ᠪᠣᠯᠣᠳ ᠲᠡᠮᠦᠷ ᠵᠠᠮ ᠤᠨ ᠬᠠᠤᠯᠢ ᠴᠠᠭᠠᠵᠠ ᠶᠢᠨ ᠭᠠᠵᠠᠷ ᠣᠨᠳᠣᠣ ᠭᠠᠵᠠᠷ ᠤᠨ ᠰᠢᠭᠦᠬᠦ ᠬᠤᠷᠢᠶᠠᠨ ᠤ ᠨᠠᠶᠢᠳᠠᠯᠭ᠎ᠠ ᠶᠢᠨ ᠠᠵᠢᠯ ᠳᠤ ᠣᠯᠠᠨ ᠲᠠᠯ᠎ᠠ ᠪᠠᠷ ᠢᠶᠠᠨ ᠬᠤᠯᠪᠤᠭᠠᠯᠠᠨ ᠬᠥᠳᠡᠯᠦᠯᠴᠡᠵᠦ ᠨᠡᠶᠢᠭᠡᠮ ᠤᠨ ᠪᠠᠶᠢᠴᠠᠭᠠᠯᠲᠠ ᠦᠨᠡᠯᠡᠯᠲᠡ ᠬᠢᠪᠡ
ᠨᠡᠶᠢᠲᠡᠯᠡᠭᠰᠡᠨ ᠴᠠᠭ᠄
2024/1/18
      ᠣᠶᠢᠷ᠎ᠠ ᠳᠤ᠂ ᠪᠣᠯᠣᠳ ᠲᠡᠮᠦᠷ ᠵᠠᠮ ᠤᠨ ᠬᠠᠤᠯᠢ ᠴᠠᠭᠠᠵᠠ ᠶᠢᠨ ᠭᠠᠵᠠᠷ ᠾᠧᠪᠧᠢ ᠮᠤᠵᠢ ᠶᠢᠨ ᠶᠠᠩᠶᠤᠸᠠᠨ ᠰᠢᠶᠠᠨ ᠤ ᠠᠷᠠᠳ ᠤᠨ ᠰᠢᠭᠦᠬᠦ ᠬᠤᠷᠢᠶᠠᠨ ᠤ ᠨᠠᠶᠢᠳᠠᠯᠭ᠎ᠠ ᠪᠠᠷ᠂ ᠨᠡᠶᠢᠭᠡᠮ ᠲᠣᠭᠤᠷᠢᠭ ᠤᠨ ᠵᠠᠯᠠᠷᠠᠭᠤᠯᠬᠤ ᠪᠠᠷ ᠪᠠᠶᠢᠭ᠎ᠠ ᠪᠠᠶᠢᠴᠠᠭᠠᠭᠳᠠᠭᠴᠢ ᠶᠢᠨ ᠭᠡᠷ ᠲᠦᠷᠢᠶᠡᠰᠦᠯᠡᠭᠰᠡᠨ ᠭᠠᠵᠠᠷ ᠤᠨ ᠬᠠᠷᠢᠶᠠᠲᠤ ᠣᠷᠣᠨ ᠤ ᠲᠣᠮᠢᠯᠠᠭᠰᠠᠨ ᠰᠠᠯᠪᠤᠷᠢ᠂ ᠨᠡᠶᠢᠭᠡᠮ ᠲᠣᠭᠤᠷᠢᠭ᠂ ᠪᠠᠶᠢᠴᠠᠭᠠᠭᠳᠠᠭᠴᠢ ᠶᠢᠨ ᠲᠥᠷᠥᠯ ᠰᠠᠳᠤᠨ ᠵᠡᠷᠭᠡ ᠲᠠᠢ ᠬᠤᠯᠪᠤᠭᠠᠯᠠᠨ ᠨᠡᠶᠢᠭᠡᠮ ᠲᠣᠭᠤᠷᠢᠭ ᠤᠨ ᠵᠠᠯᠠᠷᠠᠭᠤᠯᠬᠤ ᠶᠢᠨ ᠨᠡᠶᠢᠭᠡᠮ ᠤᠨ ᠪᠠᠶᠢᠴᠠᠭᠠᠯᠲᠠ ᠦᠨᠡᠯᠡᠯᠲᠡ ᠶᠢᠨ ᠠᠵᠢᠯ ᠢ ᠥᠷᠨᠢᠭᠦᠯᠪᠡ᠃      ᠲᠤᠰ ᠪᠠᠶᠢᠴᠠᠭᠠᠭᠳᠠᠭᠴᠢ ᠣᠳᠣ ᠬᠤᠷᠢᠭᠳᠠᠵᠤ ᠪᠠᠶᠢᠭ᠎ᠠ ᠪᠣᠯᠬᠤᠷ ᠪᠠᠶᠢᠴᠠᠭᠠᠵᠤ ᠦᠨᠡᠯᠡᠬᠦ ᠨᠠᠶᠢᠳᠠᠯᠭ᠎ᠠ ᠶᠢ ᠣᠯᠣᠭᠰᠠᠨ ᠤ ᠳᠠᠷᠠᠭ᠎ᠠ᠂ ᠪᠣᠯᠣᠳ ᠲᠡᠮᠦᠷ ᠵᠠᠮ ᠤᠨ ᠬᠠᠤᠯᠢ ᠴᠠᠭᠠᠵᠠ ᠶᠢᠨ ᠭᠠᠵᠠᠷ ᠲᠡᠷᠡ ᠳᠠᠷᠤᠢ ᠳᠤᠨᠢ ᠪᠠᠶᠢᠴᠠᠭᠠᠭᠳᠠᠬᠤ ᠡᠲᠡᠭᠡᠳ ᠤᠨ ᠭᠡᠷ ᠪᠦᠯᠢ ᠶᠢᠨ ᠪᠦᠷᠢᠯᠳᠦᠭᠦᠨ᠂ ᠭᠤᠣᠯ ᠪᠣᠯᠬᠤ ᠨᠡᠶᠢᠭᠡᠮ ᠤᠨ ᠬᠠᠷᠢᠯᠴᠠᠭᠠᠨ ᠤ ᠬᠥᠮᠥᠰ ᠲᠠᠢ ᠭᠡᠷ ᠪᠠᠶᠢᠰᠢᠩ ᠲᠦᠷᠢᠶᠡᠰᠦᠯᠡᠨ ᠬᠤᠷᠰᠢᠨ ᠲᠦᠷᠢᠶᠡᠰᠦᠯᠡᠭᠴᠢ ᠲᠠᠢ ᠬᠠᠷᠢᠯᠴᠠᠵᠤ᠂ ᠨᠢᠭᠤᠷᠲᠠᠨ ᠶᠠᠷᠢᠯᠴᠠᠬᠤ᠂ ᠤᠲᠠᠰᠤ ᠪᠠᠷ ᠨᠡᠪᠲᠡᠷᠡᠯᠴᠡᠬᠦ ᠵᠡᠷᠭᠡ ᠠᠷᠭ᠎ᠠ ᠮᠠᠶ᠋ᠢᠭ ᠢᠶᠠᠷ ᠦᠨᠡᠯᠡᠭᠳᠡᠬᠦ ᠡᠲᠡᠭᠡᠳ ᠤᠨ ᠦᠨᠳᠦᠰᠦᠨ ᠪᠠᠶᠢᠳᠠᠯ᠂ ᠰᠠᠭᠤᠭ᠎ᠠ ᠭᠠᠵᠠᠷ ᠤᠨ ᠪᠠᠶᠢᠳᠠᠯ᠂ ᠭᠡᠷ ᠪᠦᠯᠢ ᠶᠢᠨ ᠪᠠᠶᠢᠳᠠᠯ ᠵᠢᠴᠢ ᠶᠠᠯ᠎ᠠ ᠬᠢᠬᠦ ᠠᠴᠠ ᠡᠮᠦᠨᠡᠬᠢ ᠡᠳᠦᠷ ᠲᠤᠲᠤᠮ ᠤᠨ ᠢᠯᠡᠷᠡᠯ ᠢ ᠪᠥᠬᠦ ᠲᠠᠯ᠎ᠠ ᠪᠠᠷ ᠪᠠᠶᠢᠴᠠᠭᠠᠬᠤ ᠶᠢᠨ ᠬᠠᠮᠲᠤ ᠪᠠᠶᠢᠴᠠᠭᠠᠯᠲᠠ ᠶᠢᠨ ᠲᠡᠮᠳᠡᠭᠯᠡᠯ ᠢ ᠰᠠᠶᠢᠲᠤᠷ ᠬᠢᠭᠰᠡᠨ ᠪᠠᠶᠢᠨ᠎ᠠ᠃ ᠳᠠᠷᠠᠭ᠎ᠠ ᠨᠢ᠂ ᠬᠠᠤᠯᠢ ᠴᠠᠭᠠᠵᠠ ᠶᠢᠨ ᠭᠠᠵᠠᠷ ᠤᠨ ᠠᠵᠢᠯᠲᠠᠳ ᠪᠠᠶᠢᠴᠠᠭᠠᠭᠳᠠᠭᠴᠢ ᠶᠢᠨ ᠪᠠᠶᠢᠭ᠎ᠠ ᠲᠣᠮᠢᠯᠠᠭᠰᠠᠨ ᠰᠠᠯᠪᠤᠷᠢ᠂ ᠨᠡᠶᠢᠭᠡᠮ ᠲᠣᠭᠤᠷᠢᠭ ᠲᠤ ᠭᠦᠨᠵᠡᠭᠡᠶᠢᠷᠡᠵᠦ᠂ ᠪᠠᠶᠢᠴᠠᠭᠠᠭᠳᠠᠭᠴᠢ ᠶᠢᠨ ᠬᠤᠷᠢᠬᠤ ᠠᠴᠠ ᠡᠮᠦᠨ᠎ᠡ ᠰᠠᠭᠤᠵᠤ ᠪᠠᠶᠢᠭᠰᠠᠨ ᠪᠠᠶᠢᠳᠠᠯ ᠢ ᠲᠤᠬᠠᠢ ᠶᠢᠨ ᠭᠠᠵᠠᠷ ᠲᠤᠨᠢ ᠣᠶᠢᠯᠠᠭᠠᠵᠤ᠂ ᠬᠠᠷᠢᠶ᠎ᠠ ᠣᠷᠣᠨ ᠤ ᠲᠣᠮᠢᠯᠠᠭᠰᠠᠨ ᠰᠠᠯᠪᠤᠷᠢ ᠠᠴᠠ ᠪᠠᠶᠢᠴᠠᠭᠠᠯᠲᠠ ᠬᠢᠵᠦ ᠭᠡᠷᠡᠴᠢ ᠠᠪᠬᠤ ᠶᠢᠨ ᠬᠠᠮᠲᠤ ᠬᠤᠯᠪᠣᠭᠳᠠᠯ ᠪᠦᠬᠦᠢ ᠰᠠᠨᠠᠯ ᠢ ᠨᠢ ᠠᠰᠠᠭᠤᠨ ᠯᠠᠪᠯᠠᠵᠤ᠂ ᠴᠤᠭᠯᠠᠭᠤᠯᠵᠤ ᠣᠯᠣᠭᠰᠠᠨ ᠮᠡᠳᠡᠭᠡ ᠵᠠᠩᠭᠢ ᠶᠢᠨ ᠮᠠᠲ᠋ᠧᠷᠢᠶᠠᠯ ᠢ ᠡᠮᠬᠢᠯᠡᠵᠦ᠂ ᠶᠡᠷᠦᠩᠬᠡᠶᠢᠯᠡᠨ ᠵᠠᠳᠠᠯᠬᠤ ᠪᠠᠷ ᠳᠠᠮᠵᠢᠭᠤᠯᠤᠨ᠂ ᠪᠠᠶᠢᠴᠠᠭᠠᠭᠳᠠᠬᠤ ᠡᠲᠡᠭᠡᠳ ᠲᠤ ᠨᠡᠶᠢᠭᠡᠮ ᠲᠣᠭᠤᠷᠢᠭ ᠤᠨ ᠵᠠᠯᠠᠷᠠᠭᠤᠯᠭ᠎ᠠ ᠶᠢ ᠬᠡᠷᠡᠭᠯᠡᠬᠦ ᠡᠰᠡᠬᠦ ᠲᠤᠬᠠᠢ ᠦᠨᠡᠯᠡᠨ ᠵᠢᠱᠢᠭᠰᠡᠨ ᠰᠠᠨᠠᠯ ᠢᠶᠠᠨ ᠳᠤᠷᠠᠳᠴᠤ᠂ ᠪᠠᠶᠢᠴᠠᠭᠠᠵᠤ ᠦᠨᠡᠯᠡᠨ ᠵᠢᠱᠢᠭᠰᠡᠨ ᠪᠢᠴᠢᠭ ᠤᠨ ᠬᠡᠯᠪᠡᠷᠢ ᠶᠢᠨ ᠮᠡᠳᠡᠭᠦᠯᠦᠯᠲᠡ ᠭᠠᠷᠭᠠᠬᠤ ᠶᠢᠨ ᠬᠠᠮᠲᠤ ᠲᠣᠭᠤᠷᠢᠭ ᠤᠨ ᠬᠠᠤᠯᠢ ᠴᠠᠭᠠᠵᠠ ᠶᠢᠨ ᠲᠣᠪᠴᠢᠶ᠎ᠠ ᠳᠤ ᠮᠡᠳᠡᠭᠦᠯᠵᠦ ᠬᠢᠨᠠᠨ ᠬᠠᠷᠭᠤᠭᠤᠯᠤᠭᠤᠯᠪᠠ᠃      ᠬᠠᠷᠢᠶ᠎ᠠ ᠣᠷᠣᠨ ᠤ ᠲᠣᠮᠢᠯᠠᠭᠰᠠᠨ ᠰᠠᠯᠪᠤᠷᠢ᠂ ᠨᠡᠶᠢᠭᠡᠮ ᠲᠣᠭᠤᠷᠢᠭ ᠵᠡᠷᠭᠡ ᠤᠯᠠᠨ ᠲᠠᠯ᠎ᠠ ᠲᠠᠢ ᠬᠤᠯᠪᠤᠭᠠᠯᠠᠨ ᠬᠥᠳᠡᠯᠦᠯᠴᠡᠵᠦ ᠠᠵᠢᠯ ᠢᠶᠠᠨ ᠥᠷᠨᠢᠭᠦᠯᠬᠦ ᠪᠠᠷ ᠳᠠᠮᠵᠢᠭᠤᠯᠤᠨ᠂ ᠰᠢᠭᠦᠨ ᠲᠠᠰᠤᠯᠬᠤ ᠠᠵᠢᠯ ᠪᠣᠯᠣᠨ ᠨᠡᠶᠢᠭᠡᠮ ᠲᠣᠭᠤᠷᠢᠭ ᠤᠨ ᠵᠠᠯᠠᠷᠠᠭᠤᠯᠭ᠎ᠠ ᠶᠢᠨ ᠠᠵᠢᠯ ᠢ ᠵᠠᠪᠰᠠᠷ ᠦᠭᠡᠢ ᠵᠣᠯᠭᠠᠭᠤᠯᠬᠤ ᠶᠢ ᠪᠦᠲᠦᠮᠵᠢᠲᠡᠶ ᠪᠠᠷ ᠪᠡᠶᠡᠯᠡᠭᠦᠯᠪᠡ᠃      ᠢᠷᠡᠯᠲᠡ᠄ ᠬᠤᠳᠤᠩ ᠠᠷᠠᠳ ᠤᠨ ᠲᠤᠭᠤᠷᠢᠭ ᠤᠨ ᠵᠠᠰᠠᠭ ᠤᠨ ᠣᠷᠳᠣᠨ ᠤ ᠠᠯᠪᠠᠨ ᠰᠦᠯᠵᠢᠶ᠎ᠡ
 
ᠢᠷᠡᠯᠲᠡ᠄ ᠬᠤᠲᠤᠩ ᠠᠷᠠᠳ ᠤᠨ ᠲᠣᠭᠤᠷᠢᠭ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号