ᠤᠮᠠᠷᠠᠲᠤ ᠬᠢᠯᠢ ᠶᠢᠨ ᠤᠯᠠ ᠮᠥᠷ︱ᠳᠤᠮᠳᠠᠳᠤ ᠶᠢᠨ ᠪᠣᠯᠪᠠᠰᠤᠨ ᠤ ᠲᠣᠪᠣᠶᠢᠮ᠎ᠠ ᠥᠪᠡᠷᠮᠢᠴᠡ ᠴᠢᠨᠠᠷ ᠤᠨ ᠦᠵᠡᠭᠦᠯᠭᠡ
ᠨᠡᠶᠢᠲᠡᠯᠡᠭᠰᠡᠨ ᠴᠠᠭ᠄
2024/1/3
      ︵ᠥᠪᠥᠷ ᠮᠣᠩᠭᠤᠯ ᠤᠨ ᠡᠳᠦᠷ ᠤᠨ ᠰᠣᠨᠢᠨ ᠤ ᠮᠡᠳᠡᠭᠡ︶ 1 ᠰᠠᠷ᠎ᠠ ᠶᠢᠨ 1 ᠤ ᠡᠳᠦᠷ᠂ ︽ᠤᠮᠠᠷᠠᠲᠤ ᠬᠢᠯᠢ ᠶᠢᠨ ᠤᠯᠠ ᠮᠥᠷ︱ ᠳᠤᠮᠳᠠᠳᠤ ᠶᠢᠨ ᠪᠣᠯᠪᠠᠰᠤᠨ ᠤ ᠲᠣᠪᠣᠶᠢᠮ᠎ᠠ ᠥᠪᠡᠷᠮᠢᠴᠡ ᠴᠢᠨᠠᠷ ᠤᠨ ᠦᠵᠡᠭᠦᠯᠭᠡ︾ ᠥᠪᠥᠷ ᠮᠣᠩᠭᠤᠯ ᠮᠦᠽᠧᠢ ᠳᠤ ᠡᠬᠢᠯᠡᠵᠦ᠂ 2 ᠰᠠᠷ᠎ᠠ ᠶᠢᠨ ᠬᠤᠭᠤᠴᠠᠭ᠎ᠠ ᠲᠠᠢ ᠶᠠᠪᠤᠭᠳᠠᠬᠤ ᠪᠣᠯᠣᠨ᠎ᠠ᠃ ᠦᠵᠡᠭᠦᠯᠭᠡ  ᠨᠢ ᠬᠠᠲᠤᠨ ᠭᠤᠣᠯ ᠤᠨ ᠰᠠᠪᠠ ᠭᠠᠵᠠᠷ᠂ ᠪᠠᠷᠠᠭᠤᠨ ᠯᠢᠶᠣᠤᠾᠧ ᠭᠤᠣᠯ ᠤᠨ ᠰᠠᠪᠠ ᠭᠠᠵᠠᠷ᠂ ᠤᠷᠲᠤ ᠴᠠᠭᠠᠨ ᠬᠡᠷᠡᠮ ᠳᠠᠭᠠᠤ ᠶᠢᠨ ᠲᠡᠦᠬᠡ ᠶᠢᠨ ᠦᠯᠡᠳᠡᠭᠳᠡᠯ ᠪᠠ ᠲᠡᠦᠬᠡ ᠶᠢᠨ ᠳᠤᠷᠠᠰᠬᠠᠯᠲᠤ ᠦᠢᠯᠡᠰ ᠤᠨ ᠡᠬᠢ ᠪᠠᠶᠠᠯᠢᠭ ᠲᠤ ᠠᠩᠬᠠᠷᠤᠯ ᠢᠶᠠᠨ ᠲᠥᠪᠯᠡᠷᠡᠭᠦᠯᠵᠦ᠂ ᠣᠷᠣᠨ ᠤ ᠳᠣᠲᠣᠨ᠎ᠠ ᠭᠠᠳᠠᠨᠠᠬᠢ 12 ᠰᠣᠶᠣᠯ ᠦᠵᠡᠰᠬᠦᠯᠡᠩ ᠤᠨ ᠨᠢᠭᠡᠴᠢ ᠶᠢᠨ 374 ᠲᠡᠦᠬᠡ ᠶᠢᠨ ᠳᠤᠷᠠᠰᠬᠠᠯᠲᠤ ᠵᠦᠢᠯᠡᠰ ᠢ ᠴᠤᠭᠯᠠᠷᠠᠭᠤᠯᠤᠨ᠂ ᠠᠷᠠᠳ ᠣᠯᠠᠨ ᠳᠤ ᠡᠯᠪᠡᠭ ᠪᠠᠶᠠᠯᠢᠭ ᠠᠭᠤᠯᠭ᠎ᠠ ᠪᠦᠬᠦᠢ ᠰᠢᠨ᠎ᠡ ᠵᠢᠯ ᠪᠡᠯᠡᠭ ᠬᠦᠷᠭᠡᠭᠰᠡᠨ ᠪᠠᠶᠢᠨ᠎ᠠ᠃ ᠵᠢᠷᠤᠭ ᠪᠣᠯ 1 ᠰᠠᠷ᠎ᠠ ᠶᠢᠨ 1 ᠤ ᠡᠳᠦᠷ᠂ ᠦᠵᠡᠭᠴᠢᠳ ᠥᠪᠥᠷ ᠮᠣᠩᠭᠤᠯ ᠮᠦᠽᠧᠢ ᠳᠤ ︽ᠤᠮᠠᠷᠠᠲᠤ ᠬᠢᠯᠢ ᠶᠢᠨ ᠤᠯᠠ ᠮᠥᠷ - ᠳᠤᠮᠳᠠᠳᠤ ᠶᠢᠨ ᠪᠣᠯᠪᠠᠰᠤᠨ ᠤ ᠲᠣᠪᠣᠶᠢᠮ᠎ᠠ ᠥᠪᠡᠷᠮᠢᠴᠡ ᠴᠢᠨᠠᠷ ᠤᠨ ᠦᠵᠡᠭᠦᠯᠭᠡ︾ ᠶᠢ ᠲᠣᠭᠤᠷᠢᠨ ᠦᠵᠡᠵᠦ ᠪᠠᠶᠢᠭ᠎ᠠ ᠨᠢ᠃ ᠰᠤᠷᠪᠤᠯᠵᠢᠯᠠᠭᠴᠢ ᠸᠠᠩ ᠯᠧᠢ ᠰᠡᠭᠦᠳᠡᠷᠯᠡᠪᠡ
 
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号