ᠬᠠᠤᠯᠢ ᠴᠠᠭᠠᠵᠠ ᠶᠢᠨ ᠠᠵᠢᠯ ᠮᠡᠷᠭᠡᠵᠢᠯ ᠤᠨ ᠬᠠᠮᠲᠤ ᠶᠢᠨ ᠴᠣᠭᠴᠠ ᠶᠢ ᠪᠠᠶᠢᠭᠤᠯᠵᠤ ᠡᠷᠡᠭᠦᠦ ᠶᠢᠨ ᠬᠡᠷᠡᠭ ᠤᠨ ᠬᠠᠤᠯᠢ ᠴᠠᠭᠠᠵᠠ ᠶᠢᠨ ︽ᠬᠠᠮᠤᠭ ᠡᠴᠦᠰ ᠤᠨ ᠨᠢᠭᠡ ᠺᠢᠯᠣᠮᠧᠲᠷ︾ ᠢ ᠰᠠᠶᠢᠲᠤᠷ ᠬᠢᠨ᠎ᠡ
ᠨᠡᠶᠢᠲᠡᠯᠡᠭᠰᠡᠨ ᠴᠠᠭ᠄
2024/1/23
      1 ᠰᠠᠷ᠎ᠠ ᠶᠢᠨ 19 ᠤ ᠡᠳᠦᠷ ᠤᠨ ᠦᠳᠡ ᠶᠢᠨ ᠬᠤᠶᠢᠨ᠎ᠠ᠂ ᠬᠤᠳᠤᠩ ᠠᠷᠠᠳ ᠤᠨ ᠲᠣᠭᠤᠷᠢᠭ ᠤᠨ ᠨᠠᠮ ᠤᠨ ᠬᠤᠷᠢᠶ᠎ᠠ ᠶᠢᠨ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠪᠠᠷ ᠲᠦᠷᠦᠭᠦᠯᠡᠭᠦᠯᠦᠨ᠂ ᠬᠤᠳᠤᠩ ᠠᠷᠠᠳ ᠤᠨ ᠲᠣᠭᠤᠷᠢᠭ ᠤᠨ ᠠᠷᠠᠳ ᠤᠨ ᠪᠠᠶᠢᠴᠠᠭᠠᠬᠤ ᠬᠤᠷᠢᠶ᠎ᠠ ᠶᠢᠨ ᠲᠤᠭᠤᠷᠪᠢᠭᠰᠠᠨ ︽ᠡᠷᠡᠭᠦᠦ ᠶᠢᠨ ᠬᠡᠷᠡᠭ ᠤᠨ ᠲᠡᠰᠦᠯᠦᠨ ᠲᠣᠭᠲᠠᠭᠠᠯᠲᠠ ᠶᠢᠨ ᠡᠳ᠋ ᠬᠥᠷᠥᠩᠭᠡ ᠳᠤ ᠬᠤᠯᠪᠣᠭᠳᠠᠭᠰᠠᠨ ᠬᠡᠰᠡᠭ ᠢ ᠭᠦᠢᠴᠡᠳᠬᠡᠬᠦ ᠳᠤ ᠬᠢᠨᠠᠯᠲᠠ ᠲᠠᠯᠪᠢᠵᠤ ᠬᠠᠮᠵᠢᠯᠴᠠᠬᠤ ᠲᠣᠭᠲᠠᠴᠠ︾︽ᠬᠤᠷᠢᠭ᠎ᠠ ᠦᠭᠡᠢ ᠶᠠᠯᠠᠲᠠᠨ ᠢ ᠲᠤᠰᠢᠶᠠᠨ ᠥᠭᠴᠦ ᠡᠷᠡᠭᠦᠦ ᠰᠢᠳᠬᠡᠯ ᠭᠦᠢᠴᠡᠳᠬᠡᠭᠦᠯᠬᠦ ᠠᠵᠢᠯ ᠤᠨ ᠬᠠᠮᠵᠢᠯᠴᠠᠬᠤ ᠲᠣᠭᠲᠠᠴᠠ︾︵ᠳᠣᠷᠣᠭᠰᠢ ︽ᠬᠤᠶᠠᠷ ᠵᠦᠢᠯ ᠤᠨ ᠲᠣᠭᠲᠠᠴᠠ︾ ᠭᠡᠵᠦ ᠲᠣᠪᠴᠢᠯᠠᠨ᠎ᠠ︶ ᠳᠤ ᠭᠠᠷ ᠤᠨ ᠥᠰᠥᠭ ᠵᠢᠷᠤᠬᠤ ᠶᠣᠰᠣᠯᠠᠯ ᠮᠠᠨ ᠤ ᠬᠤᠷᠢᠶᠠᠨ ᠳᠤ ᠶᠠᠪᠤᠭᠳᠠᠪᠠ᠃
     ᠬᠥᠬᠡᠬᠤᠲᠠ ᠶᠢᠨ ᠠᠷᠠᠳ ᠤᠨ ᠪᠠᠶᠢᠴᠠᠭᠠᠬᠤ ᠬᠤᠷᠢᠶ᠎ᠠ᠂ ᠬᠤᠳᠤᠩ ᠠᠷᠠᠳ ᠤᠨ ᠲᠣᠭᠤᠷᠢᠭ ᠤᠨ ᠨᠠᠮ ᠤᠨ ᠬᠤᠷᠢᠶ᠎ᠠ ᠶᠢᠨ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ᠂ ᠠᠷᠠᠳ ᠤᠨ ᠰᠢᠭᠦᠬᠦ ᠬᠤᠷᠢᠶ᠎ᠠ᠂ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ᠂ ᠬᠠᠤᠯᠢ ᠴᠠᠭᠠᠵᠠ ᠶᠢᠨ ᠲᠣᠪᠴᠢᠶ᠎ᠠ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠭᠠᠷ ᠤᠨ ᠥᠰᠥᠭ ᠵᠢᠷᠤᠬᠤ ᠶᠣᠰᠣᠯᠠᠯ ᠳᠤ ᠣᠷᠣᠯᠴᠠᠪᠠ᠃
     ᠬᠤᠳᠤᠩ ᠠᠷᠠᠳ ᠤᠨ ᠲᠣᠭᠤᠷᠢᠭ ᠤᠨ ᠨᠠᠮ ᠤᠨ ᠬᠤᠷᠢᠶᠠᠨ ᠤ ᠤᠯᠤᠰ ᠲᠦᠷᠦ ᠬᠠᠤᠯᠢ ᠴᠠᠭᠠᠵᠠ ᠶᠢᠨ ᠬᠤᠷᠢᠶ᠎ᠠ ᠶᠢᠨ ᠳᠡᠳ᠋ ᠱᠦᠵᠢ ᠵᠢᠦᠢ ᠵᠢᠢ ᠭᠠᠩ ᠭᠠᠷ ᠤᠨ ᠦᠰᠦᠭ ᠵᠢᠷᠤᠬᠤ ᠶᠣᠰᠣᠯᠠᠯ ᠢ ᠡᠷᠬᠢᠯᠡᠪᠡ᠃ ᠮᠠᠨ ᠤ ᠬᠤᠷᠢᠶᠠᠨ ᠤ ᠪᠠᠶᠢᠴᠠᠭᠠᠬᠤ ᠺᠣᠮᠢᠰ ᠤᠨ ᠲᠤᠰᠬᠠᠢ ᠲᠤᠰᠢᠶᠠᠯᠲᠤ ᠭᠡᠰᠢᠭᠦᠨ ᠲᠢᠶᠠᠨ ᠵᠦ᠋ ᠶᠤᠸᠠᠨ ᠬᠤᠶᠠᠷ ᠵᠦᠢᠯ ᠤᠨ ᠲᠣᠭᠲᠠᠴᠠ ᠶᠢ ᠨᠡᠶᠢᠲᠡᠯᠡᠨ ᠬᠡᠷᠡᠭᠵᠢᠭᠦᠯᠦᠭᠰᠡᠨ ᠠᠬᠤᠢ ᠪᠠᠶᠢᠳᠠᠯ ᠪᠠ ᠠᠴᠢ ᠬᠤᠯᠪᠣᠭᠳᠠᠯ ᠢ ᠲᠠᠨᠢᠯᠴᠠᠭᠤᠯᠪᠠ᠃
     ᠡᠨᠡ ᠬᠤᠶᠠᠷ ᠵᠦᠢᠯ ᠤᠨ ᠲᠣᠭᠲᠠᠴᠠ ᠨᠢ ᠡᠷᠡᠭᠦᠦ ᠶᠢᠨ ᠬᠡᠷᠡᠭ ᠤᠨ ᠲᠠᠰᠤᠯᠤᠨ ᠲᠣᠭᠲᠠᠭᠠᠯᠲᠠ ᠶᠢᠨ ᠡᠳ᠋ ᠬᠥᠷᠥᠩᠭᠡ ᠳᠤ ᠬᠤᠯᠪᠣᠭᠳᠠᠭᠰᠠᠨ ᠬᠡᠰᠡᠭ ᠢ ᠭᠦᠢᠴᠡᠳᠬᠡᠬᠦ᠂ ᠬᠤᠷᠢᠭᠰᠠᠨ ᠦᠭᠡᠢ ᠶᠠᠯᠠᠳᠠᠨ ᠤ ᠲᠤᠰᠢᠶᠠᠨ ᠥᠭᠴᠦ ᠭᠦᠢᠴᠡᠳᠬᠡᠭᠦᠯᠬᠦ ᠡᠷᠡᠭᠦᠦ ᠰᠢᠳᠬᠡᠯ ᠤᠨ ᠠᠵᠢᠯ ᠤᠨ ᠵᠣᠯᠭᠠᠯᠳᠤᠭᠤᠯᠬᠤ᠂ ᠬᠠᠮᠵᠢᠯᠴᠠᠬᠤ ᠵᠡᠷᠭᠡ ᠲᠠᠯ᠎ᠠ ᠪᠠᠷ ᠣᠷᠣᠰᠢᠵᠤ ᠪᠠᠶᠢᠭ᠎ᠠ ᠪᠡᠷᠬᠡ ᠠᠰᠠᠭᠤᠳᠠᠯ᠂ ᠪᠡᠷᠬᠡ ᠴᠡᠭ ᠲᠤ ᠠᠩᠬᠠᠷᠤᠯ ᠢᠶᠠᠨ ᠲᠥᠪᠯᠡᠷᠡᠭᠦᠯᠵᠦ᠂ ᠮᠠᠨ ᠤ ᠬᠤᠷᠢᠶ᠎ᠠ ᠲᠤᠭᠤᠷᠪᠢᠨ ᠪᠢᠴᠢᠵᠦ᠂ ᠤᠯᠤᠰ ᠲᠦᠷᠤ ᠬᠠᠤᠯᠢ ᠴᠠᠭᠠᠵᠠ ᠶᠢᠨ ᠬᠤᠷᠢᠶ᠎ᠠ ᠠᠴᠠ ᠤᠯᠠᠨ ᠤᠳᠠᠭ᠎ᠠ ᠵᠢᠭᠠᠪᠤᠷᠢ ᠠᠪᠤᠭᠰᠠᠨ ᠪᠥᠭᠡᠳ ᠰᠠᠨᠠᠯ ᠬᠤᠷᠢᠶᠠᠬᠤ ᠨᠣᠣᠷᠠᠭ ᠤᠨ ᠬᠡᠯᠪᠡᠷᠢ ᠪᠠᠷ ᠳᠠᠮᠵᠢᠭᠤᠯᠤᠨ ᠡᠯ᠎ᠡ ᠤᠯᠤᠰ ᠲᠦᠷᠤ ᠬᠠᠤᠯᠢ ᠴᠠᠭᠠᠵᠠ ᠶᠢᠨ ᠪᠠᠶᠢᠭᠤᠯᠭ᠎ᠠ ᠶᠢᠨ ᠰᠠᠨᠠᠯ ᠢ ᠬᠤᠷᠢᠶᠠᠪᠠ᠃ ᠬᠤᠷᠠᠯ ᠳᠤ ᠣᠷᠣᠯᠴᠠᠭᠰᠠᠨ ᠨᠢᠭᠡᠴᠢ ᠶᠢᠨ ᠲᠥᠯᠥᠭᠡᠯᠡᠭᠴᠢ ᠬᠤᠶᠠᠷ ᠵᠦᠢᠯ ᠤᠨ ᠲᠣᠭᠲᠠᠴᠠ ᠳᠤ ᠭᠠᠷ ᠤᠨ ᠦᠰᠦᠭ ᠵᠢᠷᠤᠪᠠ᠂ ᠡᠭᠦᠨ ᠤ ᠵᠣᠷᠢᠯᠭ᠎ᠠ ᠨᠢ ᠳᠦᠷᠢᠮ ᠲᠣᠭᠲᠠᠭᠠᠯ ᠲᠣᠭᠲᠠᠭᠠᠬᠤ᠂ ᠬᠠᠮᠲᠤ ᠶᠢᠨ ᠲᠠᠨᠢᠯᠲᠠ ᠶᠢ ᠨᠢᠭᠲᠠᠷᠠᠭᠤᠯᠬᠤ ᠪᠠᠷ ᠳᠠᠮᠵᠢᠭᠤᠯᠤᠨ᠂ ᠬᠠᠤᠯᠢ ᠴᠠᠭᠠᠵᠠ ᠶᠢᠨ ᠠᠵᠢᠯ ᠮᠡᠷᠭᠡᠵᠢᠯ ᠤᠨ ᠬᠠᠮᠲᠤ ᠶᠢᠨ ᠴᠣᠭᠴᠠ ᠶᠢᠨ ᠰᠠᠶᠢᠨ ᠬᠤᠷᠰᠢᠯᠴᠠᠭ᠎ᠠ᠂ ᠬᠠᠮᠵᠢᠯᠴᠠᠭ᠎ᠠ᠂ ᠲᠤᠭ᠎ᠠ ᠪᠠᠷᠢᠮᠲᠠ ᠶᠢ ᠬᠠᠮᠲᠤ ᠪᠠᠷ ᠡᠳ᠋ᠯᠡᠬᠦ ᠶᠢ ᠠᠬᠢᠭᠤᠯᠵᠤ᠂ ᠡᠷᠡᠭᠦᠦ ᠰᠢᠳᠬᠡᠯ ᠢ ᠵᠥᠪ ᠣᠨᠣᠪᠴᠢᠲᠠᠢ ᠵᠢᠷᠤᠮᠵᠢᠭᠤᠨ ᠡᠮᠬᠢ ᠵᠢᠷᠤᠮ ᠲᠠᠢ ᠥᠨᠳᠥᠷ ᠪᠦᠲᠦᠮᠵᠢᠲᠡᠢ ᠬᠡᠷᠡᠭᠵᠢᠭᠦᠯᠬᠦ ᠶᠢ ᠬᠠᠮᠲᠤ ᠪᠠᠷ ᠠᠬᠢᠭᠤᠯᠵᠤ᠂ ᠡᠶ᠎ᠡ ᠵᠣᠬᠢᠴᠠᠩᠭᠤᠢ ᠲᠣᠭᠲᠠᠭᠤᠨ ᠬᠠᠤᠯᠢᠵᠢᠯ ᠤᠨ ᠨᠡᠶᠢᠭᠡᠮ ᠢ ᠬᠦᠴᠦ ᠪᠠᠨ ᠬᠠᠮᠲᠤᠳᠬᠠᠨ ᠪᠠᠶᠢᠭᠤᠯᠬᠤ ᠶᠢᠨ ᠲᠥᠯᠥᠭᠡ ᠶᠤᠮ᠃      ᠮᠠᠨ ᠤ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠪᠠᠶᠢᠴᠠᠭᠠᠬᠤ ᠳᠠᠷᠤᠭ᠎ᠠ ᠸᠠᠩ ᠯᠢ ᠰᠢᠩ ᠢᠯᠡᠷᠬᠡᠶᠢᠯᠡᠬᠦ ᠳᠡᠭᠡᠨ᠂ 2023 ᠣᠨ ᠳᠤ᠂ ᠮᠠᠨ ᠤ ᠬᠤᠷᠢᠶ᠎ᠠ ᠭᠤᠣᠯ ᠰᠡᠳᠦᠪᠲᠦ ᠰᠤᠷᠭᠠᠨ ᠬᠥᠮᠦᠵᠢᠯ ᠢᠶᠠᠷ ᠠᠵᠠ ᠲᠣᠬᠢᠶᠠᠯ ᠪᠣᠯᠭᠠᠵᠤ᠂ ᠳᠡᠭᠡᠳᠦ ᠱᠠᠲᠤᠨ ᠤ ᠪᠠᠶᠢᠴᠠᠭᠠᠬᠤ ᠬᠤᠷᠢᠶ᠎ᠠ ᠪᠣᠯᠣᠨ ᠲᠣᠭᠤᠷᠢᠭ ᠤᠨ ᠨᠠᠮ ᠤᠨ ᠬᠤᠷᠢᠶ᠎ᠠ ᠶᠢᠨ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠤᠳᠤᠷᠢᠳᠤᠯᠭ᠎ᠠ ᠳᠣᠣᠷ᠎ᠠ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ᠂ ᠠᠷᠠᠳ ᠤᠨ ᠰᠢᠭᠦᠬᠦ ᠬᠤᠷᠢᠶ᠎ᠠ᠂ ᠬᠠᠤᠯᠢ ᠴᠠᠭᠠᠵᠠ ᠶᠢᠨ ᠲᠣᠪᠴᠢᠶ᠎ᠠ ᠲᠠᠢ ᠬᠠᠮᠲᠤᠷᠠᠨ ᠬᠠᠮᠵᠢᠯᠴᠠᠵᠤ᠂ ᠡᠳ᠋ ᠬᠥᠷᠥᠩᠭᠡ ᠶᠢᠨ ᠡᠷᠡᠭᠦᠦ ᠶᠢ ᠢᠯᠭᠠᠷᠠᠭᠤᠯᠤᠨ ᠪᠠᠶᠢᠴᠠᠭᠠᠬᠤ ᠠᠵᠢᠯ ᠳᠤ ᠬᠢᠨᠠᠯᠲᠠ ᠲᠠᠯᠪᠢᠬᠤ᠂ ᠡᠷᠬᠡ ᠲᠤᠰᠢᠶᠠᠯ ᠢᠶᠠᠨ ᠠᠰᠢᠭᠯᠠᠨ ᠬᠢᠭᠰᠡᠨ ᠶᠠᠯᠠᠲᠤ ᠠᠵᠢᠯᠯᠠᠭ᠎ᠠ ᠶᠢᠨ ᠡᠳ᠋ ᠬᠥᠷᠥᠩᠭᠡ ᠶᠢ ᠬᠡᠰᠡᠭ ᠲᠠᠯ᠎ᠠ ᠪᠠᠷ ᠭᠦᠢᠴᠡᠳᠬᠡᠬᠦ ᠳᠤ ᠬᠤᠯᠪᠣᠭᠳᠠᠭᠰᠠᠨ ᠠᠵᠢᠯᠯᠠᠭ᠎ᠠ ᠵᠢᠴᠢ ᠪᠣᠳᠠᠲᠤ ᠡᠷᠡᠭᠦᠦ ᠪᠠᠷ ᠰᠢᠳᠬᠡᠯ ᠬᠤᠷᠢᠭᠰᠠᠨ ᠦᠭᠡᠢ ᠪᠠᠶᠢᠲᠠᠯ᠎ᠠ ᠭᠦᠢᠴᠡᠳᠬᠡᠭᠦᠯᠬᠦ ᠪᠠᠷ ᠲᠤᠰᠢᠶᠠᠨ ᠥᠭᠬᠦ ᠲᠤᠰᠬᠠᠢ ᠠᠵᠢᠯᠯᠠᠭ᠎ᠠ ᠶᠢ ᠥᠷᠨᠢᠭᠦᠯᠵᠦ᠂ ᠬᠤᠷᠢᠶᠠᠮᠵᠢᠯᠠᠨ ᠬᠤᠷᠢᠵᠤ ᠰᠢᠭᠦᠬᠦ ᠠᠴᠠ ᠡᠮᠦᠨ᠎ᠡ ᠬᠤᠷᠢᠭᠰᠠᠨ ᠦᠭᠡᠢ 18 ᠬᠥᠮᠥᠨ ᠢ ᠬᠤᠷᠢᠶᠠᠮᠵᠢᠯᠠᠨ ᠬᠤᠷᠢᠵᠤ᠂ 3 ᠲᠦᠮᠡ ᠭᠠᠷᠤᠢ ᠲᠥᠭᠦᠷᠢᠭ ᠤᠨ ᠡᠳ᠋ ᠬᠥᠷᠥᠩᠭᠡ ᠶᠢ ᠢᠯᠭᠠᠷᠠᠭᠤᠯᠤᠨ ᠪᠠᠶᠢᠴᠠᠭᠠᠵᠤ᠂ ᠨᠡᠬᠡᠮᠵᠢᠯᠡᠨ ᠲᠤᠰᠢᠶᠠᠯᠭᠠᠵᠤ᠂ ᠤᠯᠤᠰ ᠣᠷᠣᠨ ᠳᠤ ᠠᠵᠤ ᠠᠬᠤᠢ ᠶᠢᠨ ᠬᠤᠬᠢᠷᠠᠯ ᠢ ᠡᠭᠡᠭᠦᠯᠦᠨ ᠠᠪᠴᠢᠷᠠᠭᠰᠠᠨ ᠪᠠᠶᠢᠨ᠎ᠠ᠂ ᠡᠨᠡ ᠪᠣᠯ ᠤᠯᠠᠨ ᠢᠶᠠᠷ ᠢᠶᠠᠨ ᠬᠠᠮᠲᠤ ᠪᠠᠷ ᠴᠢᠷᠮᠠᠶᠢᠭᠰᠠᠨ ᠤ ᠦᠷ᠎ᠡ ᠳ᠋ᠦᠩ ᠮᠥᠨ᠃ ᠬᠤᠶᠠᠷ ᠵᠦᠢᠯ ᠤᠨ ᠲᠣᠭᠲᠠᠴᠠ ᠶᠢ ᠨᠡᠶᠢᠲᠡᠯᠡᠨ ᠬᠡᠷᠡᠭᠵᠢᠭᠦᠯᠦᠭᠰᠡᠨ ᠨᠢ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠳᠤ ᠴᠢᠬᠤᠯᠠᠴᠢᠯᠠᠭᠰᠠᠨ ᠬᠠᠤᠯᠢ ᠪᠠᠷ ᠵᠠᠰᠠᠬᠤ ᠵᠠᠮ ᠳᠡᠭᠡᠷ᠎ᠡ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠪᠣᠳᠠᠲᠠᠢ ᠠᠵᠢᠯᠯᠠᠭ᠎ᠠ ᠮᠥᠨ᠂ ᠡᠨᠡ ᠨᠢ ᠡᠷᠡᠭᠦᠦ ᠶᠢᠨ ᠬᠡᠷᠡᠭ ᠤᠨ ᠲᠠᠰᠤᠯᠤᠨ ᠲᠣᠭᠲᠠᠭᠠᠯᠲᠠ ᠶᠢᠨ ᠡᠳ᠋ ᠬᠥᠷᠥᠩᠭᠡ ᠶᠢᠨ ᠬᠡᠰᠡᠭ ᠢ ᠭᠦᠢᠴᠡᠳᠬᠡᠬᠦ᠂ ᠰᠢᠭᠦᠬᠦ ᠠᠴᠠ ᠡᠮᠦᠨ᠎ᠡ ᠬᠤᠷᠢᠭᠰᠠᠨ ᠦᠭᠡᠢ ᠪᠠᠷ ᠲᠤᠰᠢᠶᠠᠨ ᠥᠭᠴᠦ ᠭᠦᠢᠴᠡᠳᠬᠡᠭᠦᠯᠬᠦ ᠳᠤ ᠬᠤᠯᠪᠣᠭᠳᠠᠭᠰᠠᠨ ᠬᠦᠴᠢᠷ ᠠᠰᠠᠭᠤᠳᠠᠯ ᠢ ᠰᠢᠢᠳᠪᠦᠷᠢᠯᠡᠬᠦ ᠳᠤ ᠠᠰᠢᠭᠲᠠᠢ ᠶᠤᠮ᠃ ᠮᠠᠨ ᠤ ᠬᠤᠷᠢᠶ᠎ᠠ ᠲᠤᠰᠢᠶᠠᠯ ᠬᠠᠷᠢᠭᠤᠴᠠᠯᠭ᠎ᠠ ᠪᠠᠨ ᠴᠢᠳᠠᠮᠠᠭᠠᠢ ᠪᠠᠷ ᠭᠦᠢᠴᠡᠳᠬᠡᠵᠦ᠂ ᠲᠤᠰᠢᠶᠠᠯ ᠬᠠᠷᠢᠭᠤᠴᠠᠯᠭ᠎ᠠ ᠪᠠᠨ ᠶᠡᠷᠦᠩᠬᠡᠶᠢᠯᠡᠨ ᠭᠦᠢᠴᠡᠳᠬᠡᠵᠦ᠂ ᠲᠤᠰᠢᠶᠠᠯ ᠬᠠᠷᠢᠭᠤᠴᠠᠯᠭ᠎ᠠ ᠪᠠᠨ ᠨᠢᠭᠡ ᠴᠣᠭᠴᠠᠵᠢᠭᠤᠯᠤᠨ ᠭᠦᠢᠴᠡᠳᠬᠡᠬᠦ ᠵᠠᠭᠪᠤᠷ ᠢ ᠠᠯᠬᠤᠮ ᠠᠯᠬᠤᠮ ᠢᠶᠠᠷ ᠪᠤᠢ ᠪᠣᠯᠭᠠᠵᠤ᠂ ᠡᠯ᠎ᠡ ᠨᠢᠭᠡᠴᠢ ᠶᠢᠨ ᠪᠠᠶᠢᠩᠭᠤᠵᠢᠭᠰᠠᠨ᠂ ᠳᠦᠷᠢᠮᠵᠢᠭᠰᠡᠨ ᠬᠠᠮᠵᠢᠯᠴᠠᠭ᠎ᠠ ᠶᠢ ᠲᠦᠯᠬᠢᠨ ᠠᠬᠢᠭᠤᠯᠵᠤ᠂ ᠬᠤᠶᠠᠷ ᠵᠦᠢᠯ ᠤᠨ ᠲᠣᠭᠲᠠᠴᠠ ᠶᠢ ᠨᠠᠶᠢᠳᠠᠪᠤᠷᠢᠵᠢᠭᠤᠯᠤᠨ ᠬᠦᠴᠦᠨ ᠲᠠᠢ ᠪᠣᠯᠭᠠᠵᠤ᠂ ᠬᠠᠤᠯᠢ ᠪᠠᠷ ᠵᠠᠰᠠᠬᠤ ᠬᠦᠴᠦᠨ ᠢᠶᠠᠷ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠪᠠᠲᠤᠯᠠᠬᠤ ᠳᠤ ᠦᠢᠯᠡᠴᠢᠯᠡᠨ᠎ᠡ᠃
     ᠬᠥᠬᠡᠬᠤᠲᠠ ᠶᠢᠨ ᠠᠷᠠᠳ ᠤᠨ ᠪᠠᠶᠢᠴᠠᠭᠠᠬᠤ ᠬᠤᠷᠢᠶᠠᠨ ᠤ ᠪᠠᠶᠢᠴᠠᠭᠠᠬᠤ ᠺᠣᠮᠢᠰ ᠤᠨ ᠲᠤᠰᠬᠠᠢ ᠲᠤᠰᠢᠶᠠᠯᠲᠤ ᠭᠡᠰᠢᠭᠦᠨ ᠴᠢᠶᠣᠤ ᠬᠠᠢ ᠪᠢᠶᠣᠣ ᠬᠤᠳᠤᠩ ᠠᠷᠠᠳ ᠤᠨ ᠲᠣᠭᠤᠷᠢᠭ ᠤᠨ ᠨᠠᠮ ᠤᠨ ᠬᠤᠷᠢᠶᠠᠨ ᠤ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠵᠢᠴᠢ ᠡᠯ᠎ᠡ ᠤᠯᠤᠰ ᠲᠥᠷᠥ ᠬᠠᠤᠯᠢ ᠴᠠᠭᠠᠵᠠ ᠶᠢᠨ ᠪᠠᠶᠢᠭᠤᠯᠤᠯᠭ᠎ᠠ ᠶᠢᠨ ᠪᠠᠶᠢᠴᠠᠭᠠᠬᠤ ᠠᠵᠢᠯ ᠢ ᠳᠡᠮᠵᠢᠭᠰᠡᠨ ᠳᠤ ᠴᠢᠩ ᠰᠡᠳᠬᠢᠯ ᠠᠴᠠ ᠪᠠᠨ ᠲᠠᠯᠠᠷᠬᠠᠵᠤ ᠪᠠᠶᠢᠬᠤ ᠪᠠᠨ ᠢᠯᠡᠳᠬᠡᠪᠡ᠃ ᠬᠤᠳᠤᠩ ᠠᠷᠠᠳ ᠤᠨ ᠲᠣᠭᠤᠷᠢᠭ ᠤᠨ ᠠᠷᠠᠳ ᠤᠨ ᠪᠠᠶᠢᠴᠠᠭᠠᠬᠤ ᠬᠤᠷᠢᠶ᠎ᠠ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠮᠵᠢ ᠶᠢ ᠢᠳᠡᠪᠬᠢᠲᠡᠢ ᠪᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠬᠥᠳᠡᠯᠭᠡᠭᠴᠢ ᠬᠦᠴᠦᠨ ᠪᠣᠯᠭᠠᠨ ᠬᠤᠪᠢᠷᠠᠭᠤᠯᠵᠤ᠂ ᠡᠷᠡᠭᠦᠦ ᠰᠢᠳᠬᠡᠯ ᠢ ᠭᠦᠢᠴᠡᠳᠬᠡᠬᠦ ᠳᠤ ᠬᠢᠨᠠᠯᠲᠠ ᠲᠠᠯᠪᠢᠬᠤ ᠲᠤᠰᠬᠠᠢ ᠠᠵᠢᠯᠯᠠᠭ᠎ᠠ ᠶᠢᠨ ᠳᠤᠮᠳᠠ ᠪᠣᠳᠠᠲᠤ ᠦᠷ᠎ᠡ ᠪᠦᠲᠦᠮᠵᠢ ᠣᠯᠣᠭᠰᠠᠨ ᠪᠥᠭᠡᠳ ᠲᠤᠷᠰᠢᠯᠭ᠎ᠠ ᠪᠠᠨ ᠴᠠᠭ ᠲᠤᠬᠠᠢ ᠳᠤᠨᠢ ᠳ᠋ᠦᠩᠨᠡᠵᠦ᠂ ᠦᠷ᠎ᠡ ᠪᠦᠲᠦᠭᠡᠯ ᠤᠨ ᠬᠤᠪᠢᠷᠠᠭᠤᠯᠤᠯᠲᠠ ᠶᠢ ᠠᠬᠢᠭᠤᠯᠵᠤ᠂ ᠬᠤᠶᠢᠰᠢᠳᠠ ᠶᠢᠨ ᠡᠷᠡᠭᠦᠦ ᠰᠢᠳᠬᠡᠯ ᠢ ᠭᠦᠢᠴᠡᠳᠬᠡᠬᠦ ᠳᠤ ᠬᠢᠨᠠᠯᠲᠠ ᠲᠠᠯᠪᠢᠬᠤ ᠠᠵᠢᠯ ᠢ ᠪᠠᠶᠢᠩᠭᠤᠵᠢᠭᠤᠯᠤᠨ ᠥᠷᠨᠢᠭᠦᠯᠬᠦ ᠳᠤ ᠰᠠᠭᠠᠳ ᠦᠭᠡᠢ ᠨᠡᠪᠲᠡᠷᠡᠬᠦ ᠠᠷᠭ᠎ᠠ ᠵᠠᠮ ᠢ ᠨᠡᠪᠲᠡᠷᠡᠭᠦᠯᠪᠡ᠃
     ᠲᠠᠷᠠᠭᠠᠴᠢ ᠶᠢᠨ ᠠᠯᠬᠤᠮ ᠳᠤ᠂ ᠮᠠᠨ ᠤ ᠬᠤᠷᠢᠶ᠎ᠠ ᠠᠷᠠᠳ ᠣᠯᠠᠨ ᠤ ᠡᠷᠡᠭᠦᠦ ᠰᠢᠳᠬᠡᠯ ᠢ ᠲᠥᠪ ᠭᠤᠥᠯᠴᠢ ᠪᠠᠷ ᠭᠦᠢᠴᠡᠳᠬᠡᠬᠦ ᠨᠠᠩ ᠥᠨᠳᠥᠷ ᠱᠠᠭᠠᠷᠳᠠᠯᠭ᠎ᠠ ᠶᠢ ᠬᠠᠩᠭᠠᠬᠤ ᠪᠠᠷ ᠬᠠᠷᠠᠯᠲᠠ ᠪᠣᠯᠭᠠᠵᠤ᠂ ᠬᠤᠶᠠᠷ ᠵᠦᠢᠯ ᠤᠨ ᠲᠣᠭᠲᠠᠴᠠ ᠶᠢᠨ ᠠᠵᠢᠯᠯᠠᠭᠠᠨ ᠤ ᠳᠤᠮᠳᠠ ᠢᠯᠡᠷᠡᠭᠦᠯᠦᠭᠰᠡᠨ ᠠᠰᠠᠭᠤᠳᠠᠯ ᠢ ᠴᠠᠭ ᠲᠤᠬᠠᠢ ᠳᠤᠨᠢ ᠡᠮᠬᠢᠯᠡᠨ ᠳ᠋ᠦᠩᠨᠡᠬᠦ ᠶᠢᠨ ᠬᠠᠮᠲᠤ ᠡᠯ᠎ᠡ ᠤᠯᠤᠰ ᠲᠥᠷᠥ ᠬᠠᠤᠯᠢ ᠴᠠᠭᠠᠵᠠ ᠶᠢᠨ ᠪᠠᠶᠢᠭᠤᠯᠭ᠎ᠠ ᠲᠠᠢ ᠵᠥᠪᠳᠡᠯᠴᠡᠨ ᠵᠥᠪᠳᠡᠯᠴᠡᠵᠦ᠂ ᠤᠯᠠᠮ ᠨᠢᠭᠡ ᠠᠯᠬᠤᠮ ᠵᠠᠰᠠᠪᠤᠷᠢ ᠣᠷᠣᠭᠤᠯᠤᠨ ᠲᠡᠭᠦᠯᠳᠡᠷᠵᠢᠭᠦᠯᠵᠦ᠂ ᠬᠠᠤᠯᠢ ᠪᠠᠷᠢᠬᠤ ᠨᠡᠶᠢᠯᠡᠮᠡᠯ ᠬᠦᠴᠦᠨ ᠢ ᠨᠢᠭᠲᠠᠷᠠᠭᠤᠯᠤᠨ᠂ ᠡᠷᠡᠭᠦᠦ ᠰᠢᠳᠬᠡᠯ ᠤᠨ ᠨᠢᠭᠡᠳᠦᠯᠲᠡᠢ ᠪᠥᠭᠡᠳ ᠵᠥᠪ ᠬᠡᠷᠡᠭᠵᠢᠭᠦᠯᠦᠭᠳᠡᠬᠦ ᠶᠢ ᠬᠠᠮᠠᠭᠠᠯᠠᠵᠤ᠂ ᠡᠷᠡᠭᠦᠦ ᠶᠢᠨ ᠬᠡᠷᠡᠭ ᠤᠨ ᠬᠠᠤᠯᠢ ᠪᠠᠷᠢᠬᠤ ︽ᠬᠠᠮᠤᠭ ᠡᠴᠦᠰ ᠤᠨ ᠨᠢᠭᠡ ᠺᠢᠯᠣᠮᠧᠲᠷ︾ ᠢ ᠯᠠᠪᠳᠠᠭᠤᠨ ᠪᠥᠭᠡᠳ ᠰᠠᠶᠢᠲᠤᠷ ᠶᠠᠪᠤᠬᠤ ᠪᠣᠯᠣᠨ᠎ᠠ᠃       ᠢᠷᠡᠯᠲᠡ᠄ ᠬᠤᠲᠤᠩ ᠠᠷᠠᠳ ᠤᠨ ᠲᠣᠭᠤᠷᠢᠭ ᠤᠨ ᠵᠠᠰᠠᠭ ᠤᠨ ᠣᠷᠳᠤᠨ ᠤ ᠠᠯᠪᠠᠨ ᠰᠦᠯᠵᠢᠶ᠎ᠡ
 
ᠢᠷᠡᠯᠲᠡ᠄ ᠬᠤᠲᠤᠩ ᠠᠷᠠᠳ ᠤᠨ ᠲᠣᠭᠤᠷᠢᠭ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号