ᠲᠣᠭᠤᠷᠢᠭ ᠤᠨ ᠳᠠᠷᠤᠭ᠎ᠠ ᠴᠢᠶᠣᠤ ᠸᠧᠠ ᠵᠢᠶ᠋ᠧ ᠠᠶᠤᠯᠭᠦᠢ ᠦᠢᠯᠡᠳᠪᠦᠷᠢᠯᠡᠯ ᠤᠨ ᠠᠵᠢᠯ ᠢ ᠲᠤᠬᠠᠢ ᠶᠢᠨ ᠲᠠᠯᠠᠪᠠᠶ ᠳᠤ ᠬᠢᠨᠠᠨ ᠵᠢᠯᠤᠭᠤᠳᠴᠤ ᠪᠠᠶᠢᠴᠠᠭᠠᠪᠠ
ᠨᠡᠶᠢᠲᠡᠯᠡᠭᠰᠡᠨ ᠴᠠᠭ᠄
2024/1/29
      ᠠᠷᠠᠳ ᠤᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨᠬᠦ ᠪᠠᠲᠤᠯᠠᠵᠤ᠂ ᠠᠮᠤᠷ ᠲᠣᠭᠲᠠᠭᠤᠨ ᠡᠮᠬᠢ ᠳᠢᠭᠯᠢᠮ ᠲᠠᠢ ᠨᠡᠶᠢᠭᠡᠮ ᠤᠨ ᠣᠷᠴᠢᠨ ᠲᠣᠭᠤᠷᠢᠨ ᠢ ᠪᠤᠢ ᠪᠣᠯᠭᠠᠬᠤ ᠶᠢᠨ ᠲᠥᠯᠥᠭᠡ᠂ 1 ᠰᠠᠷ᠎ᠠ ᠶᠢᠨ 26  ᠤ ᠡᠳᠦᠷ᠂ ᠲᠣᠭᠤᠷᠢᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠵᠠᠰᠠᠭ ᠤᠨ ᠣᠷᠳᠣᠨ ᠤ ᠲᠣᠭᠤᠷᠢᠭ ᠤᠨ ᠳᠠᠷᠤᠭ᠎ᠠ ᠴᠢᠶᠣᠤ ᠸᠧᠠ ᠵᠢᠶ᠋ᠧ ᠪᠦᠯᠬᠦᠮ ᠳᠠᠭᠠᠭᠤᠯᠤᠨ ᠬᠠᠷᠢᠶ᠎ᠠ ᠣᠷᠣᠨ ᠤ ᠬᠤᠳᠠᠯᠳᠤᠭᠠᠨ ᠤ ᠲᠠᠯᠠᠪᠤᠷ᠂ ᠰᠤᠷᠭᠠᠭᠤᠯᠢ᠂ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ᠂ ᠨᠠᠰᠤᠲᠠᠨ ᠢ ᠠᠰᠠᠷᠠᠬᠤ ᠬᠦᠷᠢᠶᠡᠯᠡᠩ ᠵᠡᠷᠭᠡ ᠭᠠᠵᠠᠷ ᠢᠶᠠᠷ ᠭᠦᠨᠵᠡᠭᠡᠶᠢᠷᠡᠨ ᠠᠶᠤᠯᠭᠦᠢ ᠦᠢᠯᠡᠳᠪᠦᠷᠢᠯᠡᠯ ᠤᠨ ᠠᠵᠢᠯ ᠢ ᠲᠤᠬᠠᠢ ᠶᠢᠨ ᠭᠠᠵᠠᠷ ᠲᠤᠨᠢ ᠱᠠᠯᠠᠪᠳᠠᠭᠤᠯᠤᠨ ᠵᠢᠯᠤᠭᠤᠳᠴᠤ ᠪᠠᠶᠢᠴᠠᠭᠠᠵᠠᠢ᠃      ᠱᠠᠯᠠᠪᠳᠠᠭᠤᠯᠤᠨ ᠵᠢᠯᠤᠭᠤᠳᠴᠤ ᠪᠠᠶᠢᠴᠠᠭᠠᠬᠤ ᠶᠠᠪᠤᠴᠠ ᠳᠤ᠂ ᠴᠢᠶᠣᠤ ᠸᠧᠠ ᠵᠢᠶ᠋ᠧ ᠡᠯ᠎ᠡ ᠲᠠᠯᠠᠪᠤᠷ ᠤᠨ ᠠᠶᠤᠯᠭᠦᠢ ᠦᠢᠯᠡᠳᠪᠦᠷᠢᠯᠡᠯ ᠤᠨ ᠠᠵᠢᠯ ᠤᠨ ᠨᠠᠶᠢᠳᠠᠪᠤᠷᠢᠵᠢᠭᠤᠯᠤᠯᠲᠠ ᠶᠢᠨ ᠪᠠᠶᠢᠳᠠᠯ ᠢ ᠨᠠᠷᠢᠨ ᠬᠢᠨᠠᠮᠠᠭᠠᠢ ᠪᠠᠶᠢᠴᠠᠭᠠᠨ ᠠᠰᠠᠭᠤᠵᠤ᠂ ᠲᠤᠬᠠᠢ ᠶᠢᠨ ᠲᠠᠯᠠᠪᠤᠷ ᠲᠤ ᠢᠯᠡᠷᠡᠭᠦᠯᠦᠭᠰᠡᠨ ᠪᠣᠳᠠᠲᠠᠢ ᠠᠰᠠᠭᠤᠳᠠᠯ ᠳᠤ ᠴᠢᠭᠯᠡᠭᠦᠯᠦᠨ᠂ ᠬᠠᠷᠢᠭᠤᠴᠠᠯᠭᠠᠲᠤ ᠰᠠᠯᠠᠭ᠎ᠠ ᠮᠥᠴᠢᠷ ᠢ ᠠᠵᠤ ᠠᠬᠤᠶᠢᠯᠠᠯ ᠢ ᠴᠢᠩᠭ᠎ᠠ ᠠᠩᠬᠠᠷᠴᠤ ᠴᠡᠭᠴᠡᠯᠡᠨ ᠰᠠᠶᠢᠵᠢᠷᠠᠭᠤᠯᠬᠤ ᠠᠵᠢᠯ ᠢ ᠲᠦᠷᠭᠡᠨ ᠠᠳᠬᠤᠬᠤ ᠬᠡᠷᠡᠭᠲᠡᠢ ᠭᠡᠵᠦ ᠱᠠᠭᠠᠷᠳᠠᠪᠠ᠃ ᠪᠠᠰᠠ ᠵᠢᠭᠠᠵᠤ ᠭᠠᠷᠭᠠᠭᠰᠠᠨ ᠨᠢ᠂ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠬᠦᠨᠳᠦ᠂ ᠣᠯᠠᠨ ᠲᠦᠮᠡᠨ ᠤ ᠲᠤᠰ ᠪᠡᠶ᠎ᠡ ᠶᠢᠨ ᠠᠰᠢᠭ ᠲᠤᠰᠠ ᠳᠤ ᠬᠤᠯᠪᠣᠭᠳᠠᠵᠤ᠂ ᠪᠦᠬᠦ ᠲᠤᠭᠤᠷᠢᠭ ᠢᠶᠠᠷ ᠢᠶᠠᠨ ᠡᠷᠬᠡᠪᠰᠢ ᠶᠡᠷᠦᠩᠬᠡᠢ ᠱᠦᠵᠢ ᠰᠢ ᠶᠢᠨ ᠫᠢᠩ ᠤᠨ ᠠᠶᠤᠯᠭᠦᠢ ᠦᠢᠯᠡᠳᠪᠦᠷᠢᠯᠡᠯ ᠤᠨ ᠠᠵᠢᠯ ᠤᠨ ᠲᠤᠬᠠᠢ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠵᠤ᠂ ᠡᠯ᠎ᠡ ᠭᠠᠵᠠᠷ ᠤᠨ ᠠᠶᠤᠯᠭᠦᠢ ᠦᠢᠯᠡᠳᠪᠦᠷᠢᠯᠡᠯ ᠤᠨ ᠠᠳᠡᠯ ᠠᠴᠠ ᠭᠦᠨᠵᠡᠭᠡᠢ ᠰᠤᠷᠭᠠᠮᠵᠢ ᠠᠪᠴᠤ᠂ ︽ᠭᠤᠷᠪᠠ ᠶᠢ ᠬᠠᠮᠢᠶᠠᠷᠴᠤ ᠭᠤᠷᠪᠠ ᠶᠢ ᠡᠷᠬᠡᠪᠰᠢ ᠭᠦᠢᠴᠡᠳᠬᠡᠬᠦ︾ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠰᠤᠷᠭᠠᠭᠤᠯᠢ᠂ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ᠂ ᠬᠠᠭᠤᠴᠢᠨ ᠬᠤᠷᠢᠶᠠᠯᠠᠯ᠂ ᠬᠥᠮᠥᠨ ᠬᠠᠷ᠎ᠠ ᠨᠢᠭᠲᠠᠷᠠᠨ ᠴᠤᠭᠯᠠᠷᠠᠭᠰᠠᠨ ᠭᠠᠵᠠᠷ ᠲᠠᠯᠠᠪᠤᠷ᠂ ᠰᠢᠲᠠᠮᠠᠬᠠᠢ ᠬᠡᠢ᠂ ᠠᠵᠤ ᠦᠢᠯᠡᠳᠪᠦᠷᠢ᠂ ᠠᠶᠤᠯᠲᠠᠢ ᠬᠢᠮᠢ ᠶᠢᠨ ᠪᠣᠳᠠᠰ᠂ ᠣᠨᠴᠠ ᠲᠥᠷᠥᠯ ᠤᠨ ᠲᠥᠬᠦᠭᠡᠷᠦᠮᠵᠢ᠂ ᠵᠠᠮ ᠬᠠᠷᠢᠯᠴᠠᠭ᠎ᠠ ᠲᠡᠭᠡᠭᠡᠪᠦᠷᠢ ᠵᠡᠷᠭᠡ ᠬᠦᠷᠢᠶ᠎ᠡ ᠴᠠᠷᠠᠭ᠎ᠠ ᠳᠤ ᠠᠩᠬᠠᠷᠤᠯ ᠢᠶᠠᠨ ᠲᠥᠪᠯᠡᠷᠡᠭᠦᠯᠦᠨ᠂ ᠠᠶᠤᠯᠭᠦᠢ ᠦᠢᠯᠡᠳᠪᠦᠷᠢᠯᠡᠯ ᠤᠨ ᠬᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠴᠢᠩᠭ᠎ᠠ ᠨᠢᠮᠪᠠᠢ ᠪᠥᠭᠡᠳ ᠪᠦᠷᠢᠨ ᠬᠠᠮᠤᠷᠬᠤ ᠶᠢ ᠥᠷᠨᠢᠭᠦᠯᠵᠦ᠂ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ᠂ ᠭᠠᠯ ᠤᠨᠲᠠᠷᠠᠭᠠᠬᠤ ᠨᠡᠪᠲᠡᠷᠡᠬᠦ ᠵᠠᠮ᠂ ᠭᠠᠯ ᠤᠨᠲᠠᠷᠠᠭᠠᠬᠤ ᠲᠥᠬᠦᠭᠡᠷᠦᠮᠵᠢ᠂ ᠤᠰᠤ ᠴᠠᠬᠢᠯᠭᠠᠨ ᠬᠡᠷᠡᠭᠯᠡᠬᠦ ᠵᠡᠷᠭᠡ ᠲᠠᠯ᠎ᠠ ᠶᠢ ᠭᠤᠣᠯᠳᠠᠯᠭ᠎ᠠ ᠲᠠᠢ ᠪᠠᠶᠢᠴᠠᠭᠠᠵᠤ᠂ ᠡᠯ᠎ᠡ ᠲᠥᠷᠥᠯ ᠤᠨ ᠬᠡᠮ ᠰᠣᠭᠤᠭ ᠢ ᠬᠦᠴᠦᠯᠡᠨ ᠠᠷᠢᠯᠭᠠᠵᠤ᠂ ᠠᠶᠤᠯ ᠲᠦᠭᠰᠢᠭᠦᠷᠢ ᠶᠢ ᠤᠷᠢᠳᠴᠢᠯᠠᠨ ᠰᠡᠷᠭᠡᠶᠢᠯᠡᠬᠦ ᠶᠢ ᠪᠡᠶᠡᠯᠡᠭᠦᠯᠦᠨ᠎ᠡ᠃ ᠠᠵᠢᠯ ᠡᠷᠬᠢᠯᠡᠭᠰᠡᠳ ᠤᠨ ᠠᠮᠤᠷ ᠲᠦᠪᠰᠢᠨ ᠤ ᠤᠬᠠᠮᠰᠠᠷ ᠢ ᠤᠯᠠᠮ ᠨᠢᠭᠡ ᠠᠯᠬᠤᠮ ᠴᠢᠩᠭᠠᠳᠬᠠᠵᠤ᠂ ᠪᠠᠴᠢᠮ ᠪᠠᠶᠢᠳᠠᠯ ᠢ ᠠᠷᠭᠠᠴᠠᠬᠤ ᠭᠡᠨᠡᠳᠲᠡ ᠶᠢᠨ ᠬᠡᠷᠡᠭ ᠢ ᠰᠢᠢᠳᠪᠦᠷᠢᠯᠡᠬᠦ ᠪᠣᠯᠪᠠᠰᠤᠷᠠᠯ ᠢ ᠪᠠᠶᠢᠩᠭᠤᠵᠢᠭᠤᠯᠤᠨ ᠥᠷᠨᠢᠭᠦᠯᠵᠦ᠂ ᠭᠡᠨᠡᠳᠲᠡ ᠶᠢᠨ ᠬᠡᠷᠡᠭ ᠢ ᠰᠢᠢᠳᠪᠦᠷᠢᠯᠡᠬᠦ ᠴᠢᠳᠠᠪᠤᠷᠢ ᠶᠢᠨ ᠬᠢᠷᠢ ᠬᠡᠮᠵᠢᠶ᠎ᠡ ᠶᠢ ᠦᠨᠡᠨᠬᠦ ᠳᠡᠭᠡᠭᠰᠢᠯᠡᠭᠦᠯᠬᠦ ᠬᠡᠷᠡᠭᠲᠡᠢ᠃ ᠤᠳᠤᠷᠢᠳᠬᠤ ᠺᠠᠳ᠋ᠷ ᠡᠭᠡᠯᠵᠢ ᠳᠠᠭᠠᠭᠤᠯᠬᠤ᠂ ᠵᠠᠩᠭᠢᠯᠠᠭ᠎ᠠ ᠶᠢᠨ ᠠᠵᠢᠯ ᠤᠨ ᠪᠠᠶᠢᠷᠢ ᠳᠤ 24 ᠴᠠᠭ ᠢᠶᠠᠷ ᠵᠢᠵᠢᠭᠦᠷᠯᠡᠬᠦ ᠳᠦᠷᠢᠮ ᠢ ᠴᠢᠩᠭ᠎ᠠ ᠬᠡᠷᠡᠭᠵᠢᠭᠦᠯᠵᠦ᠂ ᠭᠡᠨᠡᠳᠲᠡ ᠶᠢᠨ ᠪᠠᠴᠢᠮ ᠪᠠᠶᠢᠳᠠᠯ ᠲᠣᠬᠢᠶᠠᠯᠳᠤᠪᠠᠯ ᠲᠦᠷᠭᠡᠨ ᠪᠥᠭᠡᠳ ᠣᠨᠣᠪᠴᠢᠲᠠᠢ ᠪᠠᠷ ᠳᠡᠭᠡᠭᠰᠢ ᠮᠡᠳᠡᠭᠦᠯᠵᠦ᠂ ᠲᠡᠷᠡ ᠳᠠᠷᠤᠢ ᠳᠤᠨᠢ ᠰᠢᠢᠳᠪᠦᠷᠢᠯᠡᠵᠦ᠂ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠦᠬᠦ ᠬᠦᠴᠦᠨ ᠢᠶᠠᠷ ᠢᠶᠠᠨ ᠨᠢᠭᠲᠠ ᠰᠦᠯᠵᠢᠬᠦ ᠬᠡᠷᠡᠭᠲᠡᠢ᠃      ᠢᠷᠡᠯᠲᠡ᠄ ᠬᠤᠲᠣᠩ ᠠᠷᠠᠳ ᠤᠨ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠰᠦᠯᠵᠢᠶ᠎ᠡ
 
ᠢᠷᠡᠯᠲᠡ᠄ ᠬᠤᠲᠤᠩ ᠠᠷᠠᠳ ᠤᠨ ᠲᠣᠭᠤᠷᠢᠭ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号