6 ᠲᠦᠮᠡᠨ ᠣᠶᠤᠲᠠᠨ ᠳᠤ ᠠᠵᠢᠯ ᠣᠯᠭᠤᠬᠤ ᠪᠠᠷ ᠴᠢᠷᠮᠠᠶᠢᠨ᠎ᠠ
ᠨᠡᠶᠢᠲᠡᠯᠡᠭᠰᠡᠨ ᠴᠠᠭ᠄
2024/1/5
      1 ᠰᠠᠷ᠎ᠠ ᠶᠢᠨ 2 ᠤᠨ ᠡᠳᠦᠷ᠂ ᠭᠦᠭᠡᠬᠤᠲᠠ ᠶᠢᠨ ᠠᠷᠠᠳ ᠤᠨ ᠵᠠᠰᠠᠭ ᠤᠨ ᠣᠷᠳᠣᠨ ︽2024 ᠣᠨ ᠤ ︿ᠲᠠᠪᠤᠨ ᠲᠦᠮᠡᠨ ᠣᠶᠤᠲᠠᠨ ᠢ ᠭᠦᠭᠡᠬᠤᠲᠠ ᠳᠤ ᠦᠯᠡᠳᠡᠭᠡᠬᠦ﹀ ᠲᠤᠰᠬᠠᠢ ᠠᠵᠢᠯᠯᠠᠭ᠎ᠠ ᠶᠢᠨ ᠬᠡᠷᠡᠭᠵᠢᠭᠦᠯᠬᠦ ᠲᠥᠰᠥᠯ︾ ︵ᠳᠣᠷᠣᠭᠰᠢ ︽ᠲᠥᠰᠥᠯ︾ ᠭᠡᠵᠦ ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠪᠠ᠃ ᠲᠥᠰᠥᠯ ᠳᠤ ᠭᠤᠣᠯᠳᠠᠭᠤ ᠵᠢᠷᠭᠤᠭᠠᠨ ᠶᠡᠭᠡ ᠠᠵᠤ ᠦᠢᠯᠡᠰ ᠤᠨ ᠪᠦᠯᠦᠭᠯᠡᠯ ᠳᠤ ᠠᠩᠬᠠᠷᠤᠯ ᠢᠶᠠᠨ ᠲᠥᠪᠯᠡᠷᠡᠭᠦᠯᠵᠦ᠂ ᠠᠵᠤ ᠠᠬᠤᠶᠢᠯᠠᠯ ᠤᠨ ᠠᠵᠢᠯᠴᠢᠨ ᠬᠡᠷᠡᠭᠯᠡᠬᠦ᠂ ᠣᠶᠤᠲᠠᠳ ᠤᠨ ᠠᠵᠢᠯ ᠣᠯᠬᠤ ᠪᠠ ᠠᠳᠠᠯ ᠦᠢᠯᠡᠰ ᠴᠣᠭᠴᠠᠯᠠᠬᠤ ᠵᠡᠷᠭᠡ ᠲᠠᠯ᠎ᠠ ᠪᠠᠷ ᠨᠠᠷᠢᠯᠢᠭ ᠣᠨᠣᠴᠠᠲᠠᠢ ᠪᠠᠷ ᠳᠡᠮᠵᠢᠬᠦ ᠠᠷᠭ᠎ᠠ ᠬᠡᠮᠵᠢᠶ᠎ᠡ ᠲᠣᠭᠲᠠᠭᠠᠵᠤ᠂ ᠪᠦᠭᠦ ᠵᠢᠯ ᠳᠤ ᠪᠠᠭ᠎ᠠ ᠳᠠᠭᠠᠨ 5 ᠲᠦᠮᠡᠨ ᠬᠥᠮᠥᠨ᠂ ᠴᠢᠳᠠᠪᠠᠯ 6 ᠲᠦᠮᠡᠨ ᠣᠶᠤᠲᠠᠨ ᠢ ᠭᠦᠭᠡᠬᠤᠲᠠ ᠳᠤ ᠢᠷᠡᠭᠦᠯᠵᠦ᠂ ᠭᠦᠭᠡᠬᠤᠲᠠ ᠳᠤ ᠬᠠᠷᠢᠭᠤᠯᠵᠤ᠂ ᠭᠦᠭᠡᠬᠤᠲᠠ ᠳᠤ ᠦᠯᠡᠳᠡᠭᠡᠵᠦ ᠠᠵᠢᠯ ᠣᠯᠭᠤᠨ ᠠᠳᠠᠯ ᠦᠢᠯᠡᠰ ᠴᠣᠭᠴᠠᠯᠠᠭᠤᠯᠤᠨ᠎ᠠ ᠭᠡᠵᠦ ᠳᠤᠷᠠᠳᠤᠨ ᠭᠠᠷᠭᠠᠵᠠᠢ᠃      ᠲᠥᠰᠥᠯ ᠨᠢ ᠠᠵᠢᠯ ᠣᠯᠭᠤᠯᠲᠠ ᠶᠢᠨ ᠬᠠᠷᠠᠯᠲᠠ ᠶᠢᠨ ᠲᠣᠭᠤᠷᠢᠨ ᠳᠤ᠂ ᠣᠶᠤᠲᠠᠳ ᠤᠨ ᠬᠠᠮᠤᠭ ᠠᠴᠠ ᠠᠩᠬᠠᠷᠴᠤ ᠪᠠᠶᠢᠭ᠎ᠠ ᠠᠵᠢᠯ ᠣᠯᠭᠤᠯᠲᠠ ᠶᠢᠨ ᠠᠵᠢᠯ ᠤᠨ ᠪᠠᠶᠢᠷᠢ᠂ ᠤᠷ᠎ᠠ ᠴᠢᠳᠠᠪᠤᠷᠢ ᠶᠢᠨ ᠳᠡᠭᠡᠭᠰᠢᠯᠡᠭᠦᠯᠦᠯᠲᠡ᠂ ᠰᠢᠨ᠎ᠡ ᠶᠢ ᠡᠭᠦᠳᠴᠦ ᠦᠢᠯᠡᠰ ᠴᠣᠭᠴᠠᠯᠠᠬᠤ᠂ ᠠᠮᠤᠭᠤᠯᠠᠩ ᠣᠷᠣᠨ ᠰᠠᠭᠤᠴᠠ ᠶᠢᠨ ᠪᠠᠲᠤᠯᠠᠭ᠎ᠠ ᠵᠡᠷᠭᠡ ᠲᠠᠯ᠎ᠠ ᠠᠴᠠ ᠭᠠᠷᠳᠠᠵᠤ᠂ ︽ᠠᠵᠤ ᠦᠢᠯᠡᠰ ᠤᠨ ᠠᠵᠢᠯ ᠤᠨ ᠪᠠᠶᠢᠷᠢ ᠶᠢ ᠥᠷᠭᠡᠳᠬᠡᠬᠦ︾ ︽ᠦᠢᠯᠡᠰ ᠴᠣᠭᠴᠠᠯᠠᠬᠤ ᠳᠤ ᠲᠤᠰᠠᠯᠠᠬᠤ︾ ︽ᠴᠢᠳᠠᠪᠤᠷᠢᠲᠠᠨ ᠡᠯᠰᠡᠵᠦ ᠤᠬᠠᠭᠠᠨᠲᠠᠨ ᠢ ᠣᠷᠣᠭᠤᠯᠬᠤ︾ ᠵᠡᠷᠭᠡ 8 ᠵᠦᠢᠯ ᠤᠨ ᠠᠵᠢᠯᠯᠠᠭ᠎ᠠ᠂ 22 ᠵᠦᠢᠯ ᠤᠨ ᠠᠷᠭ᠎ᠠ ᠬᠡᠮᠵᠢᠶ᠎ᠡ ᠶᠢ ᠪᠣᠳᠠᠲᠠᠢ ᠬᠡᠷᠡᠭᠵᠢᠭᠦᠯᠦᠨ᠎ᠡ᠃      2024 ᠣᠨ ᠳᠤ᠂ ᠭᠦᠭᠡᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠵᠤ ᠦᠢᠯᠡᠰ ᠤᠨ ᠲᠥᠪᠯᠡᠷᠡᠯ ᠢ ᠦᠷᠭᠦᠯᠵᠢᠯᠡᠨ ᠠᠳᠬᠤᠵᠤ᠂ 1100 ᠠᠴᠠ ᠳᠡᠭᠡᠭᠰᠢ ᠭᠤᠣᠯᠳᠠᠯᠭ᠎ᠠ ᠲᠠᠢ ᠲᠦᠷᠦᠯ ᠵᠦᠢᠯ ᠢ ᠬᠡᠷᠡᠭᠵᠢᠭᠦᠯᠵᠦ᠂ 1500 ᠳ᠋ᠦᠩᠰᠢᠭᠤᠷ ᠲᠥᠭᠦᠷᠢᠭ ᠠᠴᠠ ᠳᠡᠭᠡᠭᠰᠢ ᠪᠡᠯᠡ ᠣᠷᠣᠭᠤᠯᠵᠤ᠂ ᠠᠵᠤ ᠦᠢᠯᠡᠰ ᠢᠶᠠᠷ ᠠᠵᠢᠯ ᠣᠯᠭᠤᠯᠲᠠ ᠶᠢ ᠳᠠᠶᠢᠴᠢᠯᠠᠬᠤ ᠶᠢ ᠭᠦᠢᠴᠡᠳ ᠪᠠᠳᠠᠷᠠᠭᠤᠯᠤᠨ᠎ᠠ᠃ ᠴᠢᠨᠠᠷ ᠰᠠᠶᠢᠲᠠᠢ ᠠᠵᠢᠯ ᠤᠨ ᠪᠠᠶᠢᠷᠢ ᠶᠢ ᠡᠭᠦᠳᠬᠦ ᠲᠠᠯ᠎ᠠ ᠪᠠᠷ᠂ ︽ᠠᠵᠤ ᠦᠢᠯᠡᠰ ᠤᠨ ᠠᠵᠢᠯ ᠤᠨ ᠪᠠᠶᠢᠷᠢ ᠶᠢ ᠥᠷᠭᠡᠳᠬᠡᠬᠦ︾ ᠠᠵᠢᠯᠯᠠᠭ᠎ᠠ ᠶᠢ ᠬᠡᠷᠡᠭᠵᠢᠭᠦᠯᠬᠦ ᠶᠢ ᠳᠤᠷᠠᠳᠤᠨ ᠭᠠᠷᠭᠠᠵᠤ᠂ ᠦᠢᠯᠡᠳᠬᠡᠯ ᠤᠨ ᠦᠢᠯᠡᠰ ᠲᠤ ᠪᠡᠯᠡ ᠣᠷᠣᠭᠤᠯᠬᠤ ᠵᠦᠢᠯᠡᠰ ᠢ 70 ᠠᠴᠠ ᠳᠡᠭᠡᠭᠰᠢ ᠲᠠᠳᠠᠨ ᠠᠪᠴᠢᠷᠠᠵᠤ᠂ ︽ᠲᠤᠰᠬᠠᠢ ᠨᠠᠷᠢᠯᠢᠭ ᠣᠨᠴᠠ ᠰᠢᠨ᠎ᠡ︾᠂ ︽ᠰᠢᠨ᠎ᠡ ᠶᠢ ᠡᠭᠦᠳᠬᠦ ᠭᠡᠯᠪᠡᠷᠢ︾ ᠶᠢᠨ ᠳᠤᠮᠳᠠ ᠪᠠᠭ᠎ᠠ ᠠᠵᠤ ᠠᠬᠤᠶᠢᠯᠠᠯ ᠢ 40 ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠦᠨ᠂ ᠦᠢᠯᠡᠴᠢᠯᠡᠭᠡᠨ ᠤ ᠦᠢᠯᠡᠰ ᠤᠨ ᠴᠢᠬᠤᠯᠠ ᠶᠡᠭᠡ ᠵᠦᠢᠯᠡᠰ ᠢ 30 ᠠᠴᠠ ᠳᠡᠭᠡᠭᠰᠢ ᠪᠦᠲᠦᠭᠡᠨ ᠪᠠᠶᠢᠭᠤᠯᠵᠤ᠂ ᠵᠢᠯ ᠤᠨ ᠳᠣᠲᠣᠷ᠎ᠠ 4.8 ᠲᠦᠮᠡ ᠠᠴᠠ ᠳᠡᠭᠡᠭᠰᠢ ᠬᠥᠮᠥᠨ ᠳᠤ ᠰᠢᠨ᠎ᠡ ᠪᠠᠷ ᠠᠵᠢᠯ ᠣᠯᠭᠤᠬᠤ ᠶᠢ ᠲᠠᠶᠢᠴᠢᠯᠠᠨ᠎ᠠ᠃      ︽ᠠᠵᠢᠯ ᠣᠯᠭᠤᠯᠲᠠ ᠪᠠᠷ ᠠᠵᠤ ᠠᠬᠤᠶᠢᠯᠠᠯ ᠢ ᠳᠡᠮᠵᠢᠬᠦ︾ ︽ᠰᠤᠷᠭᠠᠭᠤᠯᠢ ᠳᠤ ᠬᠦᠷᠴᠦ ᠠᠵᠢᠯ ᠤᠨ ᠪᠠᠶᠢᠷᠢ ᠬᠠᠩᠭᠠᠬᠤ︾ ᠵᠡᠷᠭᠡ ᠠᠵᠢᠯᠯᠠᠭ᠎ᠠ ᠶᠢ ᠬᠡᠷᠡᠭᠵᠢᠭᠦᠯᠬᠦ ᠪᠠᠷ ᠳᠠᠮᠵᠢᠭᠤᠯᠤᠨ᠂ ᠣᠶᠤᠲᠠᠳ ᠤᠨ ᠵᠠᠬ᠎ᠠ ᠳᠡᠯᠭᠡᠭᠦᠷ ᠯᠦᠭᠡ ᠪᠦᠲᠦᠮᠵᠢᠲᠡᠶ ᠵᠣᠯᠭᠠᠯᠳᠤᠬᠤ ᠶᠢ ᠠᠬᠢᠭᠤᠯᠵᠤ᠂ ᠶᠡᠭᠡ ᠳᠡᠭᠡᠳᠦ ᠰᠤᠷᠭᠠᠭᠤᠯᠢ ᠶᠢᠨ ᠠᠵᠢᠯ ᠣᠯᠭᠤᠯᠲᠠ ᠪᠠ ᠠᠵᠤ ᠠᠬᠤᠶᠢᠯᠠᠯ ᠤᠨ ᠠᠵᠢᠯᠴᠢᠨ ᠬᠡᠷᠡᠭᠯᠡᠬᠦ ᠶᠢᠨ ︽ᠬᠤᠣᠰ ᠪᠠᠲᠤᠯᠠᠭ᠎ᠠ︾ ᠶᠢ ᠪᠡᠶᠡᠯᠡᠭᠦᠯᠵᠦ᠂ ᠣᠶᠤᠲᠠᠳ ᠲᠤ ᠪᠡᠶ᠎ᠡ ᠳᠤᠨᠢ ᠲᠣᠬᠢᠷᠠᠭᠤᠯᠤᠨ ᠲᠣᠭᠲᠠᠭᠠᠭᠰᠠᠨ ᠦᠢᠯᠡᠴᠢᠯᠡᠭᠡ ᠬᠠᠩᠭᠠᠨ᠎ᠠ᠃      ᠪᠠᠲᠤᠯᠠᠭ᠎ᠠ ᠶᠢᠨ ᠠᠵᠢᠯ ᠤᠨ ᠲᠠᠯ᠎ᠠ ᠪᠠᠷ᠂ ᠭᠦᠭᠡᠬᠤᠲᠠ ᠶᠢᠨ ᠬᠢᠨ ᠣᠷᠣᠨ ᠰᠠᠭᠤᠴᠠ ᠶᠢᠨ ᠡᠬᠢ ᠪᠠᠶᠠᠯᠢᠭ ᠤᠨ ᠬᠠᠩᠭᠠᠯᠭ᠎ᠠ ᠶᠢ ᠨᠡᠮᠡᠭᠳᠡᠭᠦᠯᠬᠦ᠂ ᠭᠡᠷ ᠪᠠᠶᠢᠰᠢᠩ ᠲᠦᠷᠢᠶᠡᠰᠦᠯᠡᠬᠦ ᠪᠠ ᠬᠤᠳᠠᠯᠳᠤᠨ ᠠᠪᠬᠤ ᠨᠥᠬᠦᠪᠦᠷᠢ ᠣᠯᠭᠤᠬᠤ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠭᠡᠷ ᠪᠠᠶᠢᠰᠢᠩ ᠲᠦᠷᠢᠶᠡᠰᠦᠯᠡᠬᠦ ᠪᠠ ᠬᠤᠳᠠᠯᠳᠤᠨ ᠠᠪᠬᠤ ᠨᠥᠬᠦᠪᠦᠷᠢ ᠶᠢᠨ ᠬᠡᠪᠴᠢᠶ᠎ᠡ ᠶᠢ ᠥᠷᠭᠡᠳᠬᠡᠬᠦ᠂ ᠬᠦᠷᠢᠶᠡᠯᠡᠩ ᠲᠣᠭᠤᠷᠢᠭ ᠪᠠ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠪᠠᠶᠢᠷᠢ ᠪᠠ ᠨᠡᠶᠢᠲᠡ ᠶᠢᠨ ᠪᠠᠶᠢᠷᠢ ᠲᠣᠬᠢᠷᠠᠭᠤᠯᠤᠨ ᠪᠠᠶᠢᠭᠤᠯᠬᠤ ᠶᠢ ᠵᠣᠷᠢᠭᠵᠢᠭᠤᠯᠬᠤ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠣᠶᠤᠲᠠᠳ ᠢ ᠬᠠᠪᠰᠤᠷᠤᠨ ᠢᠳᠡᠵᠦ ᠡᠮᠦᠰᠬᠦ ᠶᠠᠪᠤᠵᠤ ᠰᠠᠭᠤᠬᠤ ᠶᠢᠨ ︽ᠵᠠᠩᠭᠢᠯᠠᠭ᠎ᠠ ᠶᠢᠨ ᠪᠠᠭ᠎ᠠ ᠶᠠᠪᠤᠳᠠᠯ︾ ᠢ ᠰᠠᠶᠢᠲᠤᠷ ᠰᠢᠢᠳᠪᠦᠷᠢᠯᠡᠵᠦ ᠥᠭᠬᠦ ᠪᠣᠯᠣᠨ᠎ᠠ᠃ ᠲᠥᠰᠥᠯ ᠳᠤ᠂ 2024 ᠣᠨ ᠳᠤ ᠲᠥᠪᠯᠡᠷᠡᠭᠦᠯᠦᠨ ᠰᠢᠨ᠎ᠡ ᠪᠠᠷ ᠪᠠᠶᠢᠭᠤᠯᠬᠤ᠂ ᠠᠵᠤ ᠠᠬᠤᠶᠢᠯᠠᠯ ᠲᠣᠬᠢᠷᠠᠭᠤᠯᠤᠨ ᠪᠠᠶᠢᠭᠤᠯᠬᠤ ᠪᠠ ᠵᠠᠬ᠎ᠠ ᠳᠡᠯᠭᠡᠭᠦᠷ ᠬᠤᠳᠠᠯᠳᠤᠨ ᠠᠪᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠨᠡᠶᠢᠲᠡ ᠶᠢᠨ ᠲᠦᠷᠢᠶᠡᠰᠦᠨ ᠭᠡᠷ ᠪᠠᠶᠢᠰᠢᠩ 2000 ᠢᠵᠢ᠂ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ 3000 ᠢᠵᠢ ᠪᠡᠯᠡ ᠴᠤᠭᠯᠠᠭᠤᠯᠤᠨ ᠪᠠᠶᠢᠭᠤᠯᠤᠨ᠎ᠠ ᠭᠡᠵᠦ ᠲᠣᠳᠣᠷᠬᠠᠢ ᠲᠣᠭᠲᠠᠭᠠᠵᠠᠢ᠃ ᠭᠦᠭᠡᠬᠤᠲᠠ ᠳᠤ ᠭᠡᠷ ᠪᠠᠶᠢᠰᠢᠩ ᠦᠭᠡᠢ ᠵᠠᠯᠠᠭᠤᠴᠤᠳ ᠪᠠ ᠰᠢᠨ᠎ᠡ ᠬᠤᠲᠠ ᠶᠢᠨ ᠠᠷᠠᠳ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠲᠦᠷᠢᠶᠡᠰᠦᠯᠡᠨ ᠰᠠᠭᠤᠬᠤ ᠪᠠᠷ ᠭᠤᠶᠤᠴᠢᠯᠠᠪᠠᠯ᠂ ᠲᠦᠷᠢᠶᠡᠰᠦᠨ ᠮᠥᠩᠭᠦ ᠨᠢ ᠵᠠᠬ᠎ᠠ ᠳᠡᠯᠭᠡᠭᠦᠷ ᠤᠨ ᠦᠨ᠎ᠡ ᠶᠢᠨ 70% ᠠᠴᠠ ᠬᠡᠲᠦᠷᠡᠵᠦ ᠪᠤᠯᠬᠤ ᠦᠭᠡᠢ;ᠭᠡᠷ ᠪᠠᠶᠢᠰᠢᠩ ᠲᠦᠷᠢᠶᠡᠰᠦᠯᠡᠬᠦ ᠪᠠ ᠬᠤᠳᠠᠯᠳᠤᠨ ᠠᠪᠬᠤ ᠨᠥᠬᠦᠪᠦᠷᠢ ᠶᠢᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠬᠢᠨᠠᠬᠤ ᠶᠣᠰᠣᠲᠠᠢ ᠶᠢ ᠨᠢ ᠪᠦᠭᠦᠨ ᠢ ᠬᠢᠨᠠᠨ᠂ ᠣᠯᠭᠤᠬᠤ ᠶᠣᠰᠣᠲᠠᠢ ᠳᠤ ᠨᠢ ᠪᠦᠭᠦᠨ ᠢ ᠣᠯᠭᠤᠵᠤ᠂ ᠡᠳ᠋ᠯᠡᠬᠦ ᠶᠣᠰᠣᠲᠠᠢ ᠳᠤ ᠨᠢ ᠪᠦᠭᠦᠨ ᠢ ᠡᠳ᠋ᠯᠡᠭᠦᠯᠭᠦ ᠶᠢ ᠪᠡᠶᠡᠯᠡᠭᠦᠯᠦᠨ᠎ᠡ᠃ ᠡᠭᠦᠨ ᠠᠴᠠ ᠭᠠᠳᠠᠨ᠎ᠠ᠂ ᠲᠥᠰᠥᠯ ᠳᠤ ᠪᠠᠰᠠ ᠬᠦᠷᠢᠶᠡᠯᠡᠩ ᠲᠣᠭᠤᠷᠢᠭ᠂ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠪᠠᠶᠢᠷᠢ᠂ ᠴᠢᠳᠠᠪᠤᠷᠢᠲᠠᠨ ᠤ ᠨᠡᠶᠢᠲᠡ ᠶᠢᠨ ᠪᠠᠶᠢᠷᠢ ᠵᠡᠷᠭᠡ ᠢᠵᠢ ᠪᠦᠷᠢᠳᠦᠭᠦᠯᠬᠦ ᠲᠥᠬᠦᠭᠡᠷᠦᠮᠵᠢ ᠪᠠᠶᠢᠭᠤᠯᠬᠤ ᠶᠢ ᠵᠣᠷᠢᠭᠵᠢᠭᠤᠯᠵᠠᠢ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号