ᠭᠤᠸᠠᠩ ᠮᠢᠩ ᠵᠠᠮ ᠤᠨ ᠬᠡᠷᠡᠭ ᠡᠷᠬᠢᠯᠡᠬᠦ ᠭᠠᠵᠠᠷ ᠤᠨ ᠶᠠᠨ ᠾᠧ ᠨᠡᠶᠢᠭᠡᠮ ᠲᠤᠭᠤᠷᠢᠭ ᠤᠨ ᠬᠢᠨ ︽ᠠᠷᠠᠳ ᠤᠨ ᠠᠮᠢᠳᠤᠷᠠᠯ ᠤᠨ ᠶᠡᠭᠡ ᠪᠠᠭ᠎ᠠ ᠶᠠᠪᠤᠳᠠᠯ︾ ᠢ ᠬᠠᠮᠲᠤᠪᠠᠷ ᠵᠥᠪᠯᠡᠵᠦ ᠡᠶ᠎ᠡ ᠵᠣᠬᠢᠴᠠᠩᠭᠤᠢ ᠬᠥᠷᠰᠢ ᠵᠡᠷᠭᠡᠯᠡᠳᠡᠭᠡ ᠶᠢᠨ ᠲᠠᠭᠤᠨ ᠢ ᠵᠥᠪᠯᠡᠪᠡ
ᠨᠡᠶᠢᠲᠡᠯᠡᠭᠰᠡᠨ ᠴᠠᠭ᠄
2024/1/25
      ᠭᠤᠸᠠᠩ ᠮᠢᠩ ᠵᠠᠮ ᠤᠨ ᠬᠡᠷᠡᠭ ᠡᠷᠬᠢᠯᠡᠬᠦ ᠭᠠᠵᠠᠷ ᠤᠨ ᠶᠠᠨ ᠾᠧ ᠨᠡᠶᠢᠭᠡᠮ ᠲᠤᠭᠤᠷᠢᠭ ᠢᠮᠠᠭᠲᠠ ᠤᠯᠠᠨ ᠲᠦᠮᠡᠨ ᠤ ᠬᠦᠰᠡᠯ ᠱᠠᠭᠠᠷᠳᠠᠯᠭ᠎ᠠ ᠪᠠᠷ ᠡᠭᠦᠰᠬᠡᠯ ᠪᠣᠯᠭᠠᠵᠤ᠂ ᠤᠯᠠᠨ ᠲᠦᠮᠡᠨ ᠤ ᠰᠡᠳᠬᠢᠯ ᠬᠠᠨᠤᠮᠵᠢᠲᠠᠢ ᠪᠠᠶᠢᠬᠤ ᠪᠠᠷ ᠲᠤᠰᠤᠯᠲᠠ ᠪᠣᠯᠭᠠᠵᠤ᠂ ᠠᠷᠠᠳ ᠤᠨ ᠪᠠᠶᠢᠳᠠᠯ ᠢ ᠰᠣᠨᠣᠰᠴᠤ᠂ ᠠᠷᠠᠳ ᠤᠨ ᠵᠣᠪᠠᠨᠢᠯ ᠢ ᠰᠢᠢᠳᠪᠦᠷᠢᠯᠡᠵᠦ᠂ ᠪᠣᠳᠠᠲᠠᠢ ᠶᠠᠪᠤᠳᠠᠯ ᠬᠢᠵᠦ᠂ ᠰᠡᠳᠬᠢᠯ ᠲᠠᠯᠪᠢᠨ ᠬᠠᠶᠢᠷ᠎ᠠ ᠰᠡᠳᠬᠢᠯᠭᠡ ᠪᠠᠷ ᠢᠶᠠᠨ ᠤᠯᠠᠨ ᠲᠦᠮᠡᠨ ᠤ ᠬᠦᠴᠢᠷ ᠠᠰᠠᠭᠤᠳᠠᠯ ᠢ ᠰᠢᠢᠳᠪᠦᠷᠢᠯᠡᠵᠦ ᠥᠭᠴᠡᠢ᠃ ᠣᠶᠢᠷ᠎ᠠ ᠳᠤ᠂ ᠶᠠᠨ ᠾᠧ ᠬᠤᠷᠢᠶᠠᠯᠠᠯ ᠤᠨ ᠰᠠᠭᠤᠭᠠᠯᠢ ᠠᠷᠠᠳ ᠤᠨ ᠬᠡᠯᠡᠬᠦ ᠪᠠᠷ᠂ ᠨᠢᠭᠡᠨᠲᠡ ᠬᠡᠳᠦᠨ ᠠᠷᠪᠠᠨ ᠵᠢᠯ ᠤᠨ ᠳᠤᠯᠠᠭᠠᠯᠭ᠎ᠠ ᠶᠢᠨ ᠬᠤᠭᠤᠯᠠᠢ ᠶᠢ ᠬᠡᠷᠡᠭᠯᠡᠭᠡᠳ ᠡᠪᠳᠡᠷᠡᠵᠦ ᠰᠦᠢᠳᠦᠭᠰᠡᠨ᠂ ᠤᠰᠤ ᠭᠤᠭᠤᠵᠢᠭᠰᠠᠨ ᠦᠵᠡᠭᠳᠡᠯ ᠭᠠᠷᠴᠤ᠂ ᠳᠤᠯᠠᠭᠠᠯᠭ᠎ᠠ ᠶᠢ ᠬᠡᠪ ᠤᠨ ᠪᠠᠶᠢᠳᠠᠯ ᠢᠶᠠᠷ ᠬᠠᠩᠭᠠᠵᠤ ᠳᠡᠶᠢᠯᠬᠦ ᠦᠭᠡᠢ ᠪᠣᠯᠤᠭᠰᠠᠨ ᠪᠠᠶᠢᠨ᠎ᠠ᠂ ᠨᠡᠶᠢᠭᠡᠮ ᠲᠣᠭᠤᠷᠢᠭ ᠤᠨ ᠬᠢᠨ ᠬᠠᠪᠰᠤᠷᠴᠤ ᠵᠣᠬᠢᠴᠠᠭᠤᠯᠤᠨ ᠰᠢᠢᠳᠪᠦᠷᠢᠯᠡᠬᠦ ᠶᠢ ᠬᠦᠰᠡᠵᠦ ᠪᠠᠶᠢᠨ᠎ᠠ᠃
     ᠡᠭᠦᠨ ᠤ ᠲᠤᠬᠠᠢ᠂ ᠶᠠᠨ ᠾᠧ ᠨᠡᠶᠢᠭᠡᠮ ᠲᠤᠭᠤᠷᠢᠭ ᠤᠨ ᠬᠢᠨ ᠠᠵᠢᠯᠲᠠᠨ᠂ ᠠᠳᠠᠯ ᠠᠬᠤᠢ ᠵᠢᠴᠢ ᠰᠠᠭᠤᠭᠠᠯᠢ ᠠᠷᠠᠳ ᠤᠨ ᠲᠥᠯᠥᠭᠡᠯᠡᠭᠴᠢᠳ ᠢ ᠵᠣᠬᠢᠶᠠᠨ ᠪᠠᠶᠢᠭᠤᠯᠤᠨ ᠰᠠᠭᠤᠭᠠᠯᠢ ᠠᠷᠠᠳ ᠤᠨ ᠬᠡᠷᠡᠭ ᠵᠥᠪᠯᠡᠬᠦ ᠬᠤᠷᠠᠯ ᠬᠤᠷᠠᠯᠳᠤᠭᠤᠯᠵᠤ᠂ ᠣᠯᠠᠨ ᠲᠠᠯ᠎ᠠ ᠶᠢᠨ ᠰᠠᠨᠠᠭᠤᠯᠭ᠎ᠠ ᠶᠢ ᠰᠣᠨᠣᠰᠬᠤ ᠶᠢᠨ ᠬᠠᠮᠲᠤ ᠰᠢᠢᠳᠪᠦᠷᠢᠯᠡᠬᠦ ᠲᠥᠰᠥᠯ ᠢ ᠬᠠᠮᠲᠤ ᠪᠠᠷ ᠵᠥᠪᠳᠡᠯᠴᠡᠨ ᠶᠠᠷᠢᠯᠴᠠᠵᠤ᠂ ᠡᠴᠦᠰ ᠲᠡᠭᠡᠨ ᠠᠳᠠᠯ ᠠᠬᠤᠢ ᠶᠢᠨ ᠺᠣᠮᠫᠠᠨᠢ ᠠᠴᠠ ᠳᠤᠯᠠᠭᠠᠯᠭ᠎ᠠ ᠶᠢᠨ ᠬᠤᠭᠤᠯᠠᠢ ᠶᠢ ᠤᠬᠢᠶᠠᠨ ᠴᠡᠪᠡᠷᠯᠡᠬᠦ ᠪᠠ ᠰᠡᠯᠪᠢᠨ ᠵᠠᠰᠠᠬᠤ ᠪᠠᠷ ᠲᠣᠭᠲᠠᠭᠠᠵᠤ᠂ ᠳᠤᠯᠠᠭᠠᠯᠭ᠎ᠠ ᠶᠢᠨ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠬᠦ ᠶᠢ ᠦᠨᠡᠨ ᠬᠦ ᠪᠠᠲᠤᠯᠠᠵᠤ᠂ ᠰᠠᠭᠤᠭᠠᠯᠢ ᠠᠷᠠᠳ ᠤᠨ ᠰᠠᠶᠢᠨ ᠦᠨᠡᠯᠡᠯᠲᠡ ᠶᠢ ᠣᠯᠣᠭᠰᠠᠨ ᠪᠠᠶᠢᠨ᠎ᠠ᠃ ᠲᠠᠷᠠᠭᠠᠴᠢ ᠶᠢᠨ ᠳᠤᠯᠠᠭᠠᠯᠭ᠎ᠠ ᠶᠢᠨ ᠵᠠᠩᠭᠢᠯᠠᠭ᠎ᠠ ᠶᠢᠨ ᠬᠤᠭᠤᠴᠠᠭᠠᠨ ᠳᠤ᠂ ᠶᠠᠨ ᠾᠧ ᠨᠡᠶᠢᠭᠡᠮ ᠲᠤᠭᠤᠷᠢᠭ ᠤᠨ ᠬᠢᠨ ᠠᠷᠠᠳ ᠢᠷᠭᠡᠳ ᠤᠨ ᠳᠤᠯᠠᠭᠠᠯᠭ᠎ᠠ ᠶᠢ ᠠᠰᠠᠭᠤᠬᠤ ᠠᠵᠢᠯ ᠢ ᠦᠷᠭᠦᠯᠵᠢᠯᠡᠨ ᠥᠷᠨᠢᠭᠦᠯᠵᠦ᠂ ᠰᠠᠭᠤᠭᠠᠯᠢ ᠠᠷᠠᠳ ᠤᠨ ᠳᠤᠯᠠᠭᠠᠨ ᠪᠦᠯᠢᠶᠡᠨ ᠢᠶᠠᠷ ᠡᠪᠦᠯᠵᠢᠬᠦ ᠶᠢ ᠬᠠᠮᠠᠭᠠᠯᠠᠨ᠎ᠠ᠃
     ᠳᠠᠷᠠᠭᠠᠴᠢ ᠶᠢᠨ ᠠᠯᠬᠤᠮ ᠳᠤ᠂ ᠶᠠᠨ ᠾᠧ ᠨᠡᠶᠢᠭᠡᠮ ᠲᠤᠭᠤᠷᠢᠭ ᠤᠨ ᠬᠢᠨ ᠦᠷᠭᠦᠯᠵᠢᠯᠡᠨ ᠠᠰᠠᠭᠤᠳᠠᠯ ᠢᠶᠠᠷ ᠤᠳᠤᠷᠢᠳᠤᠮᠵᠢ ᠪᠣᠯᠭᠠᠵᠤ᠂ ᠤᠯᠠᠨ ᠲᠦᠮᠡᠨ ᠤ ᠳᠡᠷᠭᠡᠳᠡᠬᠢ ᠪᠠᠭ᠎ᠠ ᠶᠠᠪᠤᠳᠠᠯ ᠠᠴᠠ ᠭᠠᠷᠳᠠᠵᠤ᠂ ᠴᠠᠭ ᠲᠤᠬᠠᠢ ᠳᠤᠨᠢ ᠠᠷᠠᠳ ᠤᠨ ᠰᠠᠨᠠᠭᠠᠰᠢᠷᠠᠯ᠂ ᠬᠡᠷᠡᠭᠴᠡᠭᠡ᠂ ᠪᠤᠳᠤᠯ ᠢ ᠠᠵᠢᠯ ᠳᠠᠭᠠᠨ ᠠᠭᠤᠰᠬᠠᠵᠤ᠂ ᠤᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠤᠨᠢᠨ ᠳᠡᠭᠡᠷ᠎ᠡ ᠨᠢ ᠰᠢᠢᠳᠪᠦᠷᠢᠯᠡᠵᠦ᠂ ᠦᠢᠯᠡᠴᠢᠯᠡᠭᠡ ᠶᠢ  ᠳᠤᠯᠠᠭᠠᠨ᠂ ᠬᠤᠷᠳᠤᠴᠠ ᠲᠠᠢ ᠪᠣᠯᠭᠠᠵᠤ᠂ ᠰᠠᠭᠤᠭᠠᠯᠢ ᠠᠷᠠᠳ ᠤᠨ ᠵᠣᠯ ᠵᠢᠷᠭᠠᠯᠲᠤ ᠲᠥᠷᠥᠭᠳᠡᠯ ᠢ ᠦᠨᠡᠨᠬᠦ ᠨᠡᠮᠡᠭᠳᠡᠭᠦᠯᠦᠨ᠎ᠡ᠃      ᠢᠷᠡᠯᠲᠡ᠄ ᠬᠤᠲᠣᠩ ᠠᠷᠠᠳ ᠤᠨ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠰᠦᠯᠵᠢᠶ᠎ᠡ
 
ᠢᠷᠡᠯᠲᠡ᠄ ᠬᠤᠲᠤᠩ ᠠᠷᠠᠳ ᠤᠨ ᠲᠣᠭᠤᠷᠢᠭ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号