ᠬᠥᠬᠡᠬᠤᠲᠠ ᠶᠢᠨ ᠤᠢ ᠰᠢᠭᠤᠢ ᠪᠠ ᠨᠤᠲᠤᠭ ᠪᠡᠯᠴᠢᠭᠡᠷ ᠤᠨ ᠲᠤᠪᠴᠢᠶ᠎ᠠ ᠶᠢᠨ ᠬᠤᠳᠤᠩ ᠠᠷᠠᠳ ᠤᠨ ᠲᠤᠭᠤᠷᠢᠭ ᠤᠨ ᠬᠤᠪᠢᠶᠠᠷᠢ ᠲᠣᠪᠴᠢᠶ᠎ᠠ ᠶᠢᠨ ᠳᠠᠭᠠᠭᠠᠴᠢᠯᠠᠯᠲᠠ ᠵᠠᠷᠯᠠᠬᠤ ᠶᠢ ᠣᠷᠣᠯᠠᠨ ᠰᠢᠯᠢᠨ ᠰᠣᠩᠭᠤᠬᠤ ᠲᠥᠷᠥᠯ ᠵᠦᠢᠯ ᠤᠨ ᠠᠳᠠᠯᠢᠳᠬᠠᠨ ᠰᠣᠩᠭᠤᠬᠤ ᠠᠯᠪᠠᠨ ᠵᠠᠷ
ᠨᠡᠶᠢᠲᠡᠯᠡᠭᠰᠡᠨ ᠴᠠᠭ᠄
2024/1/19
     ᠵᠠᠰᠠᠭ ᠤᠨ ᠣᠷᠳᠣᠨ ᠤ ᠬᠤᠳᠠᠯᠳᠤᠨ ᠠᠪᠬᠤ ᠬᠠᠮᠢᠶ᠎ᠠ ᠪᠦᠬᠦᠢ ᠲᠣᠭᠲᠠᠭᠠᠯ ᠢ ᠦᠨᠳᠦᠰᠦᠯᠡᠪᠡᠯ᠂ ᠬᠥᠬᠡᠬᠤᠲᠠ ᠶᠢᠨ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠬᠤᠳᠤᠩ ᠠᠷᠠᠳ ᠤᠨ ᠲᠤᠭᠤᠷᠢᠭ ᠤᠨ ᠬᠤᠪᠢᠶᠠᠷᠢ ᠲᠣᠪᠴᠢᠶ᠎ᠠ ᠶᠢᠨ ᠳᠠᠭᠠᠭᠠᠴᠢᠯᠠᠯᠲᠠ ᠵᠠᠷᠯᠠᠵᠤ ᠣᠷᠣᠯᠠᠨ ᠰᠢᠯᠢᠨ ᠰᠣᠩᠭᠤᠬᠤ ᠲᠥᠷᠥᠯ ᠵᠦᠢᠯ ᠳᠤ ᠨᠥᠬᠦᠴᠡᠯ ᠳᠤ ᠨᠡᠶᠢᠴᠡᠬᠦ ᠨᠡᠶᠢᠭᠡᠮ ᠤᠨ ᠣᠷᠣᠯᠠᠨ ᠭᠦᠢᠴᠡᠳᠬᠡᠬᠦ ᠪᠠᠶᠢᠭᠤᠯᠤᠮᠵᠢ ᠶᠢᠨ ᠨᠡᠷ᠎ᠡ ᠮᠡᠳᠡᠭᠦᠯᠵᠦ ᠣᠷᠣᠯᠴᠠᠬᠤ ᠶᠢ ᠪᠠᠶᠠᠷᠯᠠᠨ ᠤᠭᠲᠤᠨ᠎ᠠ᠃      ᠨᠢᠭᠡ᠂ ᠲᠥᠷᠥᠯ ᠵᠦᠢᠯ ᠤᠨ ᠲᠣᠶᠢᠮᠣ ᠪᠠᠶᠢᠳᠠᠯ      ᠲᠥᠷᠥᠯ ᠵᠦᠢᠯ ᠤᠨ ᠨᠡᠷᠡᠶᠢᠳᠦᠯ᠄ ᠬᠥᠬᠡᠬᠤᠲᠠ ᠶᠢᠨ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠬᠤᠳᠤᠩ ᠠᠷᠠᠳ ᠤᠨ ᠲᠤᠭᠤᠷᠢᠭ ᠤᠨ ᠬᠤᠪᠢᠶᠠᠷᠢ ᠲᠣᠪᠴᠢᠶ᠎ᠠ ᠶᠢᠨ ᠳᠠᠭᠠᠭᠠᠴᠢᠯᠠᠯᠲᠠ ᠵᠠᠷᠯᠠᠬᠤ ᠶᠢ ᠣᠷᠣᠯᠠᠨ ᠰᠢᠯᠢᠨ ᠰᠣᠩᠭᠤᠬᠤ ᠲᠥᠷᠥᠯ ᠵᠦᠢᠯ      ᠬᠥᠬᠡᠬᠤᠲᠠ ᠶᠢᠨ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠬᠤᠳᠤᠩ ᠠᠷᠠᠳ ᠤᠨ ᠲᠤᠭᠤᠷᠢᠭ ᠤᠨ ᠬᠤᠪᠢᠶᠠᠷᠢ ᠲᠣᠪᠴᠢᠶ᠎ᠠ ᠨᠢ ᠨᠡᠶᠢᠭᠡᠮ ᠤᠨ ᠣᠷᠣᠯᠠᠨ ᠭᠦᠢᠴᠡᠳᠬᠡᠬᠦ ᠪᠠᠶᠢᠭᠤᠯᠤᠮᠵᠢ ᠳᠤ ᠨᠠᠶᠢᠳᠠᠵᠤ ᠳᠣᠣᠷᠠᠬᠢ ᠲᠥᠷᠥᠯ ᠵᠦᠢᠯ ᠢ ᠬᠤᠳᠠᠯᠳᠤᠨ ᠠᠪᠤᠭᠤᠯᠬᠤ ᠪᠠᠷ ᠳᠠᠮᠵᠢᠭᠤᠯᠤᠨ᠄      1.2023 ᠣᠨ ᠤ ᠲᠥᠪ ᠤᠨ ᠡᠳ᠋ ᠤᠨ ᠵᠠᠰᠠᠭ ᠤᠨ ᠪᠠᠶᠢᠭᠠᠯᠢ ᠶᠢᠨ ᠬᠠᠮᠠᠭᠠᠯᠠᠯᠲᠠ ᠶᠢᠨ ᠢᠨᠵᠧᠨᠧᠷᠢᠩ ᠤᠨ ᠣᠷᠣᠨ ᠤ ᠳᠣᠲᠣᠷᠠᠬᠢ ᠤᠢ ᠰᠢᠭᠤᠢ ᠶᠢᠨ ᠶᠠᠰᠤ ᠴᠢᠨᠠᠷ ᠢ ᠨᠠᠷᠢᠯᠢᠭ ᠣᠨᠣᠴᠠᠲᠠᠢ ᠪᠠᠷ ᠳᠡᠭᠡᠭᠰᠢᠯᠡᠭᠦᠯᠬᠦ ᠨᠥᠬᠦᠪᠦᠷᠢ ᠶᠢᠨ ᠲᠥᠷᠥᠯ ᠵᠦᠢᠯ ︵ᠤᠢ ᠰᠢᠭᠤᠢ ᠶᠢ ᠠᠷᠠᠴᠢᠯᠠᠨ ᠪᠣᠶᠢᠵᠢᠭᠤᠯᠬᠤ︶︔      2.2024 ᠣᠨ ᠤ ᠲᠥᠪ ᠤᠨ ᠡᠳ᠋ ᠤᠨ ᠵᠠᠰᠠᠭ ᠤᠨ ᠪᠠᠶᠢᠭᠠᠯᠢ ᠶᠢᠨ ᠬᠠᠮᠠᠭᠠᠯᠠᠯᠲᠠ ᠶᠢᠨ ᠢᠨᠵᠧᠨᠧᠷᠢᠩ ᠤᠨ ᠣᠷᠣᠨ ᠤ ᠳᠣᠲᠣᠷᠠᠬᠢ ᠣᠶ ᠰᠢᠭᠤᠢ ᠶᠢᠨ ᠶᠠᠰᠤ ᠴᠢᠨᠠᠷ ᠢ ᠨᠠᠷᠢᠯᠢᠭ ᠣᠨᠣᠴᠠᠲᠠᠢ ᠪᠠᠷ ᠳᠡᠭᠡᠭᠰᠢᠯᠡᠭᠦᠯᠬᠦ ᠨᠥᠬᠦᠪᠦᠷᠢ ᠶᠢᠨ ᠲᠥᠷᠥᠯ ᠵᠦᠢᠯ ︵ᠣᠶ ᠰᠢᠭᠤᠢ ᠶᠢ ᠠᠷᠠᠴᠢᠯᠠᠨ ᠪᠣᠶᠢᠵᠢᠭᠤᠯᠬᠤ︶︔      3.ᠬᠤᠳᠤᠩ ᠠᠷᠠᠳ ᠤᠨ ᠲᠤᠭᠤᠷᠢᠭ ᠤᠨ 2023 ᠣᠨ ᠤ ᠬᠤᠶᠠᠳᠤᠭᠠᠷ ᠪᠦᠯᠦᠭ ᠤᠨ ᠨᠤᠲᠤᠭ ᠪᠡᠯᠴᠢᠭᠡᠷ ᠤᠨ ᠠᠮᠢ ᠠᠬᠤᠢ ᠶᠢ ᠰᠡᠷᠭᠦᠭᠡᠨ ᠵᠠᠰᠠᠬᠤ ᠲᠥᠷᠥᠯ ᠵᠦᠢᠯ᠃      ᠬᠤᠶᠠᠷ᠂ ᠣᠷᠣᠯᠠᠬᠤ ᠪᠠᠶᠢᠭᠤᠯᠤᠮᠵᠢ ᠶᠢ ᠠᠳᠠᠯᠢᠳᠬᠠᠨ ᠰᠣᠩᠭᠤᠬᠤ ᠬᠢᠷᠢ ᠬᠡᠮ ᠤᠨ ᠱᠠᠭᠠᠷᠳᠠᠯᠭ᠎ᠠ      ︵ᠨᠢᠭᠡ︶ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠤᠨ ᠣᠷᠳᠣᠨ ᠤ ᠬᠤᠳᠠᠯᠳᠤᠨ ᠠᠪᠬᠤ ᠬᠠᠤᠯᠢ ᠶᠢ ᠬᠡᠷᠡᠭᠵᠢᠭᠦᠯᠬᠦ ᠳᠦᠷᠢᠮ︾ ᠤᠨ ᠠᠷᠪᠠᠨ ᠳᠣᠯᠣᠳᠤᠭᠠᠷ ᠵᠦᠢᠯ ᠤᠨ ᠵᠠᠰᠠᠭ ᠤᠨ ᠣᠷᠳᠣᠨ ᠤ ᠬᠤᠳᠠᠯᠳᠤᠨ ᠠᠪᠬᠤ ᠠᠵᠢᠯᠯᠠᠭ᠎ᠠ ᠳᠤ ᠣᠷᠣᠯᠴᠠᠬᠤ ᠬᠠᠩᠭᠠᠭᠴᠢ ᠬᠤᠳᠠᠯᠳᠤᠭᠠᠴᠢᠨ ᠵᠠᠰᠠᠭ ᠤᠨ ᠣᠷᠳᠣᠨ ᠤ ᠬᠤᠳᠠᠯᠳᠤᠨ ᠠᠪᠬᠤ ᠬᠠᠤᠯᠢ ᠶᠢᠨ ᠬᠤᠷᠢᠨ ᠬᠤᠶᠠᠳᠤᠭᠠᠷ ᠵᠦᠢᠯ ᠤᠨ ᠨᠢᠭᠡᠳᠦᠭᠡᠷ ᠪᠠᠳᠠᠭ ᠲᠤ ᠲᠣᠭᠲᠠᠭᠠᠭᠰᠠᠨ ᠨᠥᠬᠦᠴᠡᠯ ᠢ ᠪᠦᠷᠢᠳᠦᠭᠦᠯᠵᠦ᠂ ᠳᠣᠣᠷ᠎ᠠ ᠵᠢᠭᠰᠠᠭᠠᠭᠰᠠᠨ ᠮᠠᠲ᠋ᠧᠷᠢᠶᠠᠯ ᠤᠳ ᠢ ᠬᠠᠩᠭᠠᠬᠤ ᠬᠡᠷᠡᠭᠲᠡᠢ᠄      1.ᠬᠠᠤᠯᠢ ᠶᠢᠨ ᠬᠥᠮᠥᠨ ᠪᠤᠶᠤ ᠪᠤᠰᠤᠳ ᠵᠣᠬᠢᠶᠠᠨ ᠪᠠᠶᠢᠭᠤᠯᠤᠯᠲᠠ ᠶᠢᠨ ᠡᠵᠡᠩᠨᠡᠯᠲᠡ ᠶᠢᠨ ᠦᠨᠡᠮᠯᠡᠯ ᠵᠡᠷᠭᠡ ᠭᠡᠷᠡᠴᠢᠯᠡᠬᠦ ᠪᠢᠴᠢᠭ ᠮᠠᠲ᠋ᠧᠷᠢᠶᠠᠯ᠂ ᠪᠠᠶᠢᠭᠠᠯᠢ ᠬᠥᠮᠥᠨ ᠤ ᠪᠡᠶ᠎ᠡ ᠶᠢᠨ ᠦᠨᠡᠮᠯᠡᠯ︵ᠡᠵᠡᠩᠨᠡᠯᠲᠡ ᠶᠢᠨ ᠦᠨᠡᠮᠯᠡᠯ ᠬᠠᠩᠭᠠᠬᠤ︶︔      2.ᠭᠡᠷ᠎ᠡ ᠶᠢ ᠭᠦᠢᠴᠡᠳᠬᠡᠬᠦ ᠳᠤ ᠵᠠᠪᠠᠯ ᠱᠠᠭᠠᠷᠳᠠᠭᠳᠠᠬᠤ ᠲᠥᠬᠦᠭᠡᠷᠦᠮᠵᠢ ᠪᠠ ᠲᠤᠰᠬᠠᠢ ᠮᠡᠷᠭᠡᠵᠢᠯ ᠤᠨ ᠴᠢᠳᠠᠪᠤᠷᠢ ᠲᠠᠢ ᠪᠠᠶᠢᠬᠤ ᠶᠢ ᠭᠡᠷᠡᠴᠢᠯᠡᠬᠦ ᠮᠠᠲ᠋ᠧᠷᠢᠶᠠᠯ︔      3.ᠵᠠᠰᠠᠭ ᠤᠨ ᠣᠷᠳᠣᠨ ᠤ ᠬᠤᠳᠠᠯᠳᠤᠨ ᠠᠪᠬᠤ ᠠᠵᠢᠯᠯᠠᠭ᠎ᠠ ᠳᠤ ᠣᠷᠣᠯᠴᠠᠬᠤ ᠠᠴᠠ ᠡᠮᠦᠨ᠎ᠡ 3 ᠵᠢᠯ ᠤᠨ ᠳᠣᠲᠣᠷ᠎ᠠ ᠡᠵᠡᠩᠨᠡᠯᠲᠡ ᠶᠢᠨ ᠠᠵᠢᠯᠯᠠᠭ᠎ᠠ ᠶᠢᠨ ᠳᠤᠮᠳᠠ ᠬᠠᠤᠯᠢ ᠶᠢ ᠬᠦᠨᠳᠦ ᠨᠣᠴᠢᠲᠠᠢ ᠵᠥᠷᠢᠴᠡᠭᠰᠡᠨ ᠲᠡᠮᠳᠡᠭᠯᠡᠯ ᠪᠠᠶᠢᠬᠤ ᠦᠭᠡᠢ ᠪᠢᠴᠢᠭ ᠤᠨ ᠢᠯᠡᠷᠬᠡᠶᠢᠯᠡᠯᠲᠡ︔      4.ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠳᠤ ᠲᠣᠭᠲᠠᠭᠠᠭᠰᠠᠨ ᠪᠤᠰᠤᠳ ᠨᠥᠬᠦᠴᠡᠯ ᠢ ᠪᠦᠷᠢᠯᠳᠦᠭᠦᠯᠦᠭᠰᠡᠨ ᠭᠡᠷᠡᠴᠢᠯᠡᠬᠦ ᠮᠠᠲ᠋ᠧᠷᠢᠶᠠᠯ︔      5.ᠲᠣᠰ ᠲᠥᠷᠥᠯ ᠵᠦᠢᠯ ᠳᠤ ᠬᠤᠯᠪᠣᠭᠠᠲᠤ ᠴᠣᠭᠴᠠ ᠶᠢᠨ ᠳᠠᠭᠠᠭᠠᠴᠢᠯᠠᠯᠲᠠ ᠬᠦᠯᠢᠶᠡᠬᠦ ᠶᠢ ᠭᠥᠯᠢᠶᠡᠨ ᠠᠪᠬᠤ ᠦᠭᠡᠢ᠃      ︵ᠬᠤᠶᠠᠷ︶ ᠳᠠᠭᠠᠭᠠᠴᠢᠯᠠᠯᠲᠠ ᠳᠤ ᠣᠷᠣᠭᠴᠢ ᠨᠢ ᠡᠷᠬᠡᠪᠰᠢ ︽ᠳᠤᠮᠳᠠᠳᠤ ᠤᠯᠤᠰ ᠤᠨ ᠵᠠᠰᠠᠭ ᠤᠨ ᠣᠷᠳᠣᠨ ᠤ ᠬᠤᠳᠠᠯᠳᠤᠨ ᠠᠪᠬᠤ ᠰᠦᠯᠵᠢᠶ᠎ᠡ︾ ᠵᠢᠴᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠬᠤᠳᠠᠯᠳᠤᠨ ᠠᠪᠬᠤ ᠰᠦᠯᠵᠢᠶ᠎ᠡ︾ ᠶᠢᠨ ᠣᠷᠣᠯᠠᠬᠤ ᠪᠠᠶᠢᠭᠤᠯᠤᠮᠵᠢ ᠳᠤ ᠳᠠᠩᠰᠠᠯᠠᠭᠤᠯᠤᠨ ᠬᠥᠮᠥᠷᠭᠡ ᠳᠤ ᠣᠷᠣᠭᠤᠯᠬᠤ ᠬᠡᠷᠡᠭᠲᠡᠢ᠃      ︵ᠭᠤᠷᠪᠠ︶ ︽ᠵᠠᠰᠠᠭ ᠤᠨ ᠣᠷᠳᠣᠨ ᠤ ᠬᠤᠳᠠᠯᠳᠤᠨ ᠠᠪᠬᠤ ᠠᠵᠢᠯᠯᠠᠭ᠎ᠠ ᠶᠢᠨ ᠳᠤᠮᠳᠠ ᠢᠲᠡᠭᠡᠮᠵᠢ ᠶᠢᠨ ᠲᠡᠮᠳᠡᠭᠯᠡᠯ ᠢ ᠪᠠᠶᠢᠴᠠᠭᠠᠨ ᠯᠠᠪᠯᠠᠬᠤ ᠪᠠ ᠬᠡᠷᠡᠭᠯᠡᠬᠦ ᠬᠤᠯᠪᠣᠭᠳᠠᠯ ᠪᠦᠬᠦᠢ ᠠᠰᠠᠭᠤᠳᠠᠯ ᠤᠨ ᠲᠤᠬᠠᠢ ᠡᠳ᠋ ᠤᠨ ᠵᠠᠰᠠᠭ ᠤᠨ ᠶᠠᠮᠤᠨ ᠤ ᠮᠡᠳᠡᠭᠳᠡᠯ︾︵ᠡᠳ᠋ ᠤᠨ ᠵᠠᠰᠠᠭ ᠤᠨ ᠬᠥᠮᠥᠷᠭᠡ ﹇2016﹈ 125 ᠳ᠋ᠤᠭᠠᠷ ᠲᠣᠭᠠᠲᠤ︶ ᠢ ᠦᠨᠳᠦᠰᠦᠯᠡᠪᠡᠯ᠂ ᠠᠳᠠᠯᠢᠳᠬᠠᠨ ᠰᠣᠩᠭᠤᠬᠤ ᠪᠠᠷ ᠭᠤᠶᠤᠴᠢᠯᠠᠭᠴᠢ ᠨᠡᠷ᠎ᠡ ᠮᠡᠳᠡᠭᠦᠯᠬᠦ ᠦᠶ᠎ᠡ ᠳᠤ᠂︽ᠢᠲᠡᠭᠡᠮᠵᠢ ᠶᠢᠨ ᠳᠤᠮᠳᠠᠳᠤ ᠤᠯᠤᠰ︾ ᠰᠦᠯᠵᠢᠶ᠎ᠡ ᠪᠠᠷ ᠳᠠᠮᠵᠢᠭᠤᠯᠤᠨ ︽ᠢᠲᠡᠭᠡᠮᠵᠢ ᠠᠯᠳᠠᠭᠰᠠᠨ ᠭᠦᠢᠴᠡᠳᠬᠡᠭᠳᠡᠭᠴᠢ︾︽ᠬᠦᠨᠳᠦ ᠶᠡᠭᠡ ᠭᠠᠶᠢᠯᠢ ᠲᠠᠲᠠᠪᠤᠷᠢ ᠶᠢᠨ ᠬᠠᠤᠯᠢ ᠶᠢ ᠵᠥᠷᠢᠴᠡᠭᠰᠡᠨ ᠬᠡᠷᠡᠭ ᠤᠨ ᠲᠤᠬᠠᠢ ᠶᠢᠨ ᠬᠥᠮᠥᠨ ᠤ ᠨᠡᠷᠡᠰ︾︽ᠳᠤᠮᠳᠠᠳᠤ ᠤᠯᠤᠰ ᠤᠨ ᠵᠠᠰᠠᠭ ᠤᠨ ᠣᠷᠳᠣᠨ ᠤ ᠬᠤᠳᠠᠯᠳᠤᠨ ᠠᠪᠬᠤ ᠰᠦᠯᠵᠢᠶ᠎ᠡ ᠪᠠᠷ ᠳᠠᠮᠵᠢᠭᠤᠯᠤᠨ ︽ᠵᠠᠰᠠᠭ ᠤᠨ ᠣᠷᠳᠣᠨ ᠤ ᠬᠤᠳᠠᠯᠳᠤᠨ ᠠᠪᠬᠤ ᠬᠠᠤᠯᠢ ᠶᠢ ᠬᠦᠨᠳᠦ ᠨᠣᠴᠢᠲᠠᠢ ᠵᠥᠷᠢᠴᠡᠵᠦ ᠢᠲᠡᠭᠡᠯ ᠠᠯᠳᠠᠭᠰᠠᠨ ᠦᠶᠯᠡ ᠠᠵᠢᠯᠯᠠᠭ᠎ᠠ ᠶᠢᠨ ᠲᠡᠮᠳᠡᠭᠯᠡᠯ ᠤᠨ ᠨᠡᠷᠡᠰ︾ ᠢ ᠪᠠᠶᠢᠴᠠᠭᠠᠨ ᠯᠠᠪᠯᠠᠭᠰᠠᠨ ᠦᠭᠡᠢ᠂ ᠣᠶᠢᠷ᠎ᠠ ᠶᠢᠨ ᠭᠤᠷᠪᠠᠨ ᠵᠢᠯ ᠳᠤ ᠬᠡᠭᠡᠯᠢ ᠲᠦᠯᠬᠢᠭᠰᠡᠨ ᠶᠠᠯᠠᠲᠤ ᠠᠵᠢᠯᠯᠠᠭ᠎ᠠ ︵︿ᠳᠤᠮᠳᠠᠳᠤ ᠤᠯᠤᠰ ᠤᠨ ᠬᠢᠨᠠᠨ ᠰᠢᠭᠦᠬᠦ ᠪᠢᠴᠢᠭ ᠤᠨ ᠰᠦᠯᠵᠢᠶ᠎ᠡ﹀ ᠪᠠᠶᠢᠴᠠᠭᠠᠨ ᠯᠠᠪᠯᠠᠬᠤ ᠪᠠᠷ ᠪᠠᠷᠢᠮᠵᠢᠶ᠎ᠠ ᠪᠣᠯᠭᠠᠨ᠎ᠠ︶ ᠬᠢᠭᠰᠡᠨ ᠦᠭᠡᠢ᠃      ᠭᠤᠷᠪᠠ᠂ ᠬᠠᠮᠢᠶ᠎ᠠ ᠪᠦᠬᠦᠢ ᠵᠦᠢᠯᠡᠰ      1.ᠮᠠᠲ᠋ᠧᠷᠢᠶᠠᠯ ᠲᠤᠰᠢᠶᠠᠬᠤ ᠴᠠᠭ᠄ 2024 ᠣᠨ ᠤ 1 ᠰᠠᠷ᠎ᠠ ᠶᠢᠨ 19 ᠤ ᠡᠳᠦᠷ ︱ 1 ᠰᠠᠷ᠎ᠠ ᠶᠢᠨ 26 ᠤ ᠡᠳᠦᠷ ︵ᠠᠵᠢᠯᠯᠠᠬᠤ ᠡᠳᠦᠷ ᠤᠨ ᠳᠣᠲᠣᠷ᠎ᠠ︶᠂ ᠦᠳᠡ ᠶᠢᠨ ᠡᠮᠦᠨ᠎ᠡ 9᠄ 00 ︱ 11᠄ 30᠂ ᠦᠳᠡ ᠶᠢᠨ ᠬᠤᠶᠢᠨ᠎ᠠ᠂ 14᠄ 30 ︱ 17᠄ 00︔      2.ᠪᠢᠴᠢᠭ ᠮᠠᠲ᠋ᠧᠷᠢᠶᠠᠯ ᠬᠦᠷᠭᠡᠬᠦ ᠭᠠᠵᠠᠷ᠄ ᠬᠥᠬᠡᠬᠤᠲᠠ ᠶᠢᠨ ᠬᠤᠳᠤᠩ ᠠᠷᠠᠳ ᠤᠨ ᠲᠤᠭᠤᠷᠢᠭ ᠤᠨ ᠶᠦᠮ ᠤᠨ ᠪᠠᠶᠢᠰᠢᠩ ᠪᠠᠯᠭᠠᠰᠤᠨ ᠤ ᠵᠡᠭᠦᠨ ᠤᠰᠤᠲᠤ ᠲᠣᠰᠬᠤᠨ ᠤ ᠵᠠᠬ᠎ᠠ ᠠᠴᠠ ᠪᠠᠷᠠᠭᠤᠨᠰᠢ 500 ᠮᠧᠲᠷ᠃      ᠳᠥᠷᠪᠡ᠂ ᠲᠤᠰᠢᠶᠠᠨ ᠥᠭᠬᠦ ᠪᠢᠴᠢᠭ ᠮᠠᠲ᠋ᠧᠷᠢᠶᠠᠯ ᠳᠤ ᠡᠷᠬᠡᠪᠰᠢ ᠳᠣᠣᠷᠠᠬᠢ ᠮᠠᠲ᠋ᠧᠷᠢᠶᠠᠯ ᠤᠳ ᠢ ᠪᠠᠭᠲᠠᠭᠠᠭᠰᠠᠨ ᠪᠠᠶᠢᠬᠤ ᠬᠡᠷᠡᠭᠲᠡᠢ      1.ᠤᠯᠤᠰ ᠤᠨ ᠦᠢᠯᠡᠳᠪᠦᠷᠢ ᠬᠤᠳᠠᠯᠳᠤᠭᠠᠨ ᠤ ᠪᠠᠶᠢᠭᠤᠯᠭ᠎ᠠ ᠶᠢᠨ ᠣᠨ ᠤ ᠪᠠᠶᠢᠴᠠᠭᠠᠯᠲᠠ ᠳᠤ ᠬᠢᠷᠢ ᠲᠡᠩᠴᠡᠭᠰᠡᠨ ᠪᠥᠭᠡᠳ ᠬᠦᠴᠦᠨ ᠲᠠᠢ ᠪᠥᠭᠡᠳ ᠳᠠᠭᠠᠭᠠᠴᠢᠯᠠᠯᠲᠠ ᠬᠦᠯᠢᠶᠡᠬᠦ ᠠᠵᠤ ᠠᠬᠤᠶᠢᠯᠠᠯ ᠤᠨ ᠠᠯᠪᠠᠨ ᠲᠠᠮᠠᠭ᠎ᠠ ᠳᠠᠷᠤᠭᠰᠠᠨ ᠡᠵᠡᠩᠨᠡᠯᠲᠡ ᠶᠢᠨ ᠦᠨᠡᠮᠯᠡᠯ ᠤᠨ ᠬᠠᠭᠤᠯᠪᠤᠷᠢ ᠳᠡᠪᠲᠡᠷ ᠤᠨ ᠬᠠᠭᠤᠯᠪᠤᠷᠢ ᠶᠢ ᠬᠠᠩᠭᠠᠨ᠎ᠠ︔      2.ᠭᠡᠷ᠎ᠡ ᠶᠢ ᠭᠦᠢᠴᠡᠳᠬᠡᠬᠦ ᠳᠤ ᠵᠠᠪᠠᠯ ᠱᠠᠭᠠᠷᠳᠠᠭᠳᠠᠬᠤ ᠲᠥᠬᠦᠭᠡᠷᠦᠮᠵᠢ ᠪᠠ ᠲᠤᠰᠬᠠᠢ ᠮᠡᠷᠭᠡᠵᠢᠯ ᠤᠨ ᠴᠢᠳᠠᠪᠤᠷᠢ ᠶᠢ ᠭᠡᠷᠡᠴᠢᠯᠡᠬᠦ ᠮᠠᠲ᠋ᠧᠷᠢᠶᠠᠯ ᠢ ᠬᠠᠩᠭᠠᠬᠤ ᠢᠯᠡᠷᠬᠡᠶᠢᠯᠡᠯᠲᠡ ᠶᠢᠨ ᠵᠠᠬᠢᠳᠠᠯ︔      3.︽ᠳᠤᠮᠳᠠᠳᠤ ᠤᠯᠤᠰ ᠤᠨ ᠵᠠᠰᠠᠭ ᠤᠨ ᠣᠷᠳᠣᠨ ᠤ ᠬᠤᠳᠠᠯᠳᠤᠨ ᠠᠪᠬᠤ ᠰᠦᠯᠵᠢᠶ᠎ᠡ︾ ᠵᠢᠴᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠬᠤᠳᠠᠯᠳᠤᠨ ᠠᠪᠬᠤ ᠰᠦᠯᠵᠢᠶ᠎ᠡ︾ ᠶᠢᠨ ᠣᠷᠣᠯᠠᠨ ᠭᠦᠢᠴᠡᠳᠬᠡᠬᠦ ᠪᠠᠶᠢᠭᠤᠯᠤᠮᠵᠢ ᠶᠢᠨ ᠳᠠᠩᠰᠠᠯᠠᠭᠰᠠᠨ ᠵᠢᠷᠤᠭ ᠢ ᠲᠠᠰᠤᠯᠤᠭᠰᠠᠨ ᠭᠡᠷᠡᠴᠢ ᠮᠠᠲ᠋ᠧᠷᠢᠶᠠᠯ︔      4.︽ᠳᠤᠮᠳᠠᠳᠤ ᠤᠯᠤᠰ ᠤᠨ ᠲᠠᠰᠤᠯᠤᠨ ᠲᠣᠭᠲᠠᠭᠠᠯᠲᠠ ᠶᠢᠨ ᠪᠢᠴᠢᠭ ᠬᠠᠷ᠎ᠠ ᠶᠢᠨ ᠰᠦᠯᠵᠢᠶ᠎ᠡ︾ ᠶᠢᠨ ᠬᠠᠭ᠋ᠤᠤᠯᠢ ᠲᠦᠯᠬᠢᠭᠰᠡᠨ ᠦᠭᠡᠢ ᠵᠢᠷᠤᠭ ᠢ ᠬᠠᠩᠭᠠᠨ᠎ᠠ      5.︽ᠢᠲᠡᠭᠡᠮᠵᠢ ᠶᠢᠨ ᠳᠤᠮᠳᠠᠳᠤ ᠤᠯᠤᠰ︾ ᠢ ᠬᠠᠩᠭᠠᠬᠤ ᠳᠠᠭᠠᠨ ᠢᠲᠡᠭᠡᠯ ᠠᠯᠳᠠᠭᠰᠠᠨ ᠭᠦᠢᠴᠡᠳᠬᠡᠭᠳᠡᠭᠴᠢ ᠳᠤ ᠣᠷᠣᠭᠤᠯᠤᠭᠰᠠᠨ ᠦᠭᠡᠢ᠂ ᠬᠦᠨᠳᠦ ᠶᠡᠭᠡ ᠭᠠᠶᠢᠯᠢ ᠲᠠᠲᠠᠪᠤᠷᠢ ᠶᠢᠨ ᠬᠠᠤᠯᠢ ᠠᠴᠠ ᠵᠥᠷᠢᠴᠡᠭᠰᠡᠨ ᠬᠡᠷᠡᠭ ᠤᠨ ᠲᠤᠬᠠᠢ ᠶᠢᠨ ᠬᠥᠮᠥᠨ ᠤ ᠨᠡᠷᠡᠰ ᠤᠨ ᠪᠠᠶᠢᠴᠠᠭᠠᠨ ᠯᠠᠪᠯᠠᠭᠰᠠᠨ ᠵᠢᠷᠤᠭ ᠲᠤ ᠣᠷᠣᠭᠤᠯᠤᠭᠰᠠᠨ ᠦᠭᠡᠢ︔      6.︽ᠳᠤᠮᠳᠠᠳᠤ ᠤᠯᠤᠰ ᠤᠨ ᠵᠠᠰᠠᠭ ᠤᠨ ᠣᠷᠳᠣᠨ ᠤ ᠬᠤᠳᠠᠯᠳᠤᠨ ᠠᠪᠬᠤ ᠰᠦᠯᠵᠢᠶ᠎ᠡ︾ ᠶᠢ ᠵᠠᠰᠠᠭ ᠤᠨ ᠣᠷᠳᠣᠨ ᠤ ᠬᠤᠳᠠᠯᠳᠤᠨ ᠠᠪᠬᠤ ᠠᠵᠢᠯᠯᠠᠭ᠎ᠠ   ᠶᠢᠨ ᠬᠠᠤᠯᠢ ᠠᠴᠠ ᠬᠦᠨᠳᠦ ᠨᠣᠴᠢᠲᠠᠢ ᠵᠥᠷᠢᠴᠡᠵᠦ ᠢᠲᠡᠭᠡᠯ ᠠᠯᠳᠠᠭᠰᠠᠨ ᠠᠵᠢᠯᠯᠠᠭ᠎ᠠ   ᠶᠢᠨ ᠲᠡᠮᠳᠡᠭᠯᠡᠯ ᠤᠨ ᠨᠡᠷᠡᠰ ᠲᠤ ᠣᠷᠣᠭᠤᠯᠤᠭᠰᠠᠨ ᠦᠭᠡᠢ ᠪᠠᠶᠢᠴᠠᠭᠠᠨ ᠯᠠᠪᠯᠠᠭᠰᠠᠨ ᠵᠢᠷᠤᠭ  ᠢ ᠬᠠᠩᠭᠠᠨ᠎ᠠ      7.ᠵᠠᠰᠠᠭ ᠤᠨ ᠣᠷᠳᠣᠨ ᠤ ᠬᠤᠳᠠᠯᠳᠤᠨ ᠠᠪᠬᠤ ᠠᠵᠢᠯᠯᠠᠭ᠎ᠠ ᠳᠤ ᠣᠷᠣᠯᠴᠠᠬᠤ ᠠᠴᠠ ᠡᠮᠦᠨ᠎ᠡ 3 ᠵᠢᠯ ᠤᠨ ᠳᠣᠲᠣᠷ᠎ᠠ ᠡᠵᠡᠩᠨᠡᠯᠲᠡ ᠶᠢᠨ ᠠᠵᠢᠯᠯᠠᠭ᠎ᠠ ᠶᠢᠨ ᠳᠤᠮᠳᠠ ᠬᠠᠤᠯᠢ ᠶᠢ ᠬᠦᠨᠳᠦ ᠨᠣᠴᠢᠲᠠᠢ ᠵᠥᠷᠢᠴᠡᠭᠰᠡᠨ ᠲᠡᠮᠳᠡᠭᠯᠡᠯ ᠪᠠᠶᠢᠬᠤ ᠦᠭᠡᠢ ᠪᠢᠴᠢᠭ ᠤᠨ ᠢᠯᠡᠷᠬᠡᠶᠢᠯᠡᠯᠲᠡ᠃      ᠲᠠᠶᠢᠯᠪᠤᠷᠢ᠄ ᠨᠡᠷ᠎ᠡ ᠮᠡᠳᠡᠭᠦᠯᠬᠦ ᠪᠠᠶᠢᠭᠤᠯᠤᠮᠵᠢ ᠨᠢ ᠲᠣᠭᠲᠠᠭᠠᠭᠰᠠᠨ ᠠᠭᠤᠯᠭ᠎ᠠ ᠶᠢᠨ ᠶᠣᠰᠣᠭᠠᠷ ᠨᠢᠭᠡ ᠬᠡᠯᠪᠡᠷᠢ ᠶᠢᠨ ᠭᠤᠷᠪᠠᠨ ᠬᠤᠪᠢ ᠨᠠᠷᠢᠨ ᠮᠠᠲ᠋ᠧᠷᠢᠶᠠᠯ ᠢ ᠲᠤᠰᠢᠶᠠᠬᠤ ᠶᠢᠨ ᠬᠠᠮᠲᠤ ᠳᠡᠪᠲᠡᠷᠯᠡᠨ ᠳᠡᠪᠲᠡᠷᠯᠡᠵᠦ᠂ ᠠᠯᠪᠠᠨ ᠲᠠᠮᠠᠭ᠎ᠠ ᠳᠠᠷᠤᠬᠤ ᠶᠢᠨ ᠬᠠᠮᠲᠤ ᠨᠢᠭᠲᠠ ᠪᠢᠲᠡᠭᠦᠮᠵᠢᠯᠡᠵᠦ᠂ ᠲᠤᠰᠬᠠᠢ ᠮᠡᠷᠭᠡᠵᠢᠯᠲᠡᠨ ᠢᠶᠠᠷ ᠬᠢᠨᠠᠨ ᠲᠣᠭᠲᠠᠭᠠᠯᠭᠠᠵᠤ ᠬᠤᠪᠢ ᠥᠭᠭᠦᠭᠦᠯᠦᠨ᠎ᠡ᠂ ᠶᠡᠷᠦᠩᠬᠡᠢ ᠬᠤᠪᠢ ᠲᠣᠭᠲᠠᠭᠠᠵᠤ ᠨᠢᠭᠡᠳᠦᠭᠡᠷ ᠲᠤ ᠵᠢᠭᠰᠠᠭᠠᠭᠳᠠᠭᠰᠠᠨ ᠢ ᠨᠠᠶᠢᠳᠠᠨ ᠣᠷᠣᠯᠠᠬᠤ ᠪᠠᠶᠢᠭᠤᠯᠤᠮᠵᠢ ᠪᠠᠷ ᠲᠣᠭᠲᠠᠭᠠᠨ᠎ᠠ᠃      ᠲᠠᠪᠤ᠂ ᠬᠠᠷᠢᠯᠴᠠᠬᠤ ᠠᠷᠭ᠎ᠠ ᠬᠡᠯᠪᠡᠷᠢ      ᠨᠢᠭᠡᠴᠢ ᠶᠢᠨ ᠨᠡᠷᠡᠶᠢᠳᠦᠯ᠄ ᠬᠥᠬᠡᠬᠤᠲᠠ ᠶᠢᠨ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠬᠤᠳᠤᠩ ᠠᠷᠠᠳ ᠤᠨ ᠲᠤᠭᠤᠷᠢᠭ ᠤᠨ ᠬᠤᠪᠢᠶᠠᠷᠢ ᠲᠣᠪᠴᠢᠶ᠎ᠠ      ᠬᠠᠶᠢᠭ᠄ ᠬᠥᠬᠡᠬᠤᠲᠠ ᠶᠢᠨ ᠬᠤᠳᠤᠩ ᠠᠷᠠᠳ ᠤᠨ ᠲᠤᠭᠤᠷᠢᠭ ᠤᠨ ᠶᠦᠮ ᠤᠨ ᠪᠠᠶᠢᠰᠢᠩ ᠪᠠᠯᠭᠠᠰᠤᠨ ᠤ ᠵᠡᠭᠦᠨ ᠤᠰᠤᠲᠤ ᠲᠣᠰᠬᠤᠨ ᠤ ᠠᠮᠠ ᠠᠴᠠ ᠪᠠᠷᠠᠭᠤᠨᠰᠢ 500 ᠮᠧᠲᠷ᠃        ᠬᠠᠷᠢᠯᠴᠠᠬᠤ ᠬᠥᠮᠥᠨ᠄ ᠳ᠋ᠤᠸᠠᠨ ᠡᠷᠬᠢᠯᠡᠭᠴᠢ      ᠬᠠᠷᠢᠯᠴᠠᠬᠤ ᠤᠲᠠᠰᠤ᠄ 0471-3600276 呼和浩特市林业和草原局回民分局招标代理遴选项目 比选公告      ᠢᠷᠡᠯᠲᠡ᠄ ᠬᠤᠳᠤᠩ ᠠᠷᠠᠳ ᠤᠨ ᠲᠤᠭᠤᠷᠢᠭ ᠤᠨ ᠵᠠᠰᠠᠭ ᠤᠨ ᠣᠷᠳᠣᠨ ᠤ ᠠᠯᠪᠠᠨ ᠰᠦᠯᠵᠢᠶ᠎ᠡ
 
ᠢᠷᠡᠯᠲᠡ᠄ ᠬᠤᠲᠤᠩ ᠠᠷᠠᠳ ᠤᠨ ᠲᠣᠭᠤᠷᠢᠭ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号