ᠬᠤᠲᠣᠩ ᠠᠷᠠᠳ ᠤᠨ ᠲᠣᠭᠤᠷᠢᠭ ᠤᠨ ᠤᠰᠤᠲᠤ ᠶᠢᠨ ᠬᠦᠢᠯᠡᠰᠦᠨ ᠴᠡᠴᠡᠭᠲᠦ ᠬᠥᠨᠳᠡᠢ ᠶᠢᠨ ᠦᠵᠡᠮᠵᠢ ᠶᠢᠨ ᠣᠷᠣᠨ ᠡᠭᠦᠳᠡ ᠪᠠᠨ ᠨᠡᠭᠡᠭᠡᠵᠡᠢ
ᠨᠡᠶᠢᠲᠡᠯᠡᠭᠰᠡᠨ ᠴᠠᠭ᠄
2024/1/31
      1 ᠰᠠᠷ᠎ᠠ ᠶᠢᠨ 28 ᠤ ᠡᠳᠦᠷ᠂ ᠬᠤᠲᠣᠩ ᠠᠷᠠᠳ ᠤᠨ ᠲᠣᠭᠤᠷᠢᠭ ᠤᠨ ᠤᠰᠤᠲᠤ ᠶᠢᠨ ᠬᠦᠢᠯᠡᠰᠦᠨ ᠴᠡᠴᠡᠭᠲᠦ ᠬᠥᠨᠳᠡᠢ ᠶᠢᠨ ᠦᠵᠡᠮᠵᠢ ᠶᠢᠨ ᠣᠷᠣᠨ ᠳᠤ ᠴᠡᠴᠡᠷᠯᠢᠭ ᠨᠡᠭᠡᠭᠡᠬᠦ ᠶᠣᠰᠣᠯᠠᠯ ᠶᠠᠪᠤᠭᠤᠯᠪᠠ᠃
     ᠤᠯᠤᠰ ᠤᠨ 3A ᠦᠵᠡᠮᠵᠢ ᠶᠢᠨ ᠣᠷᠣᠨ᠂ ᠪᠥᠬᠦ ᠤᠯᠤᠰ ᠤᠨ ᠬᠠᠮᠤᠭ ᠤᠨ ᠭᠤᠶᠣ ᠡᠷᠲᠡᠨ ᠤ ᠬᠦᠢᠯᠡᠰᠦᠨ ᠮᠣᠳᠣᠨ ᠤ ᠰᠦᠷᠦᠭ ︱ ᠬᠤᠲᠣᠩ ᠠᠷᠠᠳ ᠤᠨ ᠲᠣᠭᠤᠷᠢᠭ ᠤᠨ ᠤᠰᠤᠲᠤ ᠶᠢᠨ ᠬᠦᠢᠯᠡᠰᠦᠨ ᠴᠡᠴᠡᠭᠲᠦ ᠬᠥᠨᠳᠡᠢ ᠬᠡᠳᠦᠨ ᠰᠠᠷ᠎ᠠ ᠶᠢᠨ ᠨᠠᠷᠢᠯᠢᠭ ᠵᠠᠰᠠᠯᠲᠠ ᠪᠠᠷ ᠳᠡᠮᠵᠢᠨ᠂ ᠥᠷᠭᠡᠨ ᠣᠯᠠᠨ ᠵᠤᠭᠠᠴᠠᠭᠰᠠᠳ ᠤᠨ ᠬᠦᠰᠡᠯ ᠡᠷᠡᠮᠡᠯᠵᠡᠯ ᠤᠨ ᠳᠤᠮᠳᠠ᠂ ᠴᠡᠴᠡᠷᠯᠢᠭ ᠢᠶᠠᠨ ᠨᠡᠭᠡᠭᠡᠨ ᠵᠣᠴᠢᠳ ᠢ ᠤᠭᠲᠤᠵᠠᠢ᠃ ᠡᠪᠦᠯ ᠤᠨ ᠤᠯᠠᠷᠢᠯ ᠤᠨ ᠤᠰᠤᠲᠤ ᠶᠢᠨ ᠬᠦᠢᠯᠡᠰᠦᠨ ᠴᠡᠴᠡᠭᠲᠦ ᠬᠥᠨᠳᠡᠢ ᠨᠢ ᠲᠤᠶᠢᠯ ᠤᠨ ᠭᠤᠶᠣ ᠰᠠᠶᠢᠬᠠᠨ ᠪᠠᠶᠢᠵᠤ᠂ ᠬᠠᠳᠠᠭᠰᠠᠨ ᠮᠣᠳᠣᠨ ᠰᠠᠯᠠᠭᠠᠨ ᠳᠡᠭᠡᠷ᠎ᠡ ᠨᠢ ᠬᠤᠨᠳᠠᠨ ᠥᠩᠭᠡ ᠶᠢᠨ ᠴᠡᠴᠡᠭ ᠬᠠᠳᠬᠤᠨ᠂ ᠶᠠᠭ ᠯᠠ ᠨᠢᠭᠡ ᠯᠡ ᠰᠥᠨᠢ ᠶᠢᠨ ᠬᠤᠭᠤᠷᠣᠨᠳᠤ ᠬᠠᠪᠤᠷ ᠲᠠᠭᠠᠨ ᠪᠤᠴᠠᠵᠤ ᠢᠷᠡᠭᠰᠡᠨ ᠰᠢᠭ ᠪᠠᠶᠢᠳᠠᠭ᠃ ᠬᠤᠳᠠ ᠶᠢᠨ ᠠᠷᠠᠳ ᠮᠠ ᠴᠦᠨ ᠰᠢᠶᠠ ᠠᠪᠤ ᠡᠵᠢ ᠪᠠᠨ ᠳᠠᠭᠠᠭᠤᠯᠤᠨ ᠴᠡᠴᠡᠷᠯᠢᠭ ᠲᠤ ᠵᠤᠭᠠᠴᠠᠵᠤ᠂ ᠴᠡᠴᠡᠭ ᠤᠨ ᠦᠷᠦᠭᠡ ᠪᠠᠷ ᠵᠤᠭᠠᠴᠠᠵᠤ᠂ ᠨᠠᠷᠢᠨ ᠬᠢᠨᠠᠮᠠᠭᠠᠢ ᠰᠣᠨᠢᠷᠬᠠᠬᠤ ᠶᠢᠨ ᠬᠠᠮᠲᠤ ᠭᠠᠷ ᠤᠲᠠᠰᠤ ᠪᠠᠷ ᠢᠶᠠᠨ ᠰᠡᠭᠦᠳᠡᠷ ᠲᠠᠲᠠᠵᠤ ᠳᠤᠷᠠᠰᠬᠠᠯ ᠦᠯᠡᠳᠡᠭᠡᠵᠡᠢ᠃
     ᠦᠵᠡᠮᠵᠢ ᠶᠢᠨ ᠣᠷᠣᠨ ᠳᠤ ᠡᠷᠲᠡᠨ ᠤ ᠬᠦᠢᠯᠡᠰᠦᠨ ᠮᠣᠳᠣᠨ ᠤ ᠰᠦᠷᠦᠭ ᠢᠶᠠᠷ ᠪᠡᠯᠭᠡ ᠲᠡᠮᠳᠡᠭ ᠪᠣᠯᠭᠠᠭᠰᠠᠨ ᠬᠥᠳᠡᠭᠡ ᠨᠤᠲᠤᠭ ᠤᠨ ᠥᠩᠭᠡ ᠦᠵᠡᠮᠵᠢ ᠥᠪᠡᠷᠮᠢᠴᠡ ᠣᠨᠴᠠᠯᠢᠭ ᠲᠠᠢ᠂ ᠡᠪᠦᠯ ᠤᠨ ᠤᠯᠠᠷᠢᠯ ᠤᠨ ᠬᠦᠢᠯᠡᠰᠦᠨ ᠴᠡᠴᠡᠭ ᠤᠨ ᠶᠡᠭᠡ ᠵᠠᠮ᠂ ᠴᠡᠴᠡᠭ ᠤᠨ ᠳ᠋ᠧᠩ ᠤᠨ ᠦᠵᠡᠭᠦᠯᠦᠯᠭᠡ᠂ ᠮᠥᠰᠥ ᠴᠠᠰᠤᠨ ᠤ ᠮᠣᠳᠣᠨ ᠤ ᠡᠯᠭᠦᠭᠡ ᠁ ᠁ ᠣᠷᠭᠠᠨᠢᠭ ᠢᠶᠠᠷ ᠨᠡᠶᠢᠯᠡᠵᠦ᠂ ᠬᠠᠷᠢᠯᠴᠠᠨ ᠲᠤᠰᠬᠠᠨ᠂ ᠬᠥᠳᠡᠭᠡ ᠨᠤᠲᠤᠭ ᠤᠨ ᠥᠪᠡᠷᠮᠢᠴᠡ ᠣᠨᠴᠠᠯᠢᠭ ᠲᠠᠢ ᠬᠥᠭ ᠠᠶᠠᠰ ᠢᠶᠠᠨ ᠳᠡᠯᠭᠡᠨ ᠦᠵᠡᠭᠦᠯᠵᠦ ᠪᠠᠶᠢᠳᠠᠭ᠃ ᠦᠵᠡᠮᠵᠢ ᠶᠢᠨ ᠣᠷᠣᠨ ᠳᠤ ᠡᠪᠦᠯ ᠤᠨ ᠤᠯᠠᠷᠢᠯ ᠤᠨ ᠣᠨᠴᠠᠯᠢᠭᠲᠤ ᠠᠮᠲᠠᠲᠤ ᠢᠳᠡᠭᠡᠨ ᠪᠠ ᠳᠤᠮᠳᠠᠳᠤ ᠶᠢᠨ ᠤᠯᠠᠮᠵᠢᠯᠠᠯᠲᠤ ᠬᠤᠷᠰᠢᠯᠴᠠᠬᠤ ᠲᠣᠭᠯᠠᠭᠠᠮ ᠢ ᠪᠡᠯᠡᠳᠬᠡᠵᠦ᠂ ᠵᠤᠭᠠᠴᠠᠭᠰᠠᠳ  ᠤᠨ ᠵᠤᠭᠠᠴᠠᠯ ᠳᠤ ᠲᠣᠯᠢ ᠪᠣᠯᠭᠠᠬᠤ ᠪᠠᠷ ᠪᠣᠯᠪᠠ᠃
     ᠠᠳᠡ ᠢᠷᠡᠬᠦ ᠳᠤ᠂ ᠴᠠᠪ ᠴᠠᠭᠠᠨ ᠴᠠᠰᠤᠨ ᠯᠠᠪᠰᠠ ᠨᠢ ᠤᠯᠠᠭᠠᠨ ᠴᠡᠴᠡᠭ ᠤᠨ ᠳᠡᠭᠡᠷ᠎ᠡ ᠲᠤᠰᠴᠤ᠂ ᠰᠢᠯᠦᠭ ᠵᠢᠷᠤᠭ ᠮᠡᠲᠦ ᠤᠷᠠᠨ ᠨᠠᠷᠢᠯᠢᠭ ᠪᠠᠶᠢᠵᠤ᠂ ᠤᠰᠤᠲᠤ ᠶᠢᠨ ᠪᠠᠶᠢᠭᠠᠯᠢ ᠶᠢᠨ ᠥᠩᠭᠡ ᠦᠵᠡᠮᠵᠢ ᠪᠠ ᠬᠥᠮᠥᠨ ᠰᠣᠶᠣᠯ ᠤᠨ ᠠᠭᠤᠯᠬᠤᠨ ᠢ ᠮᠡᠳᠡᠷᠡᠨ᠎ᠡ᠃ ᠪᠢᠴᠢᠬᠠᠨ ᠨᠠᠶᠢᠵᠠ ᠨᠠᠷ ᠤᠨ ᠬᠤᠲᠣᠩ ᠠᠷᠠᠳ ᠤᠨ ᠲᠣᠭᠤᠷᠢᠭ ᠤᠨ ᠤᠰᠤᠲᠤ ᠶᠢᠨ ᠬᠦᠢᠯᠡᠰᠦᠨ ᠴᠡᠴᠡᠭᠲᠦ ᠬᠥᠨᠳᠡᠢ ᠳᠤ ᠬᠦᠷᠴᠦ ᠴᠠᠰᠤ ᠰᠣᠨᠢᠷᠬᠠᠵᠤ᠂ ᠳ᠋ᠧᠩ ᠰᠣᠨᠢᠷᠬᠠᠵᠤ᠂ ᠬᠦᠢᠯᠡᠰᠦᠨ ᠬᠦᠷᠢᠶᠡᠯᠡᠩ ᠢᠶᠠᠷ ᠵᠤᠭᠠᠴᠠᠬᠤ ᠶᠢ ᠪᠠᠶᠠᠷᠯᠠᠨ ᠤᠭᠲᠤᠵᠤ ᠪᠠᠶᠢᠨ᠎ᠠ᠃      ᠢᠷᠡᠯᠲᠡ᠄ ᠬᠤᠲᠣᠩ ᠠᠷᠠᠳ ᠤᠨ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠰᠦᠯᠵᠢᠶ᠎ᠡ
 
ᠢᠷᠡᠯᠲᠡ᠄ ᠬᠤᠲᠤᠩ ᠠᠷᠠᠳ ᠤᠨ ᠲᠣᠭᠤᠷᠢᠭ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号