ᠬᠤᠲᠣᠩ ᠠᠷᠠᠳ ᠤᠨ ᠲᠣᠭᠤᠷᠢᠭ ᠤᠨ ᠪᠣᠯᠣᠳ ᠲᠡᠮᠦᠷ ᠵᠠᠮ ᠤᠨ ᠬᠡᠷᠡᠭ ᠡᠷᠬᠢᠯᠡᠬᠦ ᠭᠠᠵᠠᠷ ᠤᠨ ᠺᠦᠩ ᠵᠢᠶᠠ ᠶᠢᠩ ᠨᠡᠶᠢᠭᠡᠮ ᠲᠣᠭᠤᠷᠢᠭ ︽ᠦᠨᠳᠦᠰᠦᠲᠡᠨ ᠨᠦᠭᠦᠳ ᠪᠦᠯᠬᠦᠮᠳᠡᠨ ᠨᠢᠭᠡ ᠭᠡᠷ ᠤᠨ ᠬᠥᠮᠥᠨ ᠮᠡᠲᠦ ᠳᠣᠲᠣᠨᠣ᠂ ᠮᠥᠰᠥ ᠴᠠᠰᠤ ᠶᠢ ᠱᠦᠭᠦᠷᠳᠡᠨ ᠴᠡᠪᠡᠷᠯᠡᠵᠦ ᠬᠥᠮᠥᠰ ᠤᠨ ᠰᠡᠳᠬᠢᠯ ᠢ ᠳᠤᠯᠠᠭᠠᠴᠠᠭᠤᠯᠬᠤ︾ ᠴᠠᠰᠤ ᠱᠦᠭᠦᠷᠳᠡᠵᠦ ᠮᠥᠰᠥ ᠠᠷᠢᠯᠭᠠᠬᠤ ᠠᠵᠢᠯᠯᠠᠭ᠎ᠠ ᠶᠢ ᠥᠷᠨᠢᠭᠦᠯᠪᠡ
ᠨᠡᠶᠢᠲᠡᠯᠡᠭᠰᠡᠨ ᠴᠠᠭ᠄
2024/1/25
      ᠦᠭᠬᠢᠶᠡᠮᠦᠷ ᠴᠠᠰᠦ ᠡᠯᠪᠡᠭ ᠬᠤᠷᠢᠶᠠᠯᠲᠠ ᠶᠢ ᠵᠢᠯ ᠢ ᠪᠡᠯᠭᠡᠳᠡᠨ᠎ᠡ᠃ ᠴᠠᠰᠤᠨ ᠤ ᠦᠵᠡᠮᠵᠢ ᠬᠡᠳᠦᠶᠢᠪᠡᠷ ᠭᠤᠶᠣ ᠰᠠᠶᠢᠬᠠᠨ ᠪᠣᠯᠪᠠᠴᠤ ᠬᠤᠷᠠᠭᠰᠠᠨ ᠴᠠᠰᠤ ᠪᠣᠯᠣᠨ ᠮᠥᠰᠥ ᠵᠠᠮ ᠢ ᠭᠤᠯᠭᠤᠬᠤ ᠪᠣᠯᠭᠠᠵᠤ᠂ ᠣᠯᠠᠨ ᠲᠦᠮᠡᠨ ᠤ ᠶᠠᠪᠤᠵᠤ ᠰᠠᠭᠤᠬᠤ ᠳᠤ ᠮᠠᠰᠢ ᠣᠯᠠᠨ ᠳᠥᠭᠦᠮ ᠦᠭᠡᠢ ᠪᠣᠯᠭᠠᠵᠠᠢ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠤᠯᠠᠮ ᠨᠢᠭᠡ ᠠᠯᠬᠤᠮ ᠪᠠᠲᠤ ᠴᠣᠭᠴᠠᠯᠠᠵᠤ᠂ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ ᠶᠢᠨ ᠲᠥᠯᠥᠭᠡ᠂ 2024 ᠣᠨ ᠤ 1 ᠰᠠᠷ᠎ᠠ ᠶᠢᠨ 22 ᠤᠨ ᠡᠳᠦᠷ᠂ ᠬᠤᠲᠣᠩ ᠠᠷᠠᠳ ᠤᠨ ᠲᠣᠭᠤᠷᠢᠭ ᠤᠨ ᠪᠣᠯᠣᠳ ᠲᠡᠮᠦᠷ ᠵᠠᠮ ᠤᠨ ᠬᠡᠷᠡᠭ ᠡᠷᠬᠢᠯᠡᠬᠦ ᠭᠠᠵᠠᠷ ᠤᠨ ᠺᠦᠩ ᠵᠢᠶᠠ ᠶᠢᠩ ᠨᠡᠶᠢᠭᠡᠮ ᠲᠣᠭᠤᠷᠢᠭ ᠤᠨ ᠬᠢᠨ ᠤᠯᠠᠭᠠᠨ ᠠᠨᠠᠷ ᠤᠨ ᠦᠷᠳᠡᠭᠡ ᠳᠤ ᠲᠦᠰᠢᠭᠯᠡᠨ᠂ ᠬᠠᠷᠢᠶ᠎ᠠ ᠣᠷᠣᠨ ᠤ ᠰᠠᠶᠢᠨ ᠳᠤᠷ᠎ᠠ ᠶᠢᠨ ᠠᠵᠢᠯᠯᠠᠭᠴᠢᠳ ᠢ ᠵᠣᠬᠢᠶᠠᠨ ᠪᠠᠶᠢᠭᠤᠯᠵᠤ ︽ᠦᠨᠳᠦᠰᠦᠲᠡᠨ ᠨᠦᠭᠦᠳ ᠪᠦᠯᠬᠦᠮᠳᠡᠨ ᠨᠢᠭᠡ ᠭᠡᠷ ᠤᠨ ᠬᠥᠮᠥᠨ ᠮᠡᠲᠦ ᠳᠣᠲᠣᠨᠣ᠂ ᠮᠥᠰᠥ ᠴᠠᠰᠤ ᠶᠢ ᠱᠦᠭᠦᠷᠳᠡᠨ ᠴᠡᠪᠡᠷᠯᠡᠵᠦ ᠬᠥᠮᠥᠰ ᠤᠨ ᠰᠡᠳᠬᠢᠯ ᠢ ᠳᠤᠯᠠᠭᠠᠴᠠᠭᠤᠯᠬᠤ︾ ᠴᠠᠰᠤ ᠱᠦᠭᠦᠷᠳᠡᠵᠦ ᠮᠥᠰᠥ ᠠᠷᠢᠯᠭᠠᠬᠤ ᠠᠵᠢᠯᠯᠠᠭ᠎ᠠ ᠥᠷᠨᠢᠭᠦᠯᠵᠡᠢ᠃
     ᠠᠵᠢᠯᠯᠠᠭ᠎ᠠ ᠶᠢᠨ ᠳᠤᠮᠳᠠ᠂ ᠤᠯᠠᠨ ᠢᠶᠠᠷ ᠢᠶᠠᠨ ᠠᠵᠢᠯ ᠢᠶᠠᠨ ᠬᠤᠪᠢᠶᠠᠷᠢᠯᠠᠨ ᠬᠥᠳᠡᠯᠦᠯᠴᠡᠵᠦ᠂ ᠡᠯ᠎ᠡ ᠲᠠᠯ᠎ᠠ ᠶᠢᠨ  ᠬᠢᠨ ᠬᠦᠴᠦᠯᠡᠵᠦ᠂ ᠡᠯ᠎ᠡ ᠬᠤᠷᠢᠶᠠᠯᠠᠯ᠂ ᠵᠡᠭᠡᠯᠢ ᠭᠤᠳᠤᠮᠵᠢ ᠶᠢᠨ ᠬᠤᠷᠠᠭᠰᠠᠨ ᠴᠠᠰᠤ ᠮᠥᠰᠥ ᠶᠢ ᠡᠮᠬᠢ ᠳᠢᠭᠯᠢᠮ ᠲᠠᠢ ᠴᠡᠪᠡᠷᠯᠡᠵᠦ᠂ ᠰᠠᠭᠤᠭᠠᠯᠢ ᠠᠷᠠᠳ ᠤᠨ ᠶᠠᠪᠤᠵᠤ ᠰᠠᠭᠤᠬᠤ ᠪᠠ ᠵᠠᠮ ᠬᠠᠷᠢᠯᠴᠠᠭᠠᠨ ᠤ ᠠᠮᠤᠷ ᠲᠦᠪᠰᠢᠨ ᠢ ᠪᠦᠬᠦ ᠬᠦᠴᠦᠨ ᠢᠶᠠᠷ ᠢᠶᠠᠨ ᠪᠠᠲᠤᠯᠠᠪᠠ᠃ ᠬᠦᠢᠲᠡᠨ ᠰᠠᠯᠬᠢ ᠬᠡᠰᠡᠭ ᠬᠡᠰᠡᠭ ᠰᠠᠯᠬᠢᠯᠠᠵᠤ᠂ ᠰᠠᠶᠢᠨ ᠳᠤᠷ᠎ᠠ ᠶᠢᠨ ᠦᠢᠯᠡᠴᠢᠯᠡᠭᠴᠢᠳ ᠤᠨ ᠡᠯ᠎ᠡ ᠬᠤᠷᠢᠶᠠᠯᠠᠯ ᠳᠤ ᠴᠠᠰᠤ ᠱᠦᠭᠦᠷᠳᠡᠵᠦ ᠮᠥᠰᠥ ᠠᠷᠢᠯᠭᠠᠬᠤ ᠬᠠᠯᠠᠭᠤᠨ ᠰᠡᠳᠬᠢᠯᠭᠡ ᠶᠢ ᠬᠤᠷᠢᠭᠯᠠᠵᠤ ᠴᠢᠳᠠᠭᠰᠠᠨ ᠦᠭᠡᠢ᠃ ᠤᠯᠠᠨ ᠢᠶᠠᠷ ᠢᠶᠠᠨ ᠠᠵᠢᠯ ᠤᠨ ᠬᠤᠪᠢᠶᠠᠷᠢ ᠪᠠᠨ ᠡᠮᠬᠢ ᠴᠡᠭᠴᠡ ᠲᠠᠢ ᠬᠤᠪᠢᠶᠠᠷᠢᠯᠠᠵᠤ᠂ ᠬᠦᠷᠵᠡ᠂ ᠱᠦᠭᠦᠷ ᠵᠡᠷᠭᠡ ᠪᠠᠭᠠᠵᠢ ᠬᠡᠷᠡᠭᠰᠡᠯ ᠢ ᠪᠠᠷᠢᠵᠤ᠂ ᠬᠤᠰᠤᠬᠤ ᠶᠢ ᠨᠢ ᠬᠤᠰᠤᠵᠤ᠂ ᠱᠦᠭᠦᠷᠳᠡᠬᠦ ᠶᠢ ᠨᠢ ᠱᠦᠭᠦᠷᠳᠡᠵᠦ᠂ ᠲᠦᠯᠬᠢᠬᠦ ᠶᠢ ᠨᠢ ᠲᠦᠯᠬᠢᠵᠦ᠂ ᠬᠦᠷ ᠬᠥᠭᠵᠢᠶᠡᠨ ᠲᠠᠢ ᠠᠵᠢᠯᠯᠠᠪᠠ᠃ ᠬᠡᠳᠦᠨ ᠴᠠᠭ ᠤᠨ ᠴᠢᠷᠮᠠᠶᠢᠯᠭ᠎ᠠ ᠪᠠᠷ ᠲᠠᠮᠵᠢᠨ᠂ ᠰᠠᠭᠤᠭᠠᠯᠢ ᠠᠷᠠᠳ ᠤᠨ ᠬᠤᠷᠢᠶᠠᠯᠠᠯ᠂ ᠵᠡᠭᠡᠯᠢ ᠭᠤᠳᠤᠮᠵᠢ ᠶᠢᠨ ᠴᠠᠰᠤ ᠮᠥᠰᠥᠨ ᠤ ᠪᠠᠶᠢᠳᠠᠯ ᠢ ᠨᠠᠮᠳᠠᠭᠤᠯᠵᠤ᠂ ᠤᠯᠠᠨ ᠲᠦᠮᠡᠨ ᠤ ᠠᠮᠤᠷ ᠲᠦᠪᠰᠢᠨ ᠢᠶᠠᠷ ᠶᠠᠪᠤᠵᠤ ᠰᠠᠭᠤᠬᠤ ᠳᠤ ᠲᠦᠬᠦᠮ ᠦᠵᠡᠭᠦᠯᠵᠦ᠂ ᠠᠷᠢᠭᠤᠨ ᠴᠡᠪᠡᠷ ᠵᠠᠮ ᠤᠳ ᠢᠶᠠᠷ ᠤᠯᠠᠨ ᠳᠤ ᠳᠥᠭᠦᠮ ᠳᠥᠲᠡ᠂ ᠠᠮᠤᠷ ᠲᠦᠪᠰᠢᠨ ᠢ ᠬᠦᠷᠭᠡᠭᠰᠡᠨ ᠢᠶᠠᠷ ᠪᠠᠷᠠᠬᠤ ᠦᠭᠡᠢ᠂ ᠨᠡᠩ ᠴᠤ ᠬᠠᠯᠠᠭᠤᠨ ᠳᠤᠯᠠᠭᠠᠨ ᠪᠠ ᠢᠳᠡᠪᠬᠢ ᠬᠦᠴᠦᠨ ᠢ ᠳᠠᠮᠵᠢᠭᠤᠯᠤᠭᠰᠠᠨ ᠪᠠᠶᠢᠨ᠎ᠠ᠃
     ᠮᠥᠰᠥ ᠴᠠᠰᠤᠨ ᠳᠤ ᠬᠤᠴᠢᠭᠳᠠᠵᠤ᠂ ᠠᠷᠠᠳ ᠤᠨ ᠰᠡᠳᠬᠢᠯ ᠢ ᠳᠤᠯᠠᠭᠠᠴᠠᠭᠤᠯᠤᠨ᠎ᠠ᠃ ᠺᠦᠩ ᠵᠢᠶᠠ ᠶᠢᠩ ᠨᠡᠶᠢᠭᠡᠮ ᠲᠣᠭᠤᠷᠢᠭ ᠤᠨ ᠦᠨᠳᠦᠰᠦᠲᠡᠨ ᠨᠦᠭᠦᠳ ᠤᠨ ᠣᠯᠠᠨ ᠲᠦᠮᠡᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢ ᠡᠭᠦᠷᠭᠡ ᠬᠠᠷᠢᠭᠤᠴᠠᠯᠭ᠎ᠠ ᠪᠠ ᠠᠵᠢᠯᠯᠠᠭᠠᠨ ᠤ ᠤᠬᠠᠮᠰᠠᠷ ᠢᠶᠠᠨ ᠪᠣᠯᠭᠠᠵᠤ᠂ ᠬᠠᠮᠲᠤ ᠪᠠᠷ ᠪᠦᠯᠬᠦᠮᠳᠡᠨ ᠲᠡᠮᠡᠴᠡᠵᠦ᠂ ᠬᠠᠮᠲᠤ ᠪᠠᠷ ᠴᠡᠴᠡᠭᠯᠡᠨ ᠬᠥᠭᠵᠢᠵᠦ᠂ ᠡᠷᠬᠡ ᠲᠡᠭᠰᠢ᠂ ᠪᠦᠯᠬᠦᠮᠳᠡᠯ ᠲᠠᠢ᠂ ᠬᠠᠷᠢᠯᠴᠠᠨ ᠬᠠᠪᠰᠤᠷᠤᠯᠴᠠᠭᠰᠠᠨ᠂ ᠡᠶ᠎ᠡ ᠵᠣᠬᠢᠴᠠᠩᠭᠤᠢ ᠨᠡᠶᠢᠭᠡᠮ ᠵᠢᠷᠤᠮ ᠤᠨ ᠦᠨᠳᠦᠰᠦᠲᠡᠨ ᠤ ᠬᠠᠷᠢᠴᠠᠭ᠎ᠠ ᠶᠢ ᠪᠦᠬᠦ ᠬᠦᠴᠦᠨ ᠢᠶᠠᠷ ᠢᠶᠠᠨ ᠪᠠᠬᠢᠵᠢᠭᠦᠯᠦᠨ ᠬᠥᠭᠵᠢᠭᠦᠯᠵᠦ᠂ ︽ᠪᠠᠭ᠎ᠠ ᠠᠵᠢᠯᠯᠠᠭ᠎ᠠ︾ ᠪᠠᠷ ︽ᠠᠷᠠᠳ ᠤᠨ ᠶᠡᠭᠡ ᠠᠮᠢᠳᠤᠷᠠᠯ︾ ᠢ ᠪᠠᠲᠤᠯᠠᠵᠤ᠂ ᠬᠠᠷᠢᠶ᠎ᠠ ᠣᠷᠣᠨ ᠤ ᠤᠯᠠᠨ ᠲᠦᠮᠡᠨ ᠳᠤ ︽ᠠᠮᠤᠷ ᠠᠮᠤᠭᠤᠯᠠᠩ ᠵᠠᠮ︾᠂︽ᠬᠠᠯᠠᠭᠤᠨ ᠳᠤᠯᠠᠭᠠᠨ ᠵᠠᠮ︾ ᠢ ᠴᠡᠪᠡᠷᠯᠡᠵᠦ ᠥᠭᠭᠦᠭᠰᠡᠨ ᠢᠶᠠᠷ ᠪᠠᠷᠠᠬᠤ ᠦᠭᠡᠢ ᠪᠠᠰᠠ ︽ᠪᠢ ᠤᠯᠠᠨ ᠲᠦᠮᠡᠨ ᠳᠤ ᠪᠣᠳᠠᠲᠠᠢ ᠶᠠᠪᠤᠳᠠᠯ ᠬᠢᠵᠦ ᠥᠭᠬᠦ︾ ᠦᠢᠯᠡᠳᠦᠯᠭᠡ ᠶᠢᠨ ᠠᠵᠢᠯᠯᠠᠭ᠎ᠠ ᠶᠢ ᠠᠬᠢᠭᠤᠯᠵᠤ᠂ ᠤᠯᠠᠨ ᠲᠦᠮᠡᠨ ᠤ ︽ᠶᠠᠪᠤᠵᠤ ᠰᠠᠭᠤᠬᠤ ᠳᠤ ᠬᠦᠴᠢᠷᠲᠡᠢ︾ ᠠᠰᠠᠭᠤᠳᠠᠯ ᠢ ᠲᠤᠶᠢᠯ ᠤᠨ ᠶᠡᠭᠡ ᠬᠡᠮᠵᠢᠶ᠎ᠡ ᠪᠠᠷ ᠰᠢᠢᠳᠪᠦᠷᠢᠯᠡᠵᠦ᠂ ᠪᠣᠳᠠᠲᠤ ᠠᠵᠢᠯᠯᠠᠭ᠎ᠠ ᠪᠠᠷ ᠢᠶᠠᠨ ᠬᠥᠮᠥᠰ ᠤᠨ ᠰᠡᠳᠬᠢᠯ ᠢ ᠳᠤᠯᠠᠭᠠᠴᠠᠭᠤᠯᠬᠤ ᠬᠦᠴᠦᠨ ᠴᠢᠳᠠᠯ ᠢ ᠲᠤᠰᠬᠠᠵᠠᠢ᠃      ᠢᠷᠡᠯᠲᠡ᠄ ᠬᠤᠲᠣᠩ ᠠᠷᠠᠳ ᠤᠨ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠰᠦᠯᠵᠢᠶ᠎ᠡ
 
ᠢᠷᠡᠯᠲᠡ᠄ ᠬᠤᠲᠤᠩ ᠠᠷᠠᠳ ᠤᠨ ᠲᠣᠭᠤᠷᠢᠭ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号