ᠬᠤᠲᠣᠩ ᠠᠷᠠᠳ ᠤᠨ ᠲᠣᠭᠤᠷᠢᠭ ᠤᠨ ᠪᠣᠯᠣᠳ ᠲᠡᠮᠦᠷ ᠵᠠᠮ ᠤᠨ ᠵᠡᠭᠡᠯᠢ ᠭᠤᠳᠤᠮᠵᠢ ᠶᠢᠨ ᠪᠠᠷᠠᠭᠤᠨ ᠮᠠᠰᠢᠨ ᠤ ᠶᠠᠪᠤᠳᠠᠯ ᠤᠨ ᠬᠡᠰᠡᠭ ᠤᠨ ᠨᠡᠶᠢᠭᠡᠮ ᠲᠣᠭᠤᠷᠢᠭ ᠤᠨ ᠰᠢᠨ᠎ᠡ ᠴᠠᠭ ᠦᠶ᠎ᠡ ᠶᠢᠨ ᠪᠣᠯᠪᠠᠰᠤᠨ ᠦᠢᠯᠡᠳᠦᠯᠭᠡ ᠶᠢᠨ ᠥᠷᠲᠡᠭᠡ ︽ᠬᠦᠬᠡ ᠬᠤᠲᠠ ᠶᠢᠨ ᠳᠤᠯᠠᠭᠠᠨ ᠡᠪᠦᠯ ᠤᠨ ᠤᠯᠠᠷᠢᠯ ᠳᠤ ᠵᠣᠯ ᠵᠢᠷᠭᠠᠯ ᠢ ᠭᠡᠷᠡᠯᠲᠦᠭᠦᠯᠬᠦ︾ ᠮᠥᠰᠥ ᠴᠠᠰᠤ ᠶᠢ ᠠᠷᠢᠯᠭᠠᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/1/25
      ᠪᠡᠯᠭᠡᠲᠦ ᠴᠠᠰᠤ ᠬᠠᠪᠤᠷ ᠢ ᠤᠭᠲᠤᠬᠤᠶ᠎ᠠ᠂ ᠨᠢᠭᠡ ᠤᠳᠠᠭ᠎ᠠ ᠶᠢᠨ ᠶᠡᠭᠡ ᠴᠠᠰᠤ ᠬᠤᠳᠠ ᠳᠤ ᠰᠡᠮᠬᠡᠨ ᠮᠥᠩᠭᠦᠨ ᠬᠤᠪᠴᠠᠰᠤ ᠬᠤᠨᠠᠷ ᠢ ᠪᠦᠷᠬᠦᠵᠦ᠂︽ᠥᠩᠭᠡ ᠦᠵᠡᠮᠵᠢ ᠲᠠᠭᠠᠯᠠᠮᠵᠢᠲᠠᠢ︾ ᠪᠣᠯᠪᠠᠴᠤ ᠪᠠᠰᠠ ᠤᠯᠠᠨ ᠲᠠᠯ᠎ᠠ ᠶᠢᠨ ᠭᠡᠮ ᠰᠣᠭᠤᠭ ᠭᠠᠷᠴᠤ᠂ ᠰᠠᠭᠤᠭᠠᠯᠢ ᠠᠷᠠᠳ ᠤᠨ ᠶᠠᠪᠤᠵᠤ ᠰᠠᠭᠤᠬᠤ ᠳᠤ ᠲᠤᠶᠢᠯ ᠤᠨ ᠳᠥᠭᠦᠮ ᠦᠭᠡᠢ ᠪᠣᠯᠪᠠ᠃ ᠰᠠᠶᠢᠨ ᠳᠤᠷ᠎ᠠ ᠶᠢᠨ ᠦᠢᠯᠡᠴᠢᠯᠡᠭᠡᠨ ᠤ ᠵᠣᠷᠢᠭ ᠰᠠᠨᠠᠭ᠎ᠠ ᠶᠢ ᠴᠢᠨᠠᠭᠰᠢᠳᠠ ᠪᠠᠳᠠᠷᠠᠭᠤᠯᠵᠤ᠂ ᠵᠠᠮ ᠳᠡᠭᠡᠷᠡᠬᠢ ᠠᠮᠤᠷ ᠲᠦᠪᠰᠢᠨ ᠤ ᠬᠡᠮ ᠰᠣᠭᠤᠭ ᠢ ᠠᠷᠢᠯᠭᠠᠵᠤ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠠᠮᠤᠷ ᠲᠦᠪᠰᠢᠨ ᠢᠶᠠᠷ ᠶᠠᠪᠤᠵᠤ ᠰᠠᠭᠤᠬᠤ ᠶᠢ ᠪᠠᠲᠤᠯᠠᠬᠤ ᠶᠢᠨ ᠲᠥᠯᠥᠭᠡ᠂ ᠪᠠᠷᠠᠭᠤᠨ ᠮᠠᠰᠢᠨ ᠤ ᠶᠠᠪᠤᠳᠠᠯ ᠤᠨ ᠬᠡᠰᠡᠭ ᠤᠨ ᠨᠡᠶᠢᠭᠡᠮ ᠲᠣᠭᠤᠷᠢᠭ ᠤᠨ ᠰᠢᠨ᠎ᠡ ᠴᠠᠭ ᠦᠶ᠎ᠡ ᠶᠢᠨ ᠪᠣᠯᠪᠠᠰᠤᠨ ᠦᠢᠯᠡᠳᠦᠯᠭᠡ ᠶᠢᠨ ᠦᠷᠳᠡᠭᠡ ᠳᠤ ︽ᠬᠦᠬᠡ ᠬᠤᠲᠠ ᠶᠢᠨ ᠳᠤᠯᠠᠭᠠᠨ ᠡᠪᠦᠯ ᠤᠨ ᠤᠯᠠᠷᠢᠯ ᠳᠤ ᠵᠣᠯ ᠵᠢᠷᠭᠠᠯ ᠢ ᠭᠡᠷᠡᠯᠲᠦᠭᠦᠯᠬᠦ︾ ᠮᠥᠰᠥ ᠴᠠᠰᠤ ᠶᠢ ᠠᠷᠢᠯᠭᠠᠬᠤ ᠠᠵᠢᠯᠯᠠᠭ᠎ᠠ ᠶᠢ ᠥᠷᠨᠢᠭᠦᠯᠪᠡ᠃      ᠨᠡᠶᠢᠭᠡᠮ ᠲᠣᠭᠤᠷᠢᠭ ᠤᠨ ᠰᠠᠶᠢᠨ ᠳᠤᠷ᠎ᠠ   ᠶᠢᠨ ᠦᠢᠯᠡᠴᠢᠯᠡᠭᠴᠢᠳ ᠲᠡᠮᠦᠷ ᠬᠦᠷᠵᠡ᠂ ᠴᠠᠰᠤᠨ ᠬᠤᠰᠤᠭᠤᠷ᠂ ᠲᠦᠯᠬᠢᠬᠦ ᠬᠠᠪᠲᠠᠰᠤ ᠵᠡᠷᠭᠡ ᠴᠡᠪᠡᠷᠯᠡᠬᠦ ᠪᠠᠭᠠᠵᠢ ᠶᠢ ᠪᠠᠷᠢᠵᠤ᠂ ᠳᠠᠷᠤᠰᠢᠭᠤᠯᠤᠭᠰᠠᠨ ᠴᠠᠰᠤᠨ ᠤ ᠭᠠᠳᠠᠷᠭᠤ ᠶᠢ ᠪᠠᠭ᠎ᠠ ᠪᠠᠭ᠎ᠠ ᠪᠠᠷ ᠴᠤᠭᠤᠯᠵᠤ᠂ ᠠᠷᠢᠯᠭᠠᠵᠤ᠂ ᠬᠠᠷᠢᠶ᠎ᠠ ᠣᠷᠣᠨ ᠤ ᠵᠠᠮ ᠢ ᠴᠡᠪᠡᠷᠯᠡᠵᠦ᠂︽ᠤᠷᠢᠳ ᠢᠶᠠᠷ ᠨᠢᠭᠡ ᠵᠠᠮ ᠢ ᠨᠠᠪᠲᠠᠷᠡᠭᠦᠯᠵᠦ᠂ ᠳᠠᠷᠠᠭ᠎ᠠ ᠨᠢ ᠬᠤᠶᠠᠷ ᠲᠡᠶᠢᠰᠢ ᠪᠠᠨ ᠥᠷᠭᠡᠳᠬᠡᠬᠦ︾ ᠳᠡᠰ ᠳᠠᠷᠠᠭ᠎ᠠ ᠪᠠᠷ ᠴᠠᠰᠤ ᠠᠷᠢᠯᠭᠠᠬᠤ ᠠᠵᠢᠯ ᠢ ᠬᠢᠵᠦ ᠪᠠᠶᠢᠨ᠎ᠠ᠃ ᠤᠯᠠᠨ ᠢᠶᠠᠷ ᠢᠶᠠᠨ ᠰᠡᠳᠬᠢᠯ ᠰᠠᠨᠠᠭ᠎ᠠ ᠪᠠᠨ ᠣᠯᠣᠯᠴᠠᠵᠤ᠂ ᠬᠦᠷ ᠬᠥᠭᠵᠢᠶᠡᠨ ᠲᠠᠢ ᠠᠵᠢᠯᠯᠠᠪᠠ᠃ ᠰᠠᠶᠢᠨ ᠳᠤᠷ᠎ᠠ ᠶᠢᠨ ᠦᠢᠯᠡᠴᠢᠯᠡᠭᠴᠢᠳ ᠤᠨ ᠴᠡᠪᠡᠷᠯᠡᠯᠲᠡ ᠪᠠᠷ ᠳᠡᠮᠵᠢᠨ᠂ ᠡᠯ᠎ᠡ ᠬᠤᠷᠢᠶᠠᠯᠠᠯ ᠤᠨ ᠬᠤᠷᠠᠭᠰᠠᠨ ᠴᠠᠰᠤ  ᠶᠢ ᠴᠡᠪᠡᠷᠯᠡᠨ ᠠᠷᠢᠯᠭᠠᠵᠤ᠂ ᠣᠯᠠᠨ ᠲᠦᠮᠡᠨ ᠤ ᠠᠮᠤᠷ ᠲᠦᠪᠰᠢᠨ ᠢᠶᠠᠷ ᠶᠠᠪᠤᠵᠤ ᠰᠠᠭᠤᠬᠤ ᠳᠤ ᠨᠠᠶᠢᠳᠠᠪᠤᠷᠢᠲᠠᠢ ᠵᠠᠮ ᠨᠡᠭᠡᠭᠡᠵᠦ ᠥᠭᠴᠡᠢ᠃      ᠪᠠᠷᠠᠭᠤᠨ ᠮᠠᠰᠢᠨ ᠤ ᠶᠠᠪᠤᠳᠠᠯ ᠤᠨ ᠬᠡᠰᠡᠭ ᠤᠨ ᠨᠡᠶᠢᠭᠡᠮ ᠲᠣᠭᠤᠷᠢᠭ ᠤᠨ ᠰᠢᠨ᠎ᠡ ᠴᠠᠭ ᠦᠶ᠎ᠡ ᠶᠢᠨ ᠪᠣᠯᠪᠠᠰᠤᠨ ᠦᠢᠯᠡᠳᠦᠯᠭᠡ ᠶᠢᠨ ᠦᠷᠳᠡᠭᠡ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠬᠠᠷᠢᠶ᠎ᠠ ᠲᠣᠭᠤᠷᠢᠭ ᠤᠨ ᠰᠠᠭᠤᠭᠠᠯᠢ ᠠᠷᠠᠳ ᠲᠤ ᠨᠡᠩ ᠰᠢᠯᠢᠳᠡᠭ ᠰᠠᠶᠢᠨ ᠣᠷᠣᠨ ᠰᠠᠭᠤᠴᠠ ᠶᠢᠨ ᠣᠷᠴᠢᠨ ᠲᠣᠭᠤᠷᠢᠨ ᠢ ᠬᠠᠩᠭᠠᠵᠤ᠂ ᠰᠠᠭᠤᠭᠠᠯᠢ ᠠᠷᠠᠳ ᠤᠨ ᠬᠦᠷᠲᠡᠮᠵᠢ ᠶᠢᠨ ᠲᠥᠷᠥᠭᠳᠡᠯ ᠪᠣᠯᠣᠨ ᠵᠣᠯ ᠵᠢᠷᠭᠠᠯᠲᠤ ᠲᠥᠷᠥᠭᠳᠡᠯ ᠢ ᠳᠠᠰᠤᠷᠠᠯᠳᠠ ᠦᠭᠡᠢ ᠳᠡᠭᠡᠭᠰᠢᠯᠡᠭᠦᠯᠦᠨ᠎ᠡ᠃
     ᠢᠷᠡᠯᠲᠡ᠄ ᠬᠤᠲᠣᠩ ᠠᠷᠠᠳ ᠤᠨ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠰᠦᠯᠵᠢᠶ᠎ᠡ
 
ᠢᠷᠡᠯᠲᠡ᠄ ᠬᠤᠲᠤᠩ ᠠᠷᠠᠳ ᠤᠨ ᠲᠣᠭᠤᠷᠢᠭ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号