ᠥᠪᠥᠷ ᠮᠣᠩᠭᠤᠯ ᠮᠦᠽᠧᠢ 1768 ᠲᠠᠯᠠᠪᠠᠢ ᠰᠤᠷᠭᠠᠨ ᠬᠥᠮᠦᠵᠢᠯ ᠤᠨ ᠠᠵᠢᠯᠯᠠᠭ᠎ᠠ ᠥᠷᠨᠢᠭᠦᠯᠵᠡᠢ
ᠨᠡᠶᠢᠲᠡᠯᠡᠭᠰᠡᠨ ᠴᠠᠭ᠄
2024/1/23
      2023 ᠣᠨ ᠳᠤ ᠥᠪᠥᠷ ᠮᠣᠩᠭᠤᠯ ᠮᠦᠽᠧᠢ ᠨᠡᠶᠢᠭᠡᠮ ᠤᠨ ᠰᠤᠷᠭᠠᠨ ᠬᠥᠮᠦᠵᠢᠯ ᠤᠨ ᠠᠵᠢᠯᠯᠠᠭ᠎ᠠ ᠶᠢ ᠲᠠᠰᠤᠷᠠᠯᠲᠠ ᠦᠭᠡᠢ ᠪᠠᠶᠠᠯᠢᠭᠵᠢᠭᠤᠯᠤᠨ᠂︽ᠪᠠᠶᠠᠰᠤᠯᠳᠤ ᠬᠢᠴᠢᠶᠡᠯ ᠤᠨ ᠲᠠᠩᠬᠢᠮ︾᠂ ︽ᠪᠢᠴᠢᠬᠠᠨ ᠲᠠᠶᠢᠯᠪᠤᠷᠢᠯᠠᠭᠴᠢ︾᠂︽ᠪᠢᠳᠠᠨ ᠤ ᠪᠠᠶᠠᠷ ᠤᠨ ᠡᠳᠦᠷ︾᠂ ︽ᠡᠷᠳᠡᠮ ᠤᠨ ᠴᠢᠭᠤᠯᠭᠠᠨ ᠶᠠᠷᠢᠶᠠᠨ ᠤ ᠲᠠᠪᠴᠠᠩ︾᠂︽ᠨᠡᠭᠦᠳᠡᠯ ᠲᠣᠭᠠᠴᠢᠯᠠᠭᠰᠠᠨ ᠮᠦᠽᠧᠢ︾ ᠵᠡᠷᠭᠡ 10 ᠶᠡᠭᠡ ᠨᠡᠶᠢᠭᠡᠮ ᠤᠨ ᠰᠤᠷᠭᠠᠨ ᠬᠥᠮᠦᠵᠢᠯ ᠤᠨ ᠠᠵᠢᠯᠯᠠᠭ᠎ᠠ ᠶᠢ ᠪᠦᠷᠢᠯᠳᠦᠭᠦᠯᠵᠦ᠂ ᠪᠦᠬᠦ ᠵᠢᠯ ᠳᠤ ᠨᠡᠶᠢᠲᠡ 1768 ᠲᠠᠯᠠᠪᠠᠢ ᠰᠤᠷᠭᠠᠨ ᠬᠥᠮᠦᠵᠢᠯ ᠤᠨ ᠠᠵᠢᠯᠯᠠᠭ᠎ᠠ ᠥᠷᠨᠢᠭᠦᠯᠦᠨ᠂ ᠠᠬᠤᠢ ᠳᠠᠯᠠᠪᠠᠢ ᠳᠤ 12.5 ᠲᠦᠮᠡᠨ ᠬᠥᠮᠥᠨ ︵ᠤᠳᠠᠭ᠎ᠠ︶ ᠤᠷᠤᠯᠴᠠᠵᠦ᠂ 292.7 ᠲᠦᠮᠡᠨ ᠬᠥᠮᠥᠨ ︵ᠤᠳᠠᠭ᠎ᠠ︶ ᠰᠦᠯᠵᠢᠶᠡᠨ ᠳᠡᠭᠡᠷ᠎ᠡ ᠠᠴᠠ ᠠᠵᠢᠯᠯᠠᠭ᠎ᠠ ᠳᠤ ᠣᠷᠣᠯᠴᠠᠪᠠ᠃      ᠥᠩᠭᠡᠷᠡᠭᠰᠡᠨ ᠨᠢᠭᠡ ᠵᠢᠯ ᠳᠤ ᠲᠤᠰ ᠮᠦᠽᠧᠢ ᠰᠤᠷᠭᠠᠨ ᠬᠥᠮᠦᠵᠢᠯ ᠤᠨ ᠬᠠᠮᠲᠤᠷᠠᠯᠴᠠᠭᠠᠨ ᠤ ᠲᠣᠭᠲᠠᠴᠠ ᠶᠢᠨ ᠰᠢᠨ᠎ᠡ ᠶᠢ ᠡᠭᠦᠳᠦᠨ 10 ᠶᠡᠭᠡ ᠳᠡᠭᠡᠳᠦ ᠰᠤᠷᠭᠠᠭᠤᠯᠢ ᠪᠠ ᠳᠤᠮᠳᠠᠳᠤ ᠪᠠᠭ᠎ᠠ ᠰᠤᠷᠭᠠᠭᠤᠯᠢ ᠲᠠᠢ ᠬᠠᠮᠲᠤᠷᠠᠨ ︽ᠮᠦᠽᠧᠢ ᠰᠤᠷᠭᠠᠭᠤᠯᠢ ᠬᠠᠮᠲᠤᠷᠠᠭᠰᠠᠨ ᠰᠤᠷᠭᠠᠨ ᠬᠥᠮᠦᠵᠢᠯ ᠤᠨ ᠬᠤᠯᠪᠣᠭ᠎ᠠ︾ ᠪᠠᠶᠢᠭᠤᠯᠵᠤ᠂ ᠰᠣᠶᠣᠯ ᠵᠢᠭᠤᠯᠴᠢᠯᠠᠯ ᠤᠨ ᠰᠥᠨᠢ ᠶᠢᠨ ᠬᠡᠷᠡᠭᠯᠡᠭᠡᠨ ᠤ ᠰᠢᠨ᠎ᠡ ᠬᠠᠨᠳᠤᠰᠢ ᠳᠤ ᠵᠣᠬᠢᠴᠠᠭᠤᠯᠵᠤ ︽ᠰᠥᠨᠢ ᠶᠢᠨ ᠵᠢᠭᠤᠯᠴᠢᠯᠠᠯ︾ ᠪᠠ ︽ᠬᠤᠨᠤᠭ ᠤᠨ ᠵᠢᠭᠤᠯᠴᠢᠯᠠᠯ︾ ᠢᠶᠠᠷ ᠣᠨᠴᠠᠯᠢᠭ ᠪᠣᠯᠭᠠᠨ ᠤᠯᠤᠰ ᠤᠨ ᠡᠷᠳᠡᠨᠢ ᠶᠢ ᠬᠠᠶᠢᠨ ᠰᠦᠪᠡᠭᠴᠢᠯᠡᠬᠦ᠂ ᠲᠣᠭᠤᠷᠢᠨ ᠦᠵᠡᠬᠦ᠂ ᠰᠤᠳᠤᠯᠤᠨ ᠰᠤᠷᠤᠯᠴᠠᠬᠤ ᠦᠢᠯᠡᠳᠦᠯᠭᠡ᠂ ᠤᠷᠠᠯᠢᠭ ᠤᠨ ᠴᠤᠭᠯᠠᠭᠠᠨ ᠵᠡᠷᠭᠡ ᠠᠵᠢᠯᠯᠠᠭ᠎ᠠ ᠥᠷᠨᠢᠭᠦᠯᠵᠡᠢ︔ ᠲᠡᠦᠬᠡ ᠶᠢᠨ ᠳᠤᠷᠠᠰᠬᠠᠯᠲᠤ ᠵᠦᠢᠯᠡᠰ ᠤᠨ ᠮᠡᠳᠡᠯᠭᠡ ᠶᠢ ᠲᠦᠭᠡᠮᠡᠯᠵᠢᠭᠦᠯᠦᠨ᠂ ᠪᠥᠬᠦ ᠵᠢᠯ ᠳᠤ 5 ᠤᠳᠠᠭ᠎ᠠ ᠶᠢᠨ ᠨᠡᠶᠢᠲᠡ ᠶᠢᠨ ᠠᠰᠠᠷᠠᠮᠵᠢ ᠶᠢᠨ ᠰᠢᠯᠭᠠᠨ ᠲᠣᠭᠲᠠᠭᠠᠯᠲᠠ ᠶᠢᠨ ᠵᠥᠪᠯᠡᠯᠭᠡ ᠥᠭᠬᠦ ᠠᠵᠢᠯᠯᠠᠭ᠎ᠠ ᠥᠷᠨᠢᠭᠦᠯᠵᠦ᠂ 120 ᠭᠠᠷᠤᠢ ᠡᠳ᠋ ᠡᠷᠳᠡᠨᠢᠰ ᠢ ᠬᠢᠨᠠᠨ ᠰᠢᠯᠭᠠᠪᠠ᠃ ᠪᠠᠰᠠ ᠴᠤᠤᠷᠢᠶ᠎ᠠ ᠪᠠ ᠵᠢᠷᠭᠢᠶ᠎ᠡ ᠶᠢᠨ ᠸᠢᠳᠢᠤ᠋ ᠶᠢᠨ ᠳ᠋ᠤᠭᠠᠷ ᠲᠠᠭᠠᠨ ︽ᠠᠯᠳᠠᠨ ᠮᠧᠳᠠᠯᠳᠦ ᠲᠠᠶᠢᠯᠪᠤᠷᠢᠯᠠᠭᠴᠢ ᠲᠡᠦᠬᠡ ᠶᠢᠨ ᠳᠤᠷᠠᠰᠬᠠᠯᠲᠤ ᠵᠦᠢᠯᠡᠰ ᠢ ᠲᠠᠶᠢᠯᠪᠤᠷᠢᠯᠠᠬᠤᠢ︾ ᠲᠤᠰᠬᠠᠢ ᠰᠡᠳᠦᠪᠲᠦ ᠮᠡᠳᠡᠭᠡᠯᠡᠯ ᠢ 20 ᠬᠤᠭᠤᠴᠠᠭ᠎ᠠ ᠬᠢᠵᠦ᠂ ᠰᠢᠨᠬᠤᠸᠠ ᠰᠦᠯᠵᠢᠶ᠎ᠡ ᠲᠠᠢ ᠬᠠᠮᠲᠤᠷᠠᠯᠴᠠᠨ ︽ᠲᠠᠯ᠎ᠠ ᠨᠤᠲᠤᠭ ᠤᠨ ᠡᠷᠳᠡᠨᠢᠰ ᠤᠨ ᠰᠠᠩ· ᠭᠡᠷ ᠣᠷᠣᠨ︾ ᠭᠡᠬᠦ ᠲᠤᠰᠬᠠᠢ ᠰᠡᠳᠦᠪᠲᠦ ᠪᠤᠯᠤᠩ ᠤᠨ ᠳᠥᠷᠪᠡᠳᠦᠭᠡᠷ ᠤᠯᠠᠷᠢᠯ ᠤᠨ ᠬᠤᠶᠠᠳᠤᠭᠠᠷ ᠬᠤᠭᠤᠴᠠᠭᠠᠨ ᠤ ᠫᠷᠣᠭ᠍ᠷᠠᠮ ᠢ ᠦᠢᠯᠡᠳᠴᠦ᠂ ᠬᠥᠮᠥᠰ ᠤᠨ ᠣᠯᠠᠨ ᠶᠠᠩᠵᠤᠲᠤ᠂ ᠣᠯᠠᠨ ᠲᠠᠰ ᠳᠠᠪᠬᠤᠷᠭ᠎ᠠ᠂ ᠣᠯᠠᠨ ᠲᠠᠯ᠎ᠠ ᠶᠢᠨ ᠰᠣᠶᠣᠯ ᠤᠨ ᠬᠡᠷᠡᠭᠴᠡᠭᠡ ᠶᠢ ᠬᠠᠩᠭᠠᠭᠰᠠᠨ ᠪᠠᠶᠢᠨ᠎ᠠ᠃ ᠲᠤᠰ ᠵᠢᠯ ᠳᠤ ᠥᠪᠥᠷ ᠮᠣᠩᠭᠤᠯ ᠮᠦᠽᠧᠢ ᠪᠥᠬᠦ ᠤᠯᠤᠰ ᠤᠨ ᠵᠠᠯᠠᠭᠤᠴᠤᠳ ᠤᠨ ᠪᠣᠯᠪᠠᠰᠤᠨ ᠤ ᠢᠷᠠᠭᠤ ᠠᠯᠳᠠᠷ ᠤᠨ ᠴᠣᠯᠠ ᠶᠢ ᠭᠤᠷᠪᠠᠳᠠᠭᠢ ᠤᠳᠠᠭ᠎ᠠ ᠭᠥᠷᠳᠡᠵᠦ᠂ ᠲᠦᠷᠦᠬᠦᠤ ᠪᠦᠯᠦᠭ ᠤᠨ ︽ᠬᠤᠶᠠᠷ ᠣᠳᠣᠨ ᠲᠠᠰ ᠤᠨ ᠪᠥᠬᠦ ᠤᠯᠤᠰ ᠤᠨ ᠵᠠᠯᠠᠭᠤᠴᠤᠳ ᠤᠨ ᠪᠣᠯᠪᠠᠰᠤᠨ ᠨᠡᠷᠡᠮᠵᠢᠲᠦ︾ ᠪᠠᠷ ᠦᠨᠡᠯᠡᠭᠳᠡᠵᠡᠢ᠃
 
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号