ᠬᠤᠳᠤᠩ ᠠᠷᠠᠳ ᠤᠨ ᠲᠣᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠬᠥᠬᠡᠬᠤᠲᠠ ᠶᠢᠨ ︽ᠲᠡᠷᠢᠭᠦᠨ ᠤ ᠨᠡᠶᠢᠭᠡᠮ ᠤᠨ ᠵᠣᠬᠢᠶᠠᠨ ᠪᠠᠶᠢᠭᠤᠯᠤᠯᠲᠠ︾ ᠶᠢ ᠰᠢᠯᠭᠠᠷᠠᠭᠤᠯᠬᠤ ᠪᠠ ᠬᠥᠬᠢᠭᠦᠯᠦᠨ ᠰᠠᠶᠢᠰᠢᠶᠠᠬᠤ ᠠᠵᠢᠯᠯᠠᠭ᠎ᠠ ᠶᠢ ᠥᠷᠨᠢᠭᠦᠯᠬᠦ ᠲᠤᠬᠠᠢ ᠨᠡᠶᠢᠲᠡ ᠳᠤ ᠵᠠᠷᠯᠠᠪᠠ
ᠨᠡᠶᠢᠲᠡᠯᠡᠭᠰᠡᠨ ᠴᠠᠭ᠄
2024/1/24
      ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠦᠢᠯᠡᠴᠢᠯᠡᠬᠦ ᠳᠤᠮᠳᠠᠬᠢ ᠢᠳᠡᠪᠬᠢᠲᠡᠢ ᠦᠢᠯᠡᠳᠦᠯ ᠢ ᠭᠦᠢᠴᠡᠳ ᠨᠤᠲᠠᠯᠠᠬᠤ ᠶᠢᠨ ᠲᠥᠯᠥᠭᠡ᠂ ᠬᠥᠬᠡᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ︽︿ᠪᠦᠬᠦ ᠬᠤᠲᠠ ᠶᠢᠨ ᠲᠡᠷᠢᠭᠦᠨ ᠤ ᠨᠡᠶᠢᠭᠡᠮ ᠤᠨ ᠵᠣᠬᠢᠶᠠᠨ ᠪᠠᠶᠢᠭᠤᠯᠤᠯᠲᠠ﹀ ᠶᠢ ᠰᠢᠯᠭᠠᠷᠠᠭᠤᠯᠤᠨ ᠬᠥᠬᠢᠭᠦᠯᠬᠦ ᠲᠤᠬᠠᠢ ᠮᠡᠳᠡᠭᠳᠡᠯ︾ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠦᠨᠳᠦᠰᠦᠯᠡᠨ᠂ ᠬᠤᠳᠤᠩ ᠠᠷᠠᠳ ᠤᠨ ᠲᠣᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶ᠎ᠠ ᠪᠥᠬᠦ ᠲᠣᠭᠤᠷᠢᠭ ᠤᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢ ᠶᠡᠷᠦᠩᠬᠡᠶᠢᠯᠡᠨ ᠦᠨᠡᠯᠡᠨ ᠲᠣᠭᠲᠠᠭᠠᠬᠤ ᠪᠠᠷ ᠳᠡᠮᠵᠢᠨ᠂︽ᠬᠤᠳᠤᠩ ᠠᠷᠠᠳ ᠤᠨ ᠲᠣᠭᠤᠷᠢᠭ ᠤᠨ ᠬᠥᠬᠡ ᠲᠡᠭᠷᠢ ᠶᠢᠨ ᠨᠡᠶᠢᠲᠡ ᠶᠢᠨ ᠠᠰᠠᠷᠠᠮᠵᠢ ᠶᠢᠨ ᠨᠡᠶᠢᠭᠡᠮᠯᠢᠭ᠂ ᠬᠤᠳᠤᠩ ᠠᠷᠠᠳ ᠤᠨ ᠲᠣᠭᠤᠷᠢᠭ ᠤᠨ ᠲᠢᠶᠠᠨ ᠠᠢ ᠡᠷᠡᠭᠦᠯᠵᠢᠯ ᠤᠨ ᠨᠡᠶᠢᠲᠡ ᠶᠢᠨ ᠠᠰᠠᠷᠠᠮᠵᠢ ᠶᠢᠨ ᠦᠢᠯᠡᠴᠢᠯᠡᠭᠡᠨ ᠤ ᠲᠥᠪ︾ ᠭᠡᠬᠦ 2 ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢ ᠲᠠᠨᠢᠯᠴᠠᠭᠤᠯᠬᠤ ᠪᠠᠷ ᠪᠣᠶ᠂ ᠲᠣᠰ ᠤᠳᠠᠭᠠᠨ ᠤ ᠬᠥᠬᠡᠬᠤᠲᠠ ᠶᠢᠨ ︽ᠲᠡᠷᠢᠭᠦᠨ ᠤ ᠨᠡᠶᠢᠭᠡᠮ ᠤᠨ ᠵᠣᠬᠢᠶᠠᠨ ᠪᠠᠶᠢᠭᠤᠯᠤᠯᠲᠠ︾ ᠶᠢ ᠰᠢᠯᠭᠠᠷᠠᠭᠤᠯᠤᠨ ᠬᠥᠬᠢᠭᠦᠯᠬᠦ ᠠᠵᠢᠯᠯᠠᠭ᠎ᠠ ᠳᠤ ᠣᠷᠣᠯᠴᠠᠬᠤ ᠪᠠᠷ ᠪᠣᠶ᠂ ᠣᠲᠣ ᠵᠠᠷᠯᠠᠨ ᠨᠡᠶᠢᠲᠡᠯᠡᠬᠦ ᠪᠠᠷ ᠪᠠᠶᠢᠭ᠎ᠠ᠃ ᠢᠯᠡ ᠨᠡᠶᠢᠲᠡᠯᠡᠬᠦ ᠴᠠᠭ᠄ 2024 ᠣᠨ ᠤ 1 ᠳ᠋ᠦ᠋ᠭᠡᠷ ᠰᠠᠷ᠎ᠠ ᠶᠢᠨ 23 ᠤ ᠡᠳᠦᠷ ᠠᠴᠠ 2024 ᠣᠨ ᠤ 1 ᠳ᠋ᠦ᠋ᠭᠡᠷ ᠰᠠᠷ᠎ᠠ ᠶᠢᠨ 28 ᠤ ᠡᠳᠦᠷ ᠪᠣᠯᠲᠠᠯ᠎ᠠ᠃ ᠨᠡᠶᠢᠲᠡ ᠳᠤ ᠵᠠᠷᠯᠠᠬᠤ ᠨᠡᠶᠢᠭᠡᠮ ᠤᠨ ᠵᠣᠬᠢᠶᠠᠨ ᠪᠠᠶᠢᠭᠤᠯᠤᠯᠲᠠ ᠳᠤ ᠰᠡᠵᠢᠭ ᠲᠠᠢ ᠪᠠᠶᠢᠪᠠᠯ᠂ ᠨᠡᠶᠢᠲᠡ ᠳᠤ ᠵᠠᠷᠯᠠᠬᠤ ᠬᠤᠭᠤᠴᠠᠭᠠᠨ ᠳᠤ ᠬᠤᠲᠣᠩ ᠠᠷᠠᠳ ᠤᠨ ᠲᠣᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶ᠎ᠠ ᠳᠤ ᠲᠤᠰᠬᠠᠵᠤ ᠪᠣᠯᠣᠨ᠎ᠠ᠂ ᠬᠠᠷᠢᠯᠴᠠᠬᠤ ᠤᠲᠠᠰᠤ᠄ 0471-3821305᠂ ᠬᠠᠷᠢᠯᠴᠠᠬᠤ ᠬᠠᠶ᠋ᠢᠭ᠄ ᠬᠥᠬᠡᠬᠤᠲᠠ ᠶᠢᠨ ᠰᠢᠨᠬᠤᠸᠠ ᠪᠠᠷᠠᠭᠤᠨ ᠵᠡᠭᠡᠯᠢ ᠶᠢᠨ 49 ᠳ᠋ᠦ᠋ᠭᠡᠷ ᠨᠣᠮᠧᠷᠲᠤ ᠬᠤᠲᠣᠩ ᠠᠷᠠᠳ ᠤᠨ ᠲᠣᠭᠤᠷᠢᠭ ᠤᠨ ᠵᠠᠰᠠᠭ ᠤᠨ ᠣᠷᠳᠣᠨ ᠤ 2 ᠳ᠋ᠤᠭᠠᠷ ᠨᠣᠮᠧᠷᠲᠤ ᠠᠯᠪᠠᠨ ᠠᠰᠠᠷ ᠤᠨ 5 ᠳ᠋ᠤᠭᠠᠷ ᠠᠰᠠᠷ ᠤᠨ 510 ᠳ᠋ᠤᠭᠠᠷ ᠥᠷᠥᠭᠡ᠃ ᠲᠤᠰᠬᠠᠭᠰᠠᠨ ᠠᠰᠠᠭᠤᠳᠠᠯ ᠢ ᠬᠢᠨᠠᠨ ᠬᠠᠷᠭᠤᠭᠤᠯᠬᠤ ᠳᠤ ᠲᠦᠭᠦᠮ ᠪᠣᠯᠭᠠᠬᠤ ᠶᠢᠨ ᠲᠥᠯᠥᠭᠡ᠂ ᠠᠰᠠᠭᠤᠳᠠᠯ ᠢ ᠲᠤᠰᠬᠠᠬᠤ ᠳᠠᠭᠠᠨ ᠪᠣᠳᠠᠲᠠᠢ ᠪᠣᠳᠠᠲᠤ ᠬᠡᠷᠡᠭ ᠪᠤᠶᠤ ᠰᠦᠪᠡᠭᠴᠢ ᠬᠠᠩᠭᠠᠬᠤ ᠶᠢᠨ ᠬᠠᠮᠲᠤ ᠬᠠᠷᠢᠯᠴᠠᠬᠤ ᠠᠷᠭ᠎ᠠ ᠮᠠᠶ᠋ᠢᠭ ᠢ ᠬᠠᠩᠭᠠᠵᠤ᠂ ᠮᠠᠨ ᠤ ᠬᠢᠨᠠᠨ ᠬᠠᠷᠭᠤᠭᠤᠯᠤᠭᠰᠠᠨ ᠪᠠᠶᠢᠳᠠᠯ ᠢ ᠬᠠᠷᠢᠭᠤ ᠲᠤᠰᠬᠠᠬᠤ ᠳᠤ ᠲᠦᠭᠦᠮ ᠦᠵᠡᠭᠦᠯᠦᠭᠡᠷᠡᠢ᠃                        ᠬᠤᠳᠤᠩ ᠠᠷᠠᠳ ᠤᠨ ᠲᠣᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶ᠎ᠠ                              2024 ᠣᠨ ᠤ 1 ᠳ᠋ᠦ᠋ᠭᠡᠷ ᠰᠠᠷ᠎ᠠ ᠶᠢᠨ 23 ᠤ ᠡᠳᠦᠷ      ᠢᠷᠡᠯᠲᠡ᠄ ᠬᠤᠲᠣᠩ ᠠᠷᠠᠳ ᠤᠨ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠰᠦᠯᠵᠢᠶ᠎ᠡ
 
ᠢᠷᠡᠯᠲᠡ᠄ ᠬᠤᠲᠤᠩ ᠠᠷᠠᠳ ᠤᠨ ᠲᠣᠭᠤᠷᠢᠭ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号