ᠮᠥᠰᠥ ᠴᠠᠰᠤᠨ ᠤ ᠤᠷᠤᠯᠳᠤᠭᠠᠨ ᠤ ᠲᠥᠷᠥᠯ ᠵᠦᠢᠯ
ᠨᠡᠶᠢᠲᠡᠯᠡᠭᠰᠡᠨ ᠴᠠᠭ᠄
2024/1/19
     ᠴᠡᠨᠡᠯᠡᠯᠲᠡ᠄      1.ᠥᠨᠳᠥᠷ ᠠᠭᠤᠯᠠ ᠶᠢᠨ ᠴᠡᠨᠡᠯᠡᠯᠲᠡ᠄ ᠬᠤᠷᠳᠤ ᠪᠠ ᠤᠷ᠎ᠠ ᠮᠡᠷᠭᠡᠵᠢᠯ ᠢ ᠲᠡᠭᠦᠰ ᠤᠶᠠᠯᠳᠤᠭᠤᠯᠤᠭᠰᠠᠨ ᠴᠡᠨᠡᠯᠡᠯᠲᠡ ᠶᠢᠨ ᠨᠢᠭᠡ ᠲᠦᠷᠦᠯ ᠵᠦᠢᠯ ᠪᠠᠶᠢᠵᠤ᠂ ᠳᠡᠯᠡᠬᠡᠢ ᠳ᠋ᠠᠬᠢᠨ ᠤ ᠭᠦᠢᠴᠡᠳᠬᠡᠬᠦ ᠳᠤ ᠬᠠᠮᠤᠭ ᠤᠨ ᠬᠦᠴᠢᠷᠲᠡᠢ᠂ ᠤᠷᠤᠯᠳᠤᠭᠠᠨ ᠤ ᠵᠠᠮ ᠱᠤᠭᠤᠮ ᠨᠢ ᠬᠠᠮᠤᠭ ᠤᠨ ᠪᠤᠳᠤᠯᠢᠶᠠᠨᠲᠠᠢ ᠤᠷᠤᠯᠳᠤᠭᠠᠨ ᠤ ᠲᠦᠷᠦᠯ ᠪᠣᠯᠣᠨ᠎ᠠ᠃      2.ᠴᠢᠯᠦᠭᠡᠲᠦ ᠴᠡᠨᠡᠯᠡᠯᠲᠡ᠄ ᠥᠨᠳᠥᠷ ᠠᠭᠤᠯᠠ ᠶᠢᠨ ᠴᠡᠨᠡᠯᠡᠯᠲᠡ ᠶᠢᠨ ᠰᠠᠭᠤᠷᠢᠨ ᠳᠡᠭᠡᠷ᠎ᠡ ᠪᠤᠢ ᠪᠣᠯᠤᠭᠰᠠᠨ ᠴᠠᠨᠠᠯᠠᠯᠳᠠ ᠶᠢᠨ ᠲᠦᠷᠦᠯ ᠵᠦᠢᠯ ᠪᠣᠯᠣᠨ᠎ᠠ᠂︽ᠣᠭᠲᠠᠷᠭᠤᠢ ᠳᠡᠭᠡᠷᠡᠬᠢ ᠪᠥᠵᠢᠭ︾ ᠭᠡᠬᠦ ᠰᠠᠶᠢᠬᠠᠨ ᠨᠡᠷ᠎ᠡ ᠲᠠᠢ᠃      3.ᠳᠠᠩ ᠬᠠᠪᠲᠠᠰᠤᠲᠤ ᠴᠡᠨᠡᠯᠡᠯᠲᠡ᠄ ᠭᠤᠯᠭᠤᠭᠤᠷ ᠬᠠᠪᠲᠠᠰᠤ ᠪᠠ ᠳᠠᠪᠠᠯᠭᠠᠨ ᠰᠥᠷᠬᠦ ᠬᠥᠳᠡᠯᠭᠡᠭᠡᠨ ᠲᠠᠢ ᠬᠤᠯᠪᠤᠭ᠎ᠠ ᠲᠠᠢ᠂ ᠲᠠᠮᠢᠷᠴᠢᠨ ᠭᠤᠯᠭᠤᠬᠤ ᠶᠠᠪᠤᠴᠠ ᠳᠠᠭᠠᠨ ᠡᠯ᠎ᠡ ᠵᠦᠢᠯ ᠤᠨ ᠬᠦᠴᠢᠷᠳᠡᠯᠲᠡᠢ ᠦᠰᠦᠷᠦᠯᠲᠠ᠂ ᠡᠷᠭᠢᠯᠲᠡ ᠵᠡᠷᠭᠡ ᠬᠥᠳᠡᠯᠭᠡᠭᠡᠨ ᠢ ᠪᠡᠶᠡᠯᠡᠭᠦᠯᠬᠦ ᠪᠠᠷ ᠳᠠᠮᠵᠢᠨ ᠬᠤᠪᠢ ᠣᠯᠳᠠᠭ᠃      4.ᠬᠡᠭᠡᠷᠡᠯᠡᠬᠦ ᠴᠡᠨᠡᠯᠡᠯᠲᠡ᠄ ᠴᠠᠨᠠᠯᠠᠬᠤ ᠪᠠᠭᠠᠵᠢ ᠪᠠᠷ ᠠᠭᠤᠯᠠ ᠠᠪᠠᠷᠢᠬᠤ᠂ ᠡᠷᠭᠢᠬᠦ᠂ ᠭᠤᠯᠭᠤᠬᠤ ᠵᠡᠷᠭᠡ ᠤᠷ᠎ᠠ ᠮᠡᠷᠭᠡᠵᠢᠯ ᠢ ᠬᠡᠷᠡᠭᠯᠡᠵᠦ ᠠᠭᠤᠯᠠᠨ ᠪᠡᠯ ᠴᠠᠰᠤᠲᠤ ᠲᠠᠯ᠎ᠠ ᠶᠢ ᠲᠤᠭᠤᠯᠬᠤ ᠤᠷᠤᠯᠳᠤᠭᠠᠨ ᠪᠣᠯᠣᠨ᠎ᠠ᠃      5.ᠲᠠᠶᠢᠰᠠᠨ ᠠᠴᠠ ᠬᠠᠷᠠᠶᠢᠬᠤ ᠴᠡᠨᠡᠯᠡᠯᠲᠡ᠄ ᠲᠠᠮᠢᠷᠴᠢᠨ ᠴᠠᠨᠠᠯᠠᠬᠤ ᠬᠠᠪᠲᠠᠰᠤ ᠪᠠᠷ ᠪᠠᠭᠠᠵᠢ ᠪᠣᠯᠭᠠᠨ ᠡᠭᠴᠡ ᠨᠡᠯᠦ ᠭᠠᠵᠠᠷ ᠠᠴᠠ ᠥᠨᠳᠥᠷ ᠬᠤᠷᠳᠤᠴᠠ ᠪᠠᠷ ᠭᠤᠯᠭᠤᠨ ᠪᠠᠭᠤᠵᠤ᠂ ᠲᠠᠭᠢᠨ ᠣᠭᠲᠠᠷᠭᠤᠢ ᠳᠤ ︽ᠳᠡᠭᠦᠯᠢᠬᠦ︾ ᠶᠢᠨ ᠥᠨᠳᠥᠷ ᠪᠣᠭᠤᠨᠢ ᠬᠤᠯᠠ ᠣᠶᠢᠷ᠎ᠠ ᠪᠠᠷ ᠬᠤᠪᠢ ᠣᠯᠳᠠᠭ ᠤᠷᠤᠯᠳᠤᠭᠠᠨ ᠪᠣᠯᠣᠨ᠎ᠠ᠃      ᠲᠡᠰᠢᠯᠲᠡ᠄      1.ᠣᠶᠢᠷ᠎ᠠ ᠵᠠᠮ ᠤᠨ ᠲᠦᠷᠭᠡᠨ ᠲᠡᠰᠢᠯᠲᠡ᠄ ᠣᠶᠢᠷ᠎ᠠ ᠵᠠᠮ ᠤᠨ ᠲᠦᠷᠭᠡᠨ ᠲᠡᠰᠢᠯᠲᠡ  ᠪᠣᠯ  ᠺᠠᠨᠠᠳᠠ ᠠᠴᠠ ᠡᠭᠦᠰᠦᠯ ᠲᠠᠢ᠂ ᠨᠡᠯᠢᠶᠡᠳ ᠣᠬᠤᠷ ᠮᠥᠰᠥᠨ ᠭᠦᠶᠦᠯᠲᠡ ᠶᠢᠨ ᠵᠠᠮ ᠳᠡᠭᠡᠷᠡᠬᠢ ᠤᠷᠤᠯᠳᠤᠭᠠᠨ ᠤ ᠬᠥᠳᠡᠯᠭᠡᠭᠡᠨ ᠪᠣᠯᠣᠨ᠎ᠠ᠃      2.ᠲᠦᠷᠭᠡᠨ ᠲᠡᠰᠢᠯᠲᠡ᠄ ᠨᠢᠭᠡ ᠵᠦᠢᠯ ᠤᠨ ᠲᠤᠶᠢᠯ ᠤᠨ ᠲᠦᠷᠭᠡᠨ ᠬᠤᠷᠳᠤᠴᠠᠲᠤ ᠬᠥᠳᠡᠯᠭᠡᠭᠡᠨ ᠪᠣᠯᠣᠨ᠎ᠠ᠂ ᠲᠠᠮᠢᠷᠴᠢᠨ ᠮᠠᠰᠢ ᠰᠠᠶᠢᠨ ᠲᠡᠩᠴᠡᠭᠦᠷᠢᠲᠦ ᠴᠢᠳᠠᠪᠤᠷᠢ ᠪᠣᠯᠣᠨ ᠬᠤᠷᠴᠠ ᠮᠡᠳᠡᠷᠡᠮᠵᠢ ᠲᠠᠢ ᠪᠠᠶᠢᠬᠤ ᠶᠢ ᠱᠠᠭᠠᠷᠳᠠᠨ᠎ᠠ᠃      3.ᠤᠷᠠᠨ ᠲᠡᠰᠢᠯᠲᠡ᠄ ᠤᠷᠠᠯᠢᠭᠴᠢ ᠴᠢᠨᠠᠷ ᠢᠶᠠᠷ ᠨᠡᠯᠢᠶᠡᠳ ᠴᠢᠩᠭ᠎ᠠ ᠲᠡᠰᠢᠬᠦ  ᠬᠥᠳᠡᠯᠭᠡᠭᠡᠨ ᠪᠣᠯᠣᠨ᠎ᠠ᠂ ᠭᠤᠸ᠎ᠠ ᠰᠠᠶᠢᠬᠠᠨ ᠠᠮᠢᠳᠤᠯᠢᠭ ᠬᠥᠳᠡᠯᠦᠯ ᠪᠠᠷᠢᠯ ᠲᠠᠢ ᠪᠠᠶᠢᠬᠤ ᠬᠡᠷᠡᠭᠲᠡᠢ᠃      ᠮᠥᠰᠥᠨ ᠪᠥᠮᠪᠦᠭᠡ ᠪᠤᠶᠤ ᠮᠥᠰᠥᠨ ᠳᠡᠪᠦᠷ᠎ᠡ᠄      1.ᠮᠥᠰᠥᠨ ᠪᠥᠮᠪᠦᠭᠡ᠄ ᠨᠢᠭᠡ ᠵᠦᠢᠯ ᠤᠨ ᠪᠦᠯᠭᠦᠮ ᠨᠡᠶᠢᠳᠡ ᠶᠢᠨ ᠬᠠᠮᠲᠤᠷᠠᠬᠤ ᠬᠥᠳᠡᠯᠭᠡᠭᠡᠨ ᠮᠥᠨ᠂ ᠲᠠᠮᠢᠷᠴᠢᠳ ᠤᠨ ᠬᠤᠭᠤᠷᠣᠨᠳᠤ ᠪᠠᠨ ᠨᠢᠭᠲᠠ ᠬᠠᠮᠵᠢᠯᠴᠠᠬᠤ ᠶᠢ ᠱᠠᠭᠠᠷᠳᠠᠨ᠎ᠠ᠃ ᠤᠷᠤᠯᠳᠤᠭᠠᠨ ᠤ ᠴᠠᠭ ᠨᠢ ᠨᠡᠯᠢᠶᠡᠳ ᠣᠬᠤᠷ ᠪᠠᠶᠢᠵᠤ᠂ ᠲᠠᠮᠢᠷᠴᠢᠳ ᠤᠨ ᠳᠡᠭᠡᠳᠦ ᠬᠡᠮᠵᠢᠶᠡᠨ ᠤ ᠲᠥᠪᠯᠡᠷᠡᠯ ᠤᠨ ᠬᠦᠴᠦᠨ ᠪᠠ ᠳᠠᠭᠠᠭᠠᠴᠠ ᠶᠢ ᠰᠢᠯᠭᠠᠨ᠎ᠠ᠃      2.ᠮᠥᠰᠥᠨ ᠳᠡᠪᠦᠷ᠎ᠡ᠄ ᠬᠤᠶᠠᠷ ᠳᠤᠭᠤᠶᠢᠯᠠᠩ ᠮᠥᠰᠥᠨ ᠳᠡᠭᠡᠷ᠎ᠡ ᠤᠷᠤᠯᠳᠤᠨ᠎ᠠ᠂ ᠮᠥᠰᠥᠨ ᠳᠡᠪᠦᠷ᠎ᠡ ᠶᠢ ᠲᠦᠯᠬᠢᠵᠦ ᠬᠠᠷᠠᠯᠲᠠᠲᠤ ᠣᠷᠣᠨ ᠳᠤ ᠵᠣᠭᠰᠤᠭᠠᠬᠤ ᠪᠠᠷ ᠲᠠᠮᠵᠢᠨ ᠬᠤᠪᠢ ᠣᠯᠳᠠᠭ᠃      ᠴᠢᠷᠭ᠎ᠠ᠄      1.ᠴᠢᠷᠭ᠎ᠠ᠄ ᠴᠢᠷᠭ᠎ᠠ ᠪᠠᠷ ᠪᠠᠭᠠᠵᠢ ᠪᠣᠯᠭᠠᠨ᠂ ᠡᠬᠢᠯᠡᠵᠦ ᠭᠤᠯᠭᠤᠭᠰᠠᠨ ᠤ ᠳᠠᠷᠠᠭᠠᠬᠢ ᠢᠨᠧᠷᠼᠢ ᠪᠠᠷ ᠲᠠᠮᠵᠢᠨ ᠠᠭᠤᠯᠠᠨ ᠬᠥᠲᠥᠯ᠂ ᠮᠥᠰᠥᠨ ᠵᠠᠮ ᠢᠶᠠᠷ ᠲᠦᠷᠭᠡᠨ ᠭᠤᠯᠭᠤᠨ ᠪᠠᠭᠤᠳᠠᠭ ᠨᠢᠭᠡ ᠵᠦᠢᠯ ᠤᠨ ᠡᠪᠦᠯ ᠤᠨ ᠤᠯᠠᠷᠢᠯ ᠤᠨ ᠲᠠᠮᠢᠷ ᠤᠨ ᠬᠥᠳᠡᠯᠭᠡᠭᠡᠨ ᠪᠣᠯᠣᠨ᠎ᠠ᠃      2.ᠪᠣᠯᠣᠳ ᠵᠢᠶᠠᠰᠠᠲᠤ ᠴᠢᠷᠭ᠎ᠠ᠄  ᠬᠤᠷᠳᠤᠴᠠ ᠨᠢ ᠲᠤᠶᠢᠯ ᠤᠨ ᠲᠦᠷᠭᠡᠨ ᠪᠥᠭᠡᠳ ᠲᠣᠯᠣᠭᠠᠢ ᠶᠢᠨ ᠬᠡᠰᠡᠭ  ᠨᠢ ᠳᠣᠷᠣᠭᠰᠢ ᠬᠠᠨᠳᠤᠳᠠᠭ ᠪᠣᠯᠬᠤᠷ ᠠᠶᠤᠯ ᠲᠦᠭᠰᠢᠭᠦᠷᠢ ᠲᠠᠢ ᠪᠠᠶᠢᠳᠠᠭ᠂ ᠡᠶᠢᠮᠦ ᠠᠴᠠ ᠪᠣᠯᠣᠳ ᠵᠢᠶᠠᠰᠠᠲᠤ ᠴᠢᠷᠭ᠎ᠠ ᠶᠢ ᠡᠪᠦᠯ ᠤᠨ ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ ᠤ ᠤᠷᠤᠯᠳᠤᠭᠠᠨ ᠤ ᠲᠦᠷᠦᠯ ᠠᠴᠠ ᠬᠡᠳᠦᠨᠲᠡ ᠭᠠᠷᠭᠠᠭᠰᠠᠨ ᠭᠡᠳᠡᠭ᠃      ᠡᠪᠦᠯ ᠤᠨ ᠤᠯᠠᠷᠢᠯ ᠤᠨ ᠬᠤᠶᠠᠷ ᠲᠦᠷᠦᠯ᠄      ᠬᠡᠭᠡᠷᠡᠯᠡᠬᠦ ᠴᠡᠨᠡᠯᠡᠯᠲᠡ ᠪᠠ ᠫᠤᠤᠳᠠᠯᠭ᠎ᠠ᠄  ᠣᠨᠴᠠᠯᠢᠭ ᠨᠢ ᠠᠳᠠᠯᠢ ᠪᠤᠰᠤ ᠬᠤᠶᠠᠷ ᠵᠦᠢᠯ ᠤᠨ ᠤᠷᠤᠯᠳᠤᠭᠠᠨ ᠤ ᠵᠦᠢᠯ ᠢ ᠤᠶᠠᠯᠳᠤᠭᠤᠯᠤᠨ ᠤᠷᠤᠯᠳᠤᠳᠠᠭ ᠤᠷᠤᠯᠳᠤᠭᠠᠨ ᠪᠣᠯᠣᠨ᠎ᠠ᠂ ᠲᠠᠮᠢᠷᠴᠢᠳ ᠤᠨ ᠨᠡᠯᠢᠶᠡᠳ ᠴᠢᠩᠭ᠎ᠠ ᠬᠥᠳᠡᠯᠦᠯ ᠪᠠᠷᠢᠯ ᠤᠨ ᠰᠣᠯᠢᠭᠳᠠᠯ ᠪᠠ ᠵᠣᠬᠢᠴᠠᠬᠤ ᠴᠢᠳᠠᠪᠤᠷᠢ ᠶᠢ ᠱᠠᠭᠠᠷᠳᠠᠳᠠᠭ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号