ᠬᠤᠲᠣᠩ ᠠᠷᠠᠳ ᠤᠨ ᠲᠣᠭᠤᠷᠢᠭ ᠤᠨ ᠬᠢᠨ ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ ᠢ ᠪᠦᠬᠦ ᠲᠠᠯ᠎ᠠ ᠪᠠᠷ ᠳᠠᠶᠢᠴᠢᠯᠠᠵᠤ ᠴᠠᠰᠤ ᠮᠥᠰᠥ ᠶᠢ ᠠᠷᠢᠯᠭᠠᠬᠤ ᠠᠵᠢᠯᠯᠠᠭ᠎ᠠ ᠶᠢ ᠲᠥᠪᠯᠡᠷᠡᠭᠦᠯᠦᠨ ᠥᠷᠨᠢᠭᠦᠯᠵᠡᠢ
ᠨᠡᠶᠢᠲᠡᠯᠡᠭᠰᠡᠨ ᠴᠠᠭ᠄
2024/1/30
      ᠬᠠᠷᠢᠶᠠᠲᠤ ᠣᠷᠣᠨ ᠤ ᠰᠠᠭᠤᠭᠠᠯᠢ ᠠᠷᠠᠳ ᠤᠨ ᠠᠮᠤᠷ ᠲᠦᠪᠰᠢᠨ ᠢ ᠪᠠᠲᠤᠯᠠᠬᠤ ᠶᠢᠨ ᠲᠥᠯᠥᠭᠡ᠂ 1 ᠰᠠᠷ᠎ᠠ ᠶᠢᠨ 27 ᠤ ᠡᠳᠦᠷ ᠤᠨ ᠦᠳᠡ ᠶᠢᠨ ᠬᠤᠶᠢᠨ᠎ᠠ᠂ ᠬᠤᠲᠣᠩ ᠠᠷᠠᠳ ᠤᠨ ᠲᠣᠭᠤᠷᠢᠭ ᠤᠨ ᠬᠢᠨ ᠲᠣᠭᠤᠷᠢᠭ ᠤᠨ ᠬᠠᠷᠢᠶ᠎ᠠ ᠰᠠᠯᠠᠭ᠎ᠠ ᠮᠥᠴᠢᠷ ᠨᠢᠭᠡᠴᠢ ᠶᠢᠨ 2300 ᠭᠠᠷᠤᠢ ᠨᠠᠮ ᠤᠨ ᠭᠡᠰᠢᠭᠦᠨ ᠺᠠᠳ᠋ᠷ᠂ 1739 ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠴᠢᠨ ᠢ ᠵᠣᠬᠢᠶᠠᠨ ᠪᠠᠶᠢᠭᠤᠯᠵᠤ᠂ ᠬᠤᠰᠤᠭᠤᠷ ᠲᠡᠷᠭᠡ ᠪᠠ ᠴᠡᠪᠡᠷᠯᠡᠨ ᠵᠥᠭᠡᠭᠡᠪᠦᠷᠢᠯᠡᠬᠦ ᠲᠡᠷᠭᠡ 86 ᠰᠠᠤᠷᠢ ︵ᠤᠳᠠᠭ᠎ᠠ︶ ᠶᠢ ᠬᠥᠳᠡᠯᠭᠡᠵᠦ᠂ ᠨᠡᠶᠢᠭᠡᠮ ᠲᠣᠭᠤᠷᠢᠭ᠂ ᠬᠤᠷᠢᠶᠠᠯᠠᠯ ᠳᠤ ᠭᠦᠨᠵᠡᠭᠡᠶᠢᠷᠡᠵᠦ᠂ ᠬᠤᠷᠠᠭᠰᠠᠨ ᠴᠠᠰᠤ ᠶᠢ ᠴᠡᠪᠡᠷᠯᠡᠬᠦ᠂ ᠮᠥᠰᠥ ᠶᠢ ᠠᠷᠢᠯᠭᠠᠬᠤ ᠵᠡᠷᠭᠡ ᠠᠵᠢᠯ ᠢ ᠲᠥᠪᠯᠡᠷᠡᠭᠦᠯᠦᠨ ᠥᠷᠨᠢᠭᠦᠯᠵᠦ᠂ ᠶᠠᠪᠠᠭᠠᠨ ᠬᠥᠮᠥᠨ ᠤ ᠵᠠᠮ᠂ ᠵᠡᠭᠡᠯᠢ ᠭᠤᠳᠤᠮᠵᠢ᠂ ᠬᠤᠷᠢᠶᠠᠯᠠᠯ ᠤᠨ ᠳᠣᠲᠣᠭᠠᠳᠤ ᠶᠢᠨ ᠵᠠᠮ ᠤᠨ ᠠᠮᠤᠷ ᠲᠦᠪᠰᠢᠨ ᠰᠠᠭᠠᠳ ᠦᠭᠡᠢ ᠨᠡᠪᠲᠡᠷᠡᠬᠦ ᠶᠢ ᠪᠦᠲᠦᠮᠵᠢᠲᠡᠢ ᠪᠠᠲᠤᠯᠠᠵᠤ᠂ ᠪᠣᠳᠠᠲᠤ ᠠᠵᠢᠯᠯᠠᠭ᠎ᠠ ᠪᠠᠷ ᠢᠶᠠᠨ ᠬᠤᠳᠠ ᠶᠢᠨ ᠠᠷᠠᠳ ᠤᠨ ᠠᠮᠤᠷ ᠲᠦᠪᠰᠢᠨ ᠢᠶᠠᠷ ᠠᠶᠠᠯᠠᠬᠤ ᠶᠢ ᠬᠠᠮᠠᠭᠠᠯᠠᠪᠠ᠃      ᠢᠷᠡᠯᠲᠡ᠄ ᠬᠤᠲᠣᠩ ᠠᠷᠠᠳ ᠤᠨ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠰᠦᠯᠵᠢᠶ᠎ᠡ
 
ᠢᠷᠡᠯᠲᠡ᠄ ᠬᠤᠲᠤᠩ ᠠᠷᠠᠳ ᠤᠨ ᠲᠣᠭᠤᠷᠢᠭ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号