ᠭᠤᠸᠠᠩ ᠮᠢᠩ ᠵᠠᠮ ᠤᠨ ᠬᠡᠷᠡᠭ ᠡᠷᠬᠢᠯᠡᠬᠦ ᠭᠠᠵᠠᠷ ᠤᠨ ᠶᠠᠨ ᠾᠧ ᠨᠡᠶᠢᠭᠡᠮ ᠲᠤᠭᠤᠷᠢᠭ ᠭᠠᠭᠴᠠᠭᠠᠷ ᠰᠠᠭᠠᠵᠤ ᠪᠠᠶᠢᠬᠤ ᠨᠠᠰᠤᠲᠠᠨ ᠳᠤ ᠬᠠᠯᠠᠮᠵᠢᠯᠠᠯ ᠬᠦᠷᠭᠡᠵᠡᠢ
ᠨᠡᠶᠢᠲᠡᠯᠡᠭᠰᠡᠨ ᠴᠠᠭ᠄
2024/1/25
     ᠣᠶᠢᠷ᠎ᠠ ᠳᠤ᠂ ᠭᠤᠸᠠᠩ ᠮᠢᠩ ᠵᠠᠮ ᠤᠨ ᠬᠡᠷᠡᠭ ᠡᠷᠬᠢᠯᠡᠬᠦ ᠭᠠᠵᠠᠷ ᠤᠨ ᠶᠠᠨ ᠾᠧ ᠨᠡᠶᠢᠭᠡᠮ ᠲᠣᠭᠤᠷᠢᠭ ᠤᠨ ᠠᠵᠢᠯᠲᠠᠨ ᠨᠢᠭᠡᠨ ᠨᠠᠰᠤᠲᠠᠨ ᠨᠡᠶᠢᠭᠡᠮ ᠲᠣᠭᠤᠷᠢᠭ ᠤᠨ ᠶᠡᠭᠡ ᠲᠢᠩᠬᠢᠮ ᠳᠤ ᠨᠠᠭᠠᠰᠢ ᠴᠠᠭᠠᠰᠢ ᠡᠷᠭᠢᠴᠡᠵᠦ ᠪᠠᠶᠢᠬᠤ ᠶᠢ ᠣᠯᠵᠤ ᠮᠡᠳᠡᠭᠡᠳ᠂ ᠲᠡᠷᠡ ᠳᠠᠷᠤᠢ ᠳᠤᠨᠢ ᠣᠴᠢᠵᠤ ︽ᠲᠠ ᠰᠠᠶᠢᠨ ᠪᠠᠢᠨ᠎ᠠ ᠤᠤ︖ ᠨᠠᠰᠤᠲᠠᠨ ᠠ᠂ ᠲᠠᠨ ᠳᠤ ᠲᠤᠰᠠᠯᠠᠮᠠᠷ ᠶᠠᠭᠤᠮ᠎ᠠ ᠪᠠᠢᠨ᠎ᠠ ᠤᠤ︖︾ ᠭᠡᠵᠦ ᠯᠠᠪᠯᠠᠨ ᠠᠰᠠᠭᠤᠭᠰᠠᠨ ᠪᠥᠭᠡᠳ ᠨᠠᠰᠤᠲᠠᠨ ᠢ ᠬᠠᠪᠰᠤᠷᠤᠨ ᠪᠣᠳᠠᠲᠠᠢ ᠬᠡᠷᠡᠭᠴᠡᠭᠡ ᠶᠢ ᠨᠢ ᠰᠢᠢᠳᠪᠦᠷᠢᠯᠡᠵᠦ ᠥᠭᠭᠦᠭᠰᠡᠨ ᠪᠠᠶᠢᠨ᠎ᠠ᠃
     ᠨᠡᠶᠢᠭᠡᠮ ᠲᠣᠭᠤᠷᠢᠭ ᠤᠨ ᠠᠵᠢᠯᠲᠠᠳ ᠲᠡᠭᠦᠨ ᠲᠠᠢ ᠶᠠᠷᠢᠯᠴᠠᠬᠤ ᠪᠠᠷ ᠳᠡᠮᠵᠢᠨ ᠣᠯᠵᠤ ᠮᠡᠳᠡᠭᠰᠡᠨ ᠨᠢ᠂ ᠭᠡᠷ ᠨᠢ ᠶᠠᠨ ᠾᠧ ᠬᠤᠷᠢᠶᠠᠯᠠᠯ ᠳᠤ ᠰᠠᠭᠤᠵᠤ ᠪᠠᠶᠢᠨ᠎ᠠ᠂ ᠨᠠᠰᠤᠲᠠᠨ ᠪᠣᠯ ᠵᠢᠷᠠ ᠭᠠᠷᠤᠭᠰᠠᠨ ᠭᠠᠭᠴᠠᠭᠠᠷ ᠰᠠᠭᠠᠵᠤ ᠪᠠᠶᠢᠬᠤ ᠨᠠᠰᠤᠲᠠᠨ ᠪᠣᠯᠬᠤᠷ ᠨᠡᠶᠢᠭᠡᠮ ᠲᠣᠭᠤᠷᠢᠭ ᠤᠨ ᠲᠤᠰᠠᠯᠠᠮᠵᠢ ᠶᠢ ᠡᠷᠢᠵᠦ ᠣᠨᠴᠠᠭᠠᠶ ᠲᠡᠳᠬᠦᠮᠵᠢ ᠶᠢᠨ ᠮᠥᠩᠭᠦ ᠠᠪᠬᠤ ᠭᠡᠵᠦ ᠪᠠᠶᠢᠨ᠎ᠠ᠃ ᠠᠵᠢᠯᠲᠠᠳ ᠲᠡᠷᠡ ᠳᠠᠷᠤᠢ ᠳᠤᠨᠢ ᠨᠠᠰᠤᠲᠠᠨ ᠢ ᠬᠠᠯᠠᠭᠤᠨ ᠢᠶᠠᠷ ᠬᠠᠪᠰᠤᠷᠤᠨ ᠣᠨᠴᠠ ᠲᠡᠳᠬᠦᠮᠵᠢ ᠶᠢᠨ ᠭᠤᠶᠤᠴᠢᠯᠠᠯ ᠤᠨ ᠬᠠᠮᠢᠶ᠎ᠠ ᠪᠦᠬᠦᠢ ᠮᠠᠲ᠋ᠧᠷᠢᠶᠠᠯ ᠢ ᠡᠮᠬᠢᠯᠡᠵᠦ ᠥᠭᠬᠦ ᠶᠢᠨ ᠬᠠᠮᠲᠤ ᠦᠷᠭᠦᠯᠵᠢᠯᠡᠨ ᠭᠦᠢᠴᠡᠳᠬᠡᠬᠦ ᠶᠠᠪᠤᠴᠠ ᠶᠢ ᠢᠳᠡᠪᠬᠢᠲᠡᠢ ᠳᠠᠭᠠᠵᠠᠢ᠃ ᠡᠭᠦᠨ ᠠᠴᠠ ᠭᠠᠳᠠᠨ᠎ᠠ᠂ ᠠᠵᠢᠯᠲᠠᠳ ᠪᠠᠰᠠ ᠨᠠᠰᠤᠲᠠᠨ ᠤ ᠣᠶᠢᠷ᠎ᠠ ᠶᠢᠨ ᠬᠤᠭᠤᠴᠠᠭᠠᠨ ᠤ ᠠᠮᠢᠳᠤᠷᠠᠯ ᠤᠨ ᠪᠠᠶᠢᠳᠠᠯ ᠢ ᠬᠠᠯᠠᠮᠵᠢᠯᠠᠨ ᠠᠰᠠᠭᠤᠵᠤ᠂ ᠨᠠᠰᠤᠲᠠᠨ ᠤ ᠪᠡᠶ᠎ᠡ ᠪᠠᠨ ᠰᠠᠶᠢᠲᠤᠷ ᠭᠠᠮᠨᠠᠭᠠᠷᠠᠢ ᠭᠡᠵᠦ ᠵᠠᠬᠢᠵᠤ᠂ ᠨᠠᠰᠤᠲᠠᠨ ᠤ ᠢᠳᠡᠪᠬᠢᠲᠡᠢ ᠪᠠᠶᠠᠰᠤᠩᠭᠤᠢ ᠠᠮᠢᠳᠤᠷᠠᠬᠤ ᠶᠢ ᠵᠣᠷᠢᠭᠵᠢᠭᠤᠯᠵᠤ᠂ ᠨᠠᠰᠤᠲᠠᠨ ᠤ ᠬᠠᠪᠰᠤᠷᠤᠨ ᠭᠦᠢᠴᠡᠳᠭᠡᠭᠴᠢ ᠶᠢᠨ ︽ᠬᠤᠷᠳᠤᠴᠠ︾ ᠪᠠ ᠨᠡᠶᠢᠭᠡᠮ ᠲᠣᠭᠤᠷᠢᠭ ᠤᠨ ᠦᠢᠯᠡᠴᠢᠯᠡᠭᠡᠨ ᠤ ︽ᠬᠠᠯᠠᠭᠤᠨ ᠳᠤᠯᠠᠭᠠᠨ︾ ᠢ ᠦᠨᠡᠨ ᠬᠦ ᠮᠡᠳᠡᠷᠡᠭᠦᠯᠦᠭᠰᠡᠨ ᠪᠠᠶᠢᠨ᠎ᠠ᠃
     ᠳᠠᠷᠠᠭᠠᠴᠢ ᠶᠢᠨ ᠠᠯᠬᠤᠮ ᠳᠤ᠂ ᠶᠠᠨ ᠾᠧ ᠨᠡᠶᠢᠭᠡᠮ ᠲᠤᠭᠤᠷᠢᠭ ᠤᠨ ᠬᠢᠨ ᠣᠨᠴᠠ ᠲᠡᠳᠬᠦᠮᠵᠢ ᠶᠢᠨ ᠭᠡᠷ ᠪᠦᠯᠢ ᠶᠢ ᠬᠠᠯᠠᠮᠵᠢᠯᠠᠨ ᠬᠠᠶᠢᠷᠠᠯᠠᠬᠤ ᠶᠢ ᠦᠷᠭᠦᠯᠵᠢᠯᠡᠨ ᠴᠢᠩᠭᠠᠷᠠᠭᠤᠯᠵᠤ᠂ ᠲᠣᠭᠲᠠᠮᠠᠯ ᠬᠤᠭᠤᠴᠠᠭ᠎ᠠ ᠲᠠᠢ ᠪᠠᠷ ᠨᠠᠮ ᠤᠨ ᠭᠡᠰᠢᠭᠦᠨ᠂ ᠰᠠᠶᠢᠨ ᠳᠤᠷ᠎ᠠ ᠶᠢᠨ ᠦᠢᠯᠡᠴᠢᠯᠡᠭᠴᠢ᠂ ᠲᠤᠤᠷᠵᠢᠭᠰᠠᠨ ᠰᠦᠯᠵᠢᠶᠡᠨ ᠤ ᠬᠠᠮᠢᠶᠠᠷᠤᠯᠲᠠ ᠶᠢᠨ ᠠᠵᠢᠯᠲᠠᠨ ᠢ ᠵᠣᠬᠢᠶᠠᠨ ᠪᠠᠶᠢᠭᠤᠯᠤᠨ ᠭᠡᠷ ᠲᠤᠨᠢ ᠬᠦᠷᠴᠦ ᠰᠤᠷᠪᠤᠯᠵᠢᠯᠠᠬᠤ᠂ ᠤᠲᠠᠰᠤ ᠪᠠᠷ ᠲᠣᠬᠤᠨᠢᠭᠤᠯᠬᠤ ᠪᠠᠷ ᠳᠠᠮᠵᠢᠭᠤᠯᠵᠤ᠂ ᠲᠡᠳᠡᠨ ᠤ ᠪᠡᠶ᠎ᠡ ᠶᠢᠨ ᠪᠠᠶᠢᠳᠠᠯ ᠪᠣᠯᠣᠨ ᠠᠮᠢᠳᠤᠷᠠᠯ ᠤᠨ ᠪᠠᠶᠢᠳᠠᠯ ᠢ ᠴᠠᠭ ᠲᠤᠬᠠᠢ ᠳᠤᠨᠢ ᠣᠶᠢᠯᠠᠭᠠᠵᠤ᠂ ᠲᠡᠳᠡᠨ ᠳᠤ ᠠᠮᠢᠳᠤᠷᠠᠯ ᠤᠨ ᠲᠠᠯ᠎ᠠ ᠪᠠᠷ ᠬᠢ ᠬᠠᠷᠠᠭᠠᠯᠵᠠᠯ ᠪᠣᠯᠣᠨ ᠤᠶᠤᠨ ᠰᠠᠨᠠᠭᠠᠨ ᠤ ᠲᠠᠯ᠎ᠠ ᠪᠠᠷ ᠬᠢ ᠵᠣᠷᠢᠭᠵᠢᠭᠤᠯᠤᠯ ᠥᠭᠴᠦ᠂ ᠲᠡᠳᠡᠨ ᠳᠤ ᠨᠡᠶᠢᠭᠡᠮ ᠲᠣᠭᠤᠷᠢᠭ ᠤᠨ ᠶᠡᠭᠡ ᠭᠡᠷ ᠪᠦᠯᠢ ᠶᠢᠨ ᠬᠠᠶᠢᠷ᠎ᠠ ᠪᠣᠯᠣᠨ ᠬᠠᠯᠠᠮᠵᠢ ᠶᠢ ᠬᠦᠷᠲᠡᠭᠡᠨ᠎ᠡ᠃      ᠢᠷᠡᠯᠲᠡ᠄ ᠬᠤᠲᠣᠩ ᠠᠷᠠᠳ ᠤᠨ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠰᠦᠯᠵᠢᠶ᠎ᠡ
 
ᠢᠷᠡᠯᠲᠡ᠄ ᠬᠤᠲᠤᠩ ᠠᠷᠠᠳ ᠤᠨ ᠲᠣᠭᠤᠷᠢᠭ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号