ᠬᠤᠲᠣᠩ ᠠᠷᠠᠳ ᠤᠨ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠠᠵᠢᠯᠴᠢᠳ ᠢ ᠬᠠᠯᠠᠮᠵᠢᠯᠠᠬᠤ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠪᠡ᠃
ᠨᠡᠶᠢᠲᠡᠯᠡᠭᠰᠡᠨ ᠴᠠᠭ᠄
2024/1/26
      ᠣᠶᠢᠷ᠎ᠠ ᠳᠤ᠂ ᠶᠡᠭᠡ ᠴᠠᠰᠤ ᠨᠢ ᠬᠥᠬᠡᠬᠤᠲᠠ ᠳᠤ ᠮᠥᠩᠭᠦᠨ ᠴᠠᠭᠠᠨ ᠥᠩᠭᠡ ᠪᠠᠷ ᠬᠤᠴᠢᠭᠳᠠᠭᠰᠠᠨ ᠪᠠᠶᠢᠳᠠᠯ ᠢ ᠠᠪᠴᠢᠷᠠᠵᠤ ᠥᠭᠭᠦᠭᠰᠡᠨ ᠪᠥᠭᠡᠳ ᠬᠥᠮᠥᠰ ᠤᠨ ᠶᠠᠪᠤᠵᠤ ᠰᠠᠭᠤᠬᠤ ᠳᠤ ᠴᠤ ᠬᠦᠴᠢᠷᠳᠡᠯ ᠠᠪᠴᠢᠷᠠᠵᠤ ᠥᠭᠴᠡᠢ᠂ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠴᠢᠳ ᠲᠡᠷᠭᠡ ᠬᠥᠰᠬᠡ ᠪᠣᠯᠣᠨ ᠶᠠᠪᠠᠭᠠᠨ ᠬᠥᠮᠥᠨ ᠤ ᠠᠮᠤᠷ ᠲᠦᠪᠰᠢᠨ ᠢᠶᠠᠷ ᠶᠠᠪᠤᠵᠤ ᠰᠠᠭᠤᠬᠤ ᠶᠢ ᠪᠠᠲᠤᠯᠠᠬᠤ ᠬᠠᠮᠠᠭᠠᠯᠠᠭᠴᠢ ᠪᠣᠯᠵᠤ᠂ ᠵᠡᠭᠡᠯᠢ ᠭᠤᠳᠤᠮᠵᠢ ᠶᠢᠨ ᠬᠤᠷᠠᠭᠰᠠᠨ ᠴᠠᠰᠤ ᠶᠢ ᠴᠢᠷᠮᠠᠶᠢᠨ ᠴᠡᠪᠡᠷᠯᠡᠵᠦ᠂ ᠦᠨᠳᠦᠷ ᠬᠡᠮᠵᠢᠶ᠎ᠡ ᠶᠢᠨ ᠪᠡᠶ᠎ᠡ ᠶᠢᠨ ᠬᠥᠳᠡᠯᠮᠦᠷᠢ ᠪᠣᠯᠣᠨ ᠬᠠᠬᠢᠷ ᠬᠦᠢᠲᠡᠨ ᠠᠭᠤᠷ ᠠᠮᠢᠰᠬᠤᠯ ᠨᠢ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠴᠢᠳ ᠤᠨ ᠪᠡᠶ᠎ᠡ ᠮᠠᠬᠠᠪᠤᠳ ᠤᠨ ᠡᠷᠡᠭᠦᠯ ᠮᠡᠨᠳᠦ ᠳᠤ ᠬᠦᠨᠳᠦ ᠬᠡᠴᠡᠭᠦᠦ ᠰᠢᠯᠭᠠᠯᠲᠠ ᠪᠣᠯᠵᠤ ᠪᠠᠶᠢᠨ᠎ᠠ᠃ 1 ᠰᠠᠷ᠎ᠠ ᠶᠢᠨ 22 ᠤᠨ ᠡᠳᠦᠷ ᠤᠨ ᠦᠳᠡ ᠶᠢᠨ ᠬᠤᠶᠢᠨ᠎ᠠ᠂ ᠬᠤᠲᠣᠩ ᠠᠷᠠᠳ ᠤᠨ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠬᠤᠲᠣᠩ ᠠᠷᠠᠳ ᠤᠨ ᠲᠣᠭᠤᠷᠢᠭ ᠤᠨ ᠲᠥᠯᠥᠪᠯᠡᠭᠡᠲᠦ ᠦᠷᠡᠵᠢᠯ ᠤᠨ ᠨᠡᠶᠢᠭᠡᠮᠯᠢᠭ ᠤᠨ ᠬᠢᠨ ᠲᠦᠩ ᠳ᠋ᠣᠣ ᠵᠠᠮ ᠤᠨ ᠬᠤᠶᠢᠲᠤ ᠵᠡᠭᠡᠯᠢ ᠶᠢᠨ ᠨᠡᠶᠢᠭᠡᠮ ᠲᠣᠭᠤᠷᠢᠭ ᠲᠤ ᠬᠦᠷᠴᠦ ᠰᠢᠨᠬᠤᠸᠠ ᠪᠠᠷᠠᠭᠤᠨ ᠵᠡᠭᠡᠯᠢ ᠶᠢᠨ ᠬᠡᠷᠡᠭ ᠡᠷᠬᠢᠯᠡᠬᠦ ᠭᠠᠵᠠᠷ ᠤᠨ ᠬᠠᠷᠢᠶ᠎ᠠ ᠲᠣᠭᠤᠷᠢᠭ ᠤᠨ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠴᠢᠳ ᠲᠤ ︽ᠪᠠ ᠳ᠋ᠤᠸᠠᠨ ᠶᠢᠨ ᠢ ᠰᠣᠷᠣᠯᠴᠠᠵᠤ᠂ ᠰᠢᠨᠵᠢᠯᠡᠬᠦ ᠤᠬᠠᠭᠠᠨ ᠤ ᠬᠥᠳᠡᠯᠭᠡᠭᠡᠨ ᠨᠠᠩ ᠡᠷᠡᠭᠦᠯ ᠴᠢᠭᠢᠷᠠᠭ ᠪᠣᠯᠬᠤ︾ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠴᠢᠳ ᠢ ᠬᠠᠯᠠᠮᠵᠢᠯᠠᠬᠤ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠪᠡ᠃      ᠠᠵᠢᠯᠯᠠᠬᠤ ᠴᠠᠭ ᠤᠨ ᠬᠢᠵᠠᠭᠠᠷᠯᠠᠯ ᠠᠴᠠ ᠪᠣᠯᠵᠤ᠂ ᠲᠤᠰ ᠤᠳᠠᠭ᠎ᠠ ᠶᠢᠨ ᠠᠵᠢᠯᠯᠠᠭ᠎ᠠ ᠳᠤ ᠰᠢᠨᠬᠤᠸᠠ ᠪᠠᠷᠠᠭᠤᠨ ᠵᠡᠭᠡᠯᠢ ᠶᠢᠨ ᠬᠡᠷᠡᠭ ᠡᠷᠬᠢᠯᠡᠬᠦ ᠭᠠᠵᠠᠷ ᠤᠨ ᠡᠯ᠎ᠡ ᠨᠡᠶᠢᠭᠡᠮ ᠲᠣᠭᠤᠷᠢᠭ ᠤᠨ ᠠᠵᠢᠯᠲᠠᠳ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠴᠢᠨ ᠤ ᠲᠥᠯᠥᠭᠡᠯᠡᠭᠴᠢ ᠶᠢ ᠳᠠᠭᠠᠭᠤᠯᠤᠨ ᠣᠷᠣᠯᠴᠠᠵᠠᠢ᠃ ᠡᠷᠡᠭᠦᠯ ᠬᠠᠮᠠᠭᠠᠯᠠᠯ ᠡᠷᠡᠭᠦᠯ ᠬᠠᠮᠠᠭᠠᠯᠠᠯ ᠤᠨ ᠵᠥᠪᠯᠡᠯ ᠤᠨ ᠠᠵᠢᠯᠲᠠᠳ ᠪᠠ ᠳ᠋ᠤᠸᠠᠨ ᠶᠢᠨ ᠤ ᠢᠷᠡᠯᠲᠡ᠂ ᠪᠠ ᠳ᠋ᠤᠸᠠᠨ ᠶᠢᠨ ᠤ ᠪᠣᠯᠪᠠᠰᠤᠷᠠᠯ ᠤᠨ ᠠᠰᠢᠭ ᠲᠤᠰᠠ ᠪᠣᠯᠣᠨ ᠪᠡᠶ᠎ᠡ ᠶᠢᠨ ᠬᠥᠳᠡᠯᠮᠦᠷᠢ ᠶᠢᠨ ᠢᠯᠭᠠᠭ᠎ᠠ ᠶᠢ ᠲᠠᠨᠢᠯᠴᠠᠭᠤᠯᠵᠤ᠂ ᠤᠯᠤᠰ ᠠᠴᠠ ᠪᠠ ᠳ᠋ᠤᠸᠠᠨ  ᠶᠢᠨ ᠢ ᠳᠡᠯᠭᠡᠷᠡᠭᠦᠯᠬᠦ ᠨᠢ ᠰᠢᠯᠢᠳᠡᠭ ᠤᠯᠠᠮᠵᠢᠯᠠᠯᠲᠤ ᠰᠣᠶᠣᠯ ᠢ ᠠᠷᠠᠳ ᠤᠯᠠᠨ ᠤ ᠡᠷᠡᠭᠦᠯ ᠮᠡᠨᠳᠤ ᠳᠤ ᠦᠢᠯᠡᠴᠢᠯᠡᠭᠦᠯᠬᠦ ᠶᠢᠨ ᠠᠯᠤᠰ ᠭᠡᠳᠤ ᠶᠢᠨ ᠠᠴᠢ ᠬᠤᠯᠪᠣᠭᠳᠠᠯ ᠢ ᠤᠯᠠᠨ ᠳᠤ ᠤᠬᠠᠭᠤᠯᠪᠠ᠃ ᠲᠤᠬᠠᠢ ᠶᠢᠨ ᠲᠠᠯᠠᠪᠤᠷ ᠲᠤ ᠪᠡᠭᠡᠵᠢᠩ ᠬᠤᠲᠠ ᠶᠢᠨ ᠨᠡᠶᠢᠭᠡᠮ ᠤᠨ ᠪᠡᠶ᠎ᠡ ᠶᠢᠨ ᠲᠠᠮᠢᠷ ᠤᠨ ᠬᠠᠮᠢᠶᠠᠷᠤᠯᠲᠠ ᠶᠢᠨ ᠲᠥᠪ ᠤᠨ ᠦᠢᠯᠡᠳᠦᠭᠰᠡᠨ ᠪᠠ ᠳ᠋ᠤᠸᠠᠨ ᠶᠢᠨ ᠤ ᠠᠮᠠᠨ ᠳᠣᠬᠢᠶᠠᠨ ᠤ ᠬᠡᠯᠪᠡᠷᠢ ᠶᠢᠨ ᠸᠢᠳᠢᠤ᠋ ᠶᠢ ᠨᠠᠪᠲᠠᠷᠡᠭᠦᠯᠵᠦ᠂ ᠬᠥᠳᠡᠯᠭᠡᠭᠡᠨ ᠢ ᠵᠠᠳᠠᠯᠤᠭᠰᠠᠨ ᠤ ᠳᠠᠷᠠᠭ᠎ᠠ ᠣᠯᠠᠨ ᠳᠤ ᠲᠠᠶᠢᠯᠪᠤᠷᠢᠯᠠᠨ ᠥᠭᠴᠦ᠂ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠴᠢᠳ ᠤᠨ ᠠᠵᠢᠯ ᠤᠨ ᠵᠠᠪᠰᠠᠷ ᠲᠤ ᠪᠠ ᠳ᠋ᠤᠸᠠᠨ ᠶᠢᠨ ᠢᠶᠠᠷ ᠪᠡᠶ᠎ᠡ ᠪᠠᠨ ᠳᠡᠯᠭᠡᠵᠦ᠂ ᠠᠵᠢᠯ ᠤᠨ ᠶᠠᠳᠠᠷᠠᠭ᠎ᠠ ᠪᠠᠨ ᠬᠥᠩᠭᠡᠷᠡᠭᠦᠯᠵᠦ᠂ ᠪᠡᠶ᠎ᠡ ᠮᠠᠬᠠᠪᠤᠳ ᠤᠨ ᠡᠷᠡᠭᠦᠯ ᠴᠢᠭᠢᠷᠠᠭ ᠢᠶᠠᠨ ᠪᠦᠲᠦᠮᠵᠢᠲᠡᠶ ᠬᠠᠮᠠᠭᠠᠯᠠᠬᠤ ᠶᠢ ᠵᠣᠷᠢᠭᠵᠢᠭᠤᠯᠵᠠᠢ᠃      ᠠᠵᠢᠯᠯᠠᠭ᠎ᠠ ᠳᠠᠭᠤᠰᠤᠭᠰᠠᠨ ᠤ ᠳᠠᠷᠠᠭ᠎ᠠ᠂ ᠰᠠᠶᠢᠨ ᠳᠤᠷ᠎ᠠ ᠶᠢᠨ ᠦᠢᠯᠡᠴᠢᠯᠡᠭᠡᠨ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠴᠢᠳ ᠲᠤ ᠠᠮᠠᠪᠴᠢ ᠵᠡᠷᠭᠡ ᠡᠳ᠋ ᠪᠣᠳᠠᠰ ᠰᠠᠪᠠᠯᠠᠭᠰᠠᠨ ᠬᠠᠶᠢᠷ᠎ᠠ ᠬᠠᠯᠠᠮᠵᠢ ᠶᠢᠨ ᠪᠣᠭᠴᠣ ᠲᠦᠭᠡᠭᠡᠨ ᠥᠭᠴᠦ᠂ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠴᠢᠳ ᠲᠤ ᠬᠥᠳᠡᠯᠮᠦᠷᠢ ᠶᠢᠨ ᠬᠠᠮᠠᠭᠠᠯᠠᠯᠲᠠ  ᠶᠢ ᠰᠠᠶᠢᠲᠤᠷ ᠬᠢᠵᠦ᠂ ᠥᠪᠡᠷ ᠤᠨ ᠪᠡᠶ᠎ᠡ ᠶᠢᠨ ᠡᠷᠡᠭᠦᠯ ᠮᠡᠨᠳᠦ ᠠᠮᠤᠷ ᠲᠦᠪᠰᠢᠨ ᠢ ᠦᠨᠡᠨᠬᠦ ᠪᠠᠲᠤᠯᠠᠵᠤ᠂ ᠨᠢᠭᠡᠳᠦᠭᠡᠷ ᠹᠷᠣᠨᠲ ᠲᠤ ᠰᠢᠷᠭᠠᠭᠤ ᠠᠵᠢᠯᠯᠠᠵᠤ ᠪᠠᠶᠢᠭ᠎ᠠ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠴᠢᠳ ᠲᠤ ᠨᠡᠶᠢᠭᠡᠮ ᠤᠨ ᠬᠠᠶᠢᠷ᠎ᠠ ᠬᠠᠯᠠᠮᠵᠢ ᠶᠢ ᠬᠦᠷᠲᠡᠭᠡᠬᠦ ᠬᠡᠷᠡᠭᠲᠡᠢ ᠭᠡᠵᠦ ᠵᠠᠬᠢᠭᠰᠠᠨ ᠪᠠᠶᠢᠨ᠎ᠠ᠃      ᠢᠷᠡᠯᠲᠡ᠄ ᠬᠤᠲᠣᠩ ᠠᠷᠠᠳ ᠤᠨ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠰᠦᠯᠵᠢᠶ᠎ᠡ
 
ᠢᠷᠡᠯᠲᠡ᠄ ᠬᠤᠲᠤᠩ ᠠᠷᠠᠳ ᠤᠨ ᠲᠣᠭᠤᠷᠢᠭ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号