠬᠢᠭᠰᠡᠨ ᠰᠠᠭᠤᠷᠢᠨ ᠳᠡᠭᠡᠷ᠎ᠡ᠂︽ᠬᠤᠲᠠ ᠶᠢᠨ ᠡᠳ᠋ᠯᠡᠯ ᠢ ᠶᠡᠭᠡ ᠪᠠᠷ ᠴᠡᠪᠡᠷᠯᠡᠬᠦ︾ ᠲᠤᠰᠬᠠᠢ ᠠᠵᠢᠯᠯᠠᠭ᠎ᠠ ᠶᠢ ᠲᠥᠪᠯᠡᠷᠡᠭᠦᠯᠦᠨ ᠥᠷᠨᠢᠭᠦᠯᠪᠡ᠃ ᠬᠠᠷᠢᠶᠠᠲᠤ ᠣᠷᠣᠨ ᠤ ᠭᠤᠣᠯ ᠪᠣᠯᠬᠤ ᠵᠠᠮ ᠳᠠᠭᠠᠤ ᠶᠢᠨ ᠵᠢᠮᠢᠰ ᠤᠨ ᠠᠷᠠᠰᠤᠨ ᠬᠠᠶᠢᠷᠴᠠᠭ᠂ ᠨᠡᠶᠢᠲᠡ ᠶᠢᠨ ᠮᠠᠰᠢᠨ ᠲᠡᠷᠭᠡᠨ ᠤ ᠥᠷᠲᠡᠭᠡᠨ ᠤ ᠫᠠᠶᠢᠰᠠ᠂ ᠤᠬᠠᠭᠤᠯᠭ᠎ᠠ ᠶᠢᠨ ᠪᠤᠯᠤᠩ᠂ ᠰᠠᠭᠤᠳᠠᠯ ᠵᠡᠷᠭᠡ ᠶᠢ ᠲᠥᠪᠯᠡᠷᠡᠭᠦᠯᠦᠨ ᠠᠷᠴᠢᠵᠤ ᠴᠡᠪᠡᠷᠯᠡᠬᠦ ᠶᠢ ᠭᠤᠣᠯᠳᠠᠯᠭ᠎ᠠ ᠲᠠᠢ ᠬᠢᠵᠦ᠂︽ᠬᠤᠲᠠ ᠶᠢᠨ ᠡᠳ᠋ᠯᠡᠯ︾ ᠢ ᠤᠬᠢᠶᠠᠨ ᠴᠡᠪᠡᠷᠯᠡᠬᠦ ᠳᠡᠭᠡᠷ᠎ᠡ ︽ᠬᠤᠸᠠᠷ ᠬᠠᠳᠬᠤᠬᠤ︾ ᠡᠷᠳᠡᠮ ᠴᠢᠳᠠᠪᠤᠷᠢ ᠶᠢ ᠭᠦᠢᠴᠡᠳ ᠪᠠᠳᠠᠷᠠᠭᠤᠯᠵᠤ᠂︽ᠡᠳᠦᠷ ᠪᠦᠷᠢ ᠲᠤᠩᠭᠠᠯᠠᠭ ᠡᠳᠦᠷ ᠪᠦᠷᠢ ᠰᠢᠨ᠎ᠡ᠂ ᠴᠡᠪᠡᠷ ᠪᠥᠭᠡᠳ ᠡᠮᠬᠢ ᠵᠢᠷᠤᠮ ᠲᠠᠢ︾ ᠬᠤᠲᠠ ᠶᠢᠨ ᠣᠷᠴᠢᠨ ᠲᠣᠭᠤᠷᠢᠨ ᠢ ᠪᠥᠬᠦ ᠬᠦᠴᠦᠨ ᠢᠶᠠᠷ ᠢᠶᠠᠨ ᠪᠣᠶ ᠪᠣᠯᠭᠠᠨ᠎ᠠ᠃      ᠡᠭᠦᠨ ᠤ ᠬᠠᠮᠲᠤ ᠠᠷᠢᠭᠤᠨ ᠴᠡᠪᠡᠷ ᠤᠨ ᠠᠵᠢᠯ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ ᠶᠢ ᠪᠠᠲᠤᠯᠠᠬᠤ ᠶᠢᠨ ᠲᠥᠯᠥᠭᠡ᠂ ᠮᠠᠨ ᠤ ᠦᠢᠯᠡᠴᠢᠯᠡᠭᠡᠨ ᠤ ᠲᠥᠪ ᠲᠣᠭᠤᠷᠢᠨ ᠪᠠᠶᠢᠴᠠᠭᠠᠬᠤ ᠪᠠᠨ ᠴᠢᠩᠭᠠᠳᠬᠠᠵᠤ᠂ ᠵᠢᠮᠢᠰ ᠤᠨ ᠬᠠᠶᠢᠷᠴᠠᠭ᠂ ᠬᠤᠭ ᠤᠨ ᠰᠠᠪᠠ ᠶᠢᠨ ᠬᠤᠭ ᠨᠣᠪᠰᠢ ᠶᠢ ᠴᠠᠭ ᠲᠤᠬᠠᠢ ᠳᠤᠨᠢ ᠴᠡᠪᠡᠷᠯᠡᠨ ᠠᠭᠤᠳᠠᠯᠵᠤ᠂ ᠵᠢᠮᠢᠰ ᠤᠨ ᠬᠠᠶᠢᠷᠴᠠᠭ ᠤᠨ ᠠᠷᠢᠭᠤᠨ ᠴᠡᠪᠡᠷ᠂ ᠠᠷᠢᠭᠤᠨ ᠴᠡᠪᠡᠷ᠂ ᠰᠣᠨᠢᠨ ᠦᠨᠦᠷ ᠦᠭᠡᠢ ᠪᠠᠶᠢᠬᠤ ᠶᠢ ᠪᠠᠲᠤᠯᠠᠵᠠᠢ᠃      ᠲᠠᠷᠠᠭᠠᠴᠢ ᠶᠢᠨ ᠠᠯᠬᠤᠮ ᠳᠤ᠂ ᠬᠤᠲᠣᠩ ᠠᠷᠠᠳ ᠤᠨ ᠲᠣᠭᠤᠷᠢᠭ ᠤᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠦᠷᠭᠦᠯᠵᠢᠯᠡᠨ ︽ᠬᠤᠲᠠ ᠶᠢᠨ ᠡᠳ᠋ᠯᠡᠯ︾ ᠢ ᠨᠠᠷᠢᠯᠢᠭᠵᠢᠭᠤᠯᠤᠨ ᠬᠠᠮᠢᠶᠠᠷᠬᠤ ᠲᠠᠯ᠎ᠠ ᠠᠴᠠ ᠭᠠᠷᠳᠠᠵᠤ᠂ ᠵᠢᠷᠤᠮᠵᠢᠭᠤᠯᠬᠤ᠂ ᠪᠠᠷᠢᠮᠵᠢᠶᠠᠵᠢᠭᠤᠯᠬᠤ᠂ ᠨᠠᠷᠢᠯᠢᠭᠵᠢᠭᠤᠯᠬᠤ ᠵᠠᠷᠴᠢᠮ ᠶᠣᠰᠣᠭᠠᠷ᠂ ᠬᠠᠷᠢᠶᠠᠲᠤ ᠣᠷᠣᠨ ᠤ ᠪᠠᠨ ᠵᠢᠮᠢᠰ ᠤᠨ ᠬᠠᠶᠢᠷᠴᠠᠭ᠂ ᠨᠡᠶᠢᠲᠡ ᠶᠢᠨ ᠮᠠᠰᠢᠨ ᠲᠡᠷᠭᠡᠨ ᠤ ᠥᠷᠲᠡᠭᠡᠨ ᠤ ᠫᠠᠶᠢᠰᠠ ᠵᠡᠷᠭᠡ ︽ᠬᠤᠲᠠ  ᠶᠢᠨ ᠡᠳ᠋ᠯᠡᠯ︾ ᠢ ᠲᠥᠯᠥᠪᠯᠡᠭᠡ ᠲᠠᠢ ᠪᠠᠷ ᠭᠦᠨᠵᠡᠭᠡᠢ ᠠᠷᠴᠢᠨ ᠴᠡᠪᠡᠷᠯᠡᠵᠦ᠂ ᠥᠷᠭᠡᠨ ᠣᠯᠠᠨ ᠬᠤᠲᠠ ᠶᠢᠨ ᠠᠷᠠᠳ ᠲᠤ ᠨᠠᠩ ᠠᠷᠢᠭᠤᠨ ᠴᠡᠪᠡᠷ ᠣᠷᠣᠰᠢᠨ ᠰᠠᠭᠤᠬᠤ ᠳᠤ ᠲᠣᠬᠢᠷᠠᠮᠵᠢᠲᠠᠢ ᠣᠷᠴᠢᠨ ᠲᠣᠭᠤᠷᠢᠨ ᠢ ᠪᠣᠶ ᠪᠣᠯᠭᠠᠵᠤ᠂ ᠬᠤᠲᠠ ᠶᠢᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ᠎ᠡ᠃
      ᠢᠷᠡᠯᠲᠡ᠄ ᠬᠤᠳᠤᠩ ᠠᠷᠠᠳ ᠤᠨ ᠲᠤᠭᠤᠷᠢᠭ ᠤᠨ ᠵᠠᠰᠠᠭ ᠤᠨ ᠣᠷᠳᠣᠨ ᠤ ᠠᠯᠪᠠᠨ ᠰᠦᠯᠵᠢᠶ᠎ᠡ
 
ᠢᠷᠡᠯᠲᠡ᠄ ᠬᠤᠲᠤᠩ ᠠᠷᠠᠳ ᠤᠨ ᠲᠣᠭᠤᠷᠢᠭ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号