ᠬᠤᠳᠤᠩ ᠠᠷᠠᠳ ᠤᠨ ᠲᠣᠭᠤᠷᠢᠭ ᠤᠨ ᠵᠠᠰᠠᠭ ᠤᠨ ᠣᠷᠳᠣᠨ ᠪᠠᠩᠬᠢ ᠶᠢᠨ ᠬᠠᠮᠲᠤᠷᠠᠯᠴᠠᠭ᠎ᠠ ᠶᠢᠨ ︽ᠨᠢᠭᠡ ᠶᠠᠪᠤᠳᠠᠯ︾ ᠢ ᠠᠬᠢᠭᠤᠯᠵᠤ᠂ ᠠᠵᠤ ᠠᠬᠤᠶᠢᠯᠠᠯ ᠤᠨ ︽ᠲᠦᠷᠭᠡᠨ ᠤ ᠵᠠᠮ︾ ᠢ ᠨᠡᠭᠡᠭᠡᠨ ᠡᠷᠭᠢᠯᠡᠬᠦ ᠶᠢ ᠪᠣᠶ ᠪᠣᠯᠭᠠᠪᠠ
ᠨᠡᠶᠢᠲᠡᠯᠡᠭᠰᠡᠨ ᠴᠠᠭ᠄
2024/1/23
      ᠬᠤᠳᠠᠯᠳᠤᠭ᠎ᠠ ᠡᠷᠭᠢᠯᠡᠬᠦ ᠣᠷᠴᠢᠨ ᠲᠣᠭᠤᠷᠢᠨ ᠢ ᠤᠯᠠᠮ ᠨᠢᠭᠡ ᠠᠯᠬᠤᠮ ᠰᠢᠯᠢᠳᠡᠭᠵᠢᠭᠦᠯᠬᠦ ᠶᠢᠨ ᠲᠥᠯᠥᠭᠡ᠂︽ᠨᠢᠭᠡ ᠯᠡ ᠤᠳᠠᠭ᠎ᠠ ᠳᠤ ᠰᠠᠶᠢᠲᠤᠷ ᠭᠦᠢᠴᠡᠳᠬᠡᠬᠦ︾ ᠦᠢᠯᠡᠴᠢᠯᠡᠭᠡᠨ ᠤ ᠠᠭᠤᠯᠤᠭᠳᠠᠬᠤᠨ ᠢ ᠥᠷᠭᠡᠳᠬᠡᠵᠦ᠂ ᠬᠤᠳᠤᠩ ᠠᠷᠠᠳ ᠤᠨ ᠲᠣᠭᠤᠷᠢᠭ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠨᠢ ᠵᠠᠰᠠᠭ ᠪᠠᠩᠬᠢ ᠶᠢᠨ ᠬᠠᠮᠲᠤᠷᠠᠯᠴᠠᠨ ᠬᠤᠯᠪᠣᠭᠠᠯᠠᠬᠤ ᠳᠠᠪᠠᠭᠤᠯᠢᠭ ᠢ ᠭᠦᠢᠴᠡᠳ ᠪᠠᠳᠠᠷᠠᠭᠤᠯᠤᠨ᠂ ᠪᠠᠩᠬᠢ ᠶᠢᠨ ᠡᠵᠡᠩᠨᠡᠯᠲᠡ ᠶᠢᠨ ᠲᠣᠣᠷ ᠴᠡᠭ ᠤᠨ ︽ᠠᠵᠤ ᠠᠬᠤᠶᠢᠯᠠᠯ ᠨᠢᠭᠡ ᠯᠡ ᠥᠷᠲᠡᠭᠡᠨ ᠤ ᠬᠡᠯᠪᠡᠷᠢ︾ ᠤᠨ ᠦᠢᠯᠡᠴᠢᠯᠡᠭᠡᠨ ᠤ ᠵᠠᠭᠪᠤᠷ ᠢ ᠠᠬᠢᠭᠤᠯᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠪᠠᠩᠬᠢ ᠶᠢᠨ ᠲᠣᠣᠷ ᠴᠡᠭ ᠲᠤ ᠬᠦᠷᠲᠡᠯ᠎ᠡ ᠤᠷᠲᠤᠳᠬᠠᠵᠤ᠂ ᠠᠵᠤ ᠠᠬᠤᠶᠢᠯᠠᠯ ᠤᠨ ᠨᠡᠭᠡᠭᠡᠨ ᠡᠷᠭᠢᠯᠡᠬᠦ ᠴᠠᠭ ᠢ ᠤᠯᠠᠮ ᠨᠢᠭᠡ ᠠᠯᠬᠤᠮ ᠪᠠᠭᠠᠰᠬᠠᠨ᠂ ᠠᠵᠤ ᠠᠬᠤᠶᠢᠯᠠᠯ ᠤᠨ ᠨᠡᠭᠡᠭᠡᠨ ᠡᠷᠭᠢᠯᠡᠬᠦ ᠶᠢᠨ ᠳᠥᠭᠦᠮᠴᠢᠯᠡᠯᠲᠡ ᠶᠢᠨ ᠬᠡᠮᠵᠢᠶ᠎ᠡ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃
     ᠠᠵᠤ ᠠᠬᠤᠶᠢᠯᠠᠯ ᠤᠨ ᠣᠯᠠᠨ ᠲᠦᠮᠡᠨ ᠤ ᠠᠵᠢᠯ ᠶᠠᠪᠤᠳᠠᠯ ᠰᠢᠢᠳᠪᠦᠷᠢᠯᠡᠬᠦ ᠳᠤ ︽ᠳᠠᠭᠢᠵᠤ ᠲᠥᠬᠦᠮ ᠦᠵᠡᠭᠦᠯᠬᠦ᠂ ᠳᠠᠭᠢᠵᠤ ᠴᠠᠭ ᠢ ᠪᠠᠭᠠᠰᠬᠠᠬᠤ  ᠳᠠᠭᠢᠵᠤ ᠳᠤᠲᠠᠭᠤ ᠵᠠᠮ ᠬᠥᠭᠡᠭᠡᠬᠦ᠂ ᠳᠠᠭᠢᠵᠤ ᠪᠣᠳᠠᠲᠤ ᠦᠷ᠎ᠡ ᠪᠦᠲᠦᠮᠵᠢ ᠶᠢ ᠨᠡᠮᠡᠭᠳᠡᠭᠦᠯᠬᠦ︾ ᠬᠠᠷᠠᠯᠲᠠ ᠶᠢ ᠪᠡᠶᠡᠯᠡᠭᠦᠯᠬᠦ ᠶᠢᠨ ᠲᠥᠯᠥᠭᠡ᠂ ᠬᠤᠳᠤᠩ ᠠᠷᠠᠳ ᠤᠨ ᠲᠣᠭᠤᠷᠢᠭ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠣᠲᠣ ᠶᠢᠨ ᠬᠡᠷᠡᠭᠵᠢᠭᠦᠯᠵᠦ ᠪᠠᠶᠢᠭ᠎ᠠ ᠲᠣᠣᠷ ᠴᠡᠭ ᠤᠨ ᠪᠠᠶᠢᠷᠢᠰᠢᠭᠤᠯᠤᠯᠲᠠ ᠵᠢᠴᠢ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠳᠠᠪᠠᠭᠤᠯᠢᠭ ᠢ ᠭᠦᠢᠴᠡᠳ ᠠᠰᠢᠭᠯᠠᠨ᠂ ᠪᠠᠩᠬᠢ ᠶᠢᠨ ᠲᠣᠣᠷ ᠴᠡᠭ ᠢ ᠣᠯᠠᠨ ᠲᠦᠮᠡᠨ ᠤ ᠳᠡᠷᠭᠡᠳᠡᠬᠢ ︽ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠬᠢᠮ︾ ᠪᠣᠯᠭᠠᠨ ᠪᠠᠶᠢᠭᠤᠯᠤᠭᠰᠠᠨ ᠪᠠᠶᠢᠨ᠎ᠠ᠃ ᠳᠤᠮᠳᠠᠳᠤ ᠤᠯᠤᠰ ᠤᠨ ᠲᠠᠷᠢᠶᠠᠯᠠᠩ ᠤᠨ ᠪᠠᠩᠬᠢ ᠶᠢᠨ ᠬᠥᠬᠡᠬᠤᠲᠠ ᠶᠢᠨ ᠰᠢᠨᠬᠤᠸᠠ ᠴᠢᠶᠣᠤ ᠰᠠᠯᠪᠤᠷᠢ ᠪᠠᠩᠬᠢ ᠲᠠᠢ ︽ᠵᠠᠰᠠᠭ ᠪᠠᠩᠬᠢ ᠶᠢᠨ ᠬᠠᠮᠲᠤᠷᠠᠯᠴᠠᠭ᠎ᠠ︾ ᠶᠢᠨ ᠤᠴᠢᠷ ᠶᠠᠪᠤᠳᠠᠯ ᠤᠨ ᠲᠤᠬᠠᠢ ᠭᠡᠷ᠎ᠡ ᠲᠣᠭᠲᠠᠵᠤ᠂ ᠲᠣᠰ ᠪᠠᠩᠬᠢ ᠬᠠᠷᠢᠶᠠᠨ ᠳᠠᠬᠢ 8 ᠡᠵᠡᠩᠨᠡᠯᠲᠡ ᠶᠢᠨ ᠲᠣᠣᠷ ᠴᠡᠭ ᠢ ᠰᠣᠩᠭᠤᠨ ᠠᠪᠴᠤ᠂ ᠪᠠᠩᠬᠢ ᠶᠢᠨ ᠲᠣᠣᠷ ᠴᠡᠭ ᠲᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠤᠰᠬᠠᠢ ᠣᠷᠣᠨ ᠭᠠᠷᠭᠠᠵᠤ᠂ ᠰᠦᠢᠳᠬᠡᠯ ᠬᠤᠷᠢᠶᠠᠬᠤ ᠦᠭᠡᠢ ᠪᠠᠷ ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ ᠦᠢᠯᠡᠴᠢᠯᠡᠭᠡ ᠬᠠᠩᠭᠠᠵᠤ᠂ ᠰᠢᠨ᠎ᠡ ᠪᠠᠷ ᠪᠠᠶᠢᠭᠤᠯᠤᠭᠰᠠᠨ ᠠᠵᠤ ᠠᠬᠤᠶᠢᠯᠠᠯ ᠤᠨ ᠰᠦᠯᠵᠢᠶᠡᠨ ᠳᠡᠭᠡᠷ᠎ᠡ ᠭᠤᠶᠤᠴᠢᠯᠠᠨ ᠮᠡᠳᠡᠭᠦᠯᠬᠦ᠂ ᠨᠡᠶᠢᠭᠡᠮ ᠤᠨ ᠳᠠᠭᠠᠳᠬᠠᠯ᠂ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠵᠡᠷᠭᠡ 6 ᠲᠥᠷᠥᠯ ᠤᠨ ︽ᠠᠵᠤ ᠠᠬᠤᠶᠢᠯᠠᠯ ᠨᠡᠭᠡᠭᠡᠨ ᠡᠷᠭᠢᠯᠡᠬᠦ︾ ᠵᠦᠢᠯᠡᠰ ᠢ ᠪᠠᠩᠬᠢ ᠶᠢᠨ ᠲᠣᠣᠷ ᠴᠡᠭ ᠲᠤ ᠣᠷᠣᠭᠤᠯᠵᠤ ᠰᠠᠭᠤᠯᠭᠠᠬᠤ ᠶᠢ ᠲᠦᠯᠬᠢᠨ ᠠᠬᠢᠭᠤᠯᠵᠤ᠂ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ︽ᠬᠠᠮᠤᠭ ᠡᠴᠦᠰ ᠤᠨ ᠨᠢᠭᠡ ᠺᠢᠯᠣᠮᠧᠲᠷ︾ ᠢ ᠨᠡᠪᠲᠡᠷᠡᠭᠦᠯᠪᠡ᠃      ᠤᠶᠠᠩᠭᠠᠲᠤ ᠮᠣᠳᠣ ᠶᠢ ᠳᠠᠷᠢᠪᠠᠯ ᠠᠯᠲᠠᠨ ᠭᠠᠷᠤᠳᠢ ᠶᠢ ᠲᠠᠲᠠᠵᠤ ᠠᠪᠴᠢᠷᠠᠨ᠎ᠠ᠃ ᠡᠵᠡᠩᠨᠡᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠬᠦ ᠳᠤ︽ᠬᠠᠮᠤᠭ ᠰᠠᠶᠢᠨ ᠭᠡᠵᠦ ᠪᠠᠶᠢᠬᠤ ᠦᠭᠡᠢ᠂ ᠵᠥᠪᠬᠡᠨ ᠨᠡᠩ ᠰᠠᠶᠢᠨ ᠭᠡᠵᠦ ᠪᠠᠶᠢᠬᠤ︾᠂ ᠳᠠᠷᠠᠭᠠᠴᠢ ᠶᠢᠨ ᠠᠯᠬᠤᠮ ᠳᠤ᠂ ᠬᠤᠳᠤᠩ ᠠᠷᠠᠳ ᠤᠨ ᠲᠣᠭᠤᠷᠢᠭ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ︽ᠵᠠᠰᠠᠭ ᠪᠠᠩᠬᠢ ᠶᠢᠨ ᠬᠠᠮᠲᠤᠷᠠᠯᠴᠠᠭ᠎ᠠ︾ ᠶᠢᠨ ᠪᠠᠩᠬᠢ ᠶᠢᠨ ᠲᠣᠣᠷ ᠴᠡᠭ ᠪᠠ ᠦᠢᠯᠡᠴᠢᠯᠡᠭᠡᠨ ᠤ ᠵᠦᠢᠯᠡᠰ ᠤᠨ ᠬᠦᠷᠢᠶ᠎ᠡ ᠬᠡᠪᠴᠢᠶ᠎ᠡ ᠪᠠᠨ ᠦᠷᠭᠦᠯᠵᠢᠯᠡᠨ ᠥᠷᠭᠡᠳᠬᠡᠵᠦ᠂ ᠦᠢᠯᠡᠳᠪᠦᠷᠢ ᠬᠤᠳᠠᠯᠳᠤᠭᠠᠨ ᠤ ᠪᠠᠩᠬᠢ᠂ ᠶᠢᠨ ᠬᠥ᠋ ᠪᠠᠩᠬᠢ᠂ ᠮᠣᠩᠭᠤᠯ ᠬᠤᠳᠠᠯᠳᠤᠭᠠᠨ ᠤ ᠪᠠᠩᠬᠢ ᠵᠡᠷᠭᠡ ᠣᠯᠠᠨ ᠪᠠᠩᠬᠢ ᠯᠤᠭ᠎ᠠ ︽ᠪᠠᠩᠬᠢ ᠶᠢᠨ ᠬᠠᠪᠰᠤᠷᠤᠨ ᠭᠦᠢᠴᠡᠳᠬᠡᠬᠦ︾ ᠵᠠᠭᠪᠤᠷ ᠢ ᠳᠡᠯᠭᠡᠷᠡᠭᠦᠯᠵᠦ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠪᠦᠷᠢᠳᠬᠡᠨ ᠳᠠᠩᠰᠠᠯᠠᠬᠤ ᠲᠤᠬᠠᠶᠢᠯᠠᠭᠰᠠᠨ ᠠᠵᠢᠯ ᠪᠠ ᠪᠠᠩᠬᠢ ᠶᠢᠨ ᠮᠥᠩᠭᠦᠨ ᠭᠦᠢᠯᠭᠡᠭᠡᠨ ᠤ ᠦᠢᠯᠡᠴᠢᠯᠡᠭᠡ ᠶᠢ ᠪᠦᠲᠦᠮᠵᠢᠲᠡᠶ ᠵᠣᠯᠭᠠᠭᠤᠯᠬᠤ ᠶᠢ ᠪᠡᠶᠡᠯᠡᠭᠦᠯᠵᠦ᠂ ᠠᠵᠤ ᠠᠬᠤᠶᠢᠯᠠᠯ ᠳᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠠᠯᠠᠭᠤᠨ ᠳᠤᠯᠠᠭᠠᠨ ᠪᠠ ᠬᠤᠷᠳᠤᠴᠠ ᠶᠢ ᠲᠠᠰᠤᠷᠠᠯᠲᠠ ᠦᠭᠡᠢ ᠤᠯᠠᠮᠵᠢᠯᠠᠨ ᠭᠠᠷᠭᠠᠵᠤ᠂ ᠠᠵᠤ ᠠᠬᠤᠶᠢᠯᠠᠯ ᠳᠤ ᠲᠡᠷᠢᠭᠦᠨ ᠲᠠᠰ ᠤᠨ ᠬᠤᠳᠠᠯᠳᠤᠭ᠎ᠠ ᠡᠷᠭᠢᠯᠡᠬᠦ ᠣᠷᠴᠢᠨ ᠲᠣᠭᠤᠷᠢᠨ ᠤ ᠪᠠᠲᠤᠯᠠᠭ᠎ᠠ ᠶᠢ ᠬᠠᠩᠭᠠᠨ᠎ᠠ᠃       ᠢᠷᠡᠯᠲᠡ᠄ ᠬᠤᠳᠤᠩ ᠠᠷᠠᠳ ᠤᠨ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠰᠦᠯᠵᠢᠶ᠎ᠡ
 
ᠢᠷᠡᠯᠲᠡ᠄ ᠬᠤᠲᠤᠩ ᠠᠷᠠᠳ ᠤᠨ ᠲᠣᠭᠤᠷᠢᠭ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号